| 6 ᠰᠠᠷ᠎ᠠ ᠶᠢᠨ27 ᠤ ᠡᠳᠦᠷ ᠤᠨ ᠦᠳᠠ ᠶᠢᠨ ᠡᠮᠦᠨ᠎ᠠ᠂ ᠭᠤᠸᠠᠨ ᠳ᠋ᠢ ᠪᠠᠶᠢᠷᠢᠯᠠᠬᠤ ᠲᠦᠷᠢᠮᠳᠦ ᠪᠠᠭ᠎ᠠ | ᠰᠤᠷᠭᠠᠭᠤᠯᠢ ᠨᠢ ︽ᠬᠤᠪᠢᠰᠬᠠᠯᠳᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠰᠢᠨ᠎ᠠ ᠴᠠᠭ ᠦᠶ᠎ᠠ ᠶᠢᠨ ᠰᠢᠨ᠎ᠠ | ᠬᠦᠮᠦᠨ ᠢ ᠬᠦᠮᠦᠵᠢᠬᠦᠯᠦᠨ᠎ᠠ︾ ᠭᠤᠤᠯ ᠰᠡᠳᠦᠪᠳᠦ ᠠᠷᠪᠠᠨ ᠨᠢᠬᠡᠳᠦᠬᠡᠷ ᠬᠤᠭᠤᠴᠠᠭᠠᠨ ᠤ ᠰᠤᠶᠤᠯ ᠤᠷᠠᠯᠢᠭ ᠤᠨ | ᠨᠠᠶᠢᠷ ᠵᠢᠴᠢ ᠵᠢᠷᠭᠤᠳᠤᠭᠠᠷ ᠤᠳᠠᠭᠠᠨ ᠤ ᠰᠤᠷᠭᠠᠭᠤᠯᠢ ᠶᠢᠨ ᠬᠦᠷᠢᠶᠠᠨ ᠤ ᠨᠤᠮ ᠤᠩᠰᠢᠬᠤ ᠪᠠᠶᠠᠷ ᠤᠨ ᠱᠠᠩᠨᠠᠨ | ᠬᠦᠬᠢᠬᠦᠯᠬᠦ ᠬᠤᠷᠠᠯ ᠢ ᠶᠠᠪᠤᠭᠳᠠᠭᠤᠯᠤᠨ᠂ ᠲᠤᠬᠠᠢ ᠶᠢᠨ ᠲᠠᠯᠠᠪᠤᠷ ᠤᠨ ᠡᠮᠬᠢ ᠵᠢᠷᠤᠮ ᠢ ᠬᠠᠮᠠᠭᠠᠯᠠᠵᠤ᠂ ᠤᠯᠠᠨ | ᠬᠦᠮᠦᠰ ᠤᠨ ᠰᠢᠬᠠᠯᠳᠤᠨ ᠬᠢᠰᠬᠢᠭᠳᠡᠬᠦ ᠠᠳᠡᠯ ᠭᠠᠷᠬᠤ ᠦᠬᠡᠢ ᠪᠠᠶᠢᠬᠤ ᠶᠢ ᠪᠠᠳᠤᠯᠠᠬᠤ ᠪᠠᠷ᠂ ᠭᠤᠸᠠᠨ ᠳ᠋ᠢ | ᠲᠤᠮᠢᠯᠠᠭᠰᠠᠨ ᠰᠠᠯᠪᠤᠷᠢ ᠴᠡᠷᠢᠭ ᠴᠠᠭᠳᠠᠭ᠎ᠠ ᠪᠠᠨ ᠵᠤᠬᠢᠶᠠᠨ ᠪᠠᠶᠢᠭᠤᠯᠵᠤ᠂ ᠲᠤᠰ ᠤᠳᠠᠭᠠᠨ ᠤ ᠠᠵᠢᠯᠯᠠᠭᠠᠨ ᠳᠤ | ᠬᠠᠮᠠᠭᠠᠯᠠᠬᠤ ᠠᠵᠢᠯ ᠢ ᠰᠠᠶᠢᠳᠤᠷ ᠬᠢᠵᠤ ᠡᠬᠦᠷᠬᠡ ᠪᠠᠨ ᠠᠮᠵᠢᠯᠳᠠᠳᠠᠢ ᠪᠡᠶᠡᠯᠡᠬᠦᠯᠪᠡ᠃ | ᠲᠤᠰ ᠤᠳᠠᠭᠠᠨ ᠤ ᠠᠵᠢᠯᠯᠠᠭᠠᠨ ᠤ ᠠᠮᠤᠷ ᠢ ᠬᠠᠮᠠᠭᠠᠯᠠᠬᠤ ᠠᠵᠢᠯ ᠢ ᠦᠨᠡᠩᠬᠦ ᠰᠠᠶᠢᠳᠤᠷ ᠬᠢᠬᠦ ᠶᠢᠨ | ᠲᠦᠯᠦᠬᠡ᠂ ᠲᠤᠮᠢᠯᠠᠭᠰᠠᠨ ᠰᠠᠯᠪᠤᠷᠢ ᠨᠢ ᠨᠠᠷᠢᠯᠢᠭ ᠵᠤᠬᠢᠶᠠᠨ ᠪᠠᠶᠢᠭᠤᠯᠵᠤ᠂ ᠨᠢᠭᠳᠠ ᠪᠠᠶᠢᠷᠢᠯᠠᠭᠤᠯᠤᠨ᠂ ᠴᠡᠷᠢᠭ | ᠴᠠᠭᠳᠠᠭ᠎ᠠ ᠶᠢ ᠵᠤᠬᠢᠶᠠᠨ ᠪᠠᠶᠢᠭᠤᠯᠵᠤ ᠤᠷᠢᠳᠠᠪᠠᠷ ᠪᠡᠯᠡᠳᠬᠡᠨ᠂ ᠪᠦᠬᠦ ᠬᠦᠴᠦᠨ ᠢᠶᠠᠷ ᠬᠡᠮ ᠰᠤᠭᠤᠭ ᠢ ᠠᠷᠢᠯᠭᠠᠨ | ᠠᠮᠤᠷ ᠲᠦᠪᠰᠢᠨ ᠢ ᠪᠠᠳᠤᠯᠠᠪᠠ᠃ ᠴᠠᠭᠳᠠᠭ᠎ᠠ ᠨᠠᠷ ᠠᠴᠠ ᠲᠦᠪ ᠴᠢᠩᠭ᠎ᠠ ᠠᠮᠤᠷ ᠢ ᠬᠠᠮᠠᠭᠠᠯᠠᠬᠤ ᠠᠵᠢᠯ ᠤᠨ | ᠲᠦᠰᠦᠯ ᠤᠨ ᠱᠠᠭᠠᠷᠳᠠᠯᠭ᠎ᠠ ᠶᠤᠰᠤᠭᠠᠷ ᠪᠠᠶᠢᠴᠠᠭᠠᠯᠳᠠ ᠬᠢᠬᠦ ᠶᠢᠨ ᠬᠠᠮᠳᠤ ᠬᠤᠷᠠᠯ ᠤᠨ ᠲᠠᠯᠠᠪᠤᠷ᠂ ᠰᠤᠷᠭᠠᠭᠤᠯᠢ ᠶᠢᠨ | ᠤᠷᠴᠢᠨ ᠲᠤᠭᠤᠷᠢᠨ ᠢ ᠲᠤᠭᠳᠠᠭᠰᠠᠨ ᠴᠠᠭ ᠬᠤᠭᠤᠴᠠᠭ᠎ᠠ ᠦᠬᠡᠢ ᠪᠠᠷ ᠴᠠᠭᠳᠠᠨ ᠪᠠᠶᠢᠴᠠᠭᠠᠵᠤ ᠡᠵᠡᠮᠳᠡᠵᠠᠢ᠃ | ᠲᠤᠰ ᠤᠳᠠᠭᠠᠨ ᠤ ᠠᠮᠤᠷ ᠢ ᠬᠠᠮᠠᠭᠠᠯᠠᠬᠤ ᠠᠵᠢᠯᠯᠠᠭᠠᠨ ᠳᠤ᠂ ᠪᠦᠬᠦ ᠴᠠᠭᠳᠠᠭ᠎ᠠ ᠠᠴᠠ ᠬᠦᠴᠢᠷ ᠪᠡᠷᠬᠡ ᠶᠢ | ᠢᠯᠠᠨ ᠬᠦᠨᠳᠦ ᠡᠬᠦᠷᠬᠡ ᠶᠢ ᠡᠬᠦᠷᠬᠡᠯᠡᠨ᠂ ᠤᠯᠠᠨ ᠲᠦᠮᠡᠨ ᠤ ᠰᠢᠬᠠᠯᠳᠤᠬᠤ ᠵᠡᠷᠬᠡ ᠬᠦᠴᠢᠷᠳᠡᠯ ᠳᠤ ᠵᠤᠷᠢᠭ | ᠪᠠᠳᠠᠷᠠᠩᠭᠤᠢ᠂ ᠵᠦᠪ ᠤᠨᠤᠪᠴᠢᠳᠠᠢ ᠬᠠᠨᠳᠤᠵᠤ᠂ ᠯᠢᠨᠰᠢ ᠰᠢᠶᠠᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠳᠤ | ᠰᠠᠶᠢᠨ ᠰᠠᠶᠢᠬᠠᠨ ᠲᠦᠷᠢ ᠲᠦᠷᠬᠦ ᠶᠢ ᠪᠤᠢ ᠪᠤᠯᠭᠠᠭᠰᠠᠨ ᠪᠠᠶᠢᠨ᠎ᠠ᠃ | |