ᠪᠦᠬᠦ ᠬᠤᠳᠠ ᠶᠢᠨ ᠨᠠᠰᠤᠨ ᠳᠤ ᠦᠯᠦ ᠬᠦᠷᠦᠭᠰᠡᠳ ᠢ ᠬᠠᠮᠭᠠᠯᠠᠬᠤ ᠪᠤᠯᠤᠨ ᠵᠠᠯᠠᠭᠤᠴᠤᠳ ᠪᠠᠭᠠᠴᠤᠳ ᠤᠨ ᠶᠠᠯᠠᠳᠤ ᠠᠵᠢᠯᠯᠠᠭ᠎ᠠ ᠶᠢ ᠣᠷᠢᠳᠴᠢᠯᠠᠨ ᠰᠡᠷᠬᠡᠶᠢᠯᠡᠬᠦ ᠠᠵᠢᠯ ᠢ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-07-03
                      6 ᠰᠠᠷ᠎ᠠ ᠶᠢᠨ25᠎ ᠤ ᠡᠳᠦᠷ᠂ ᠪᠦᠬᠦ ᠬᠤᠳᠠ ᠶᠢᠨ ᠨᠠᠰᠤᠨ ᠳᠤ ᠦᠯᠦ ᠬᠦᠷᠦᠭᠰᠡᠨᠳ ᠢ ᠬᠠᠮᠠᠭᠠᠯᠠᠬᠤ ᠪᠤᠯᠤᠨ ᠵᠠᠯᠠᠭᠤᠴᠤᠳ ᠪᠠᠭᠠᠴᠤᠳ ᠤᠨ ᠶᠠᠯᠠᠳᠤ ᠠᠵᠢᠯᠯᠠᠭ᠎ᠠ ᠶᠢ ᠤᠷᠢᠳᠴᠢᠯᠠᠨ ᠰᠡᠷᠬᠡᠶᠢᠯᠡᠬᠦ ᠠᠵᠢᠯ ᠢ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠯᠢᠨᠰᠢ ᠰᠢᠶᠠᠨ ᠳᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠭᠦᠸᠧ ᠢᠦᠢ ᠹᠧᠩ ᠬᠤᠷᠠᠯ ᠳᠤ ᠰᠠᠭᠠᠳᠠᠬᠤ ᠶᠢᠨ ᠬᠠᠮᠳᠤ ᠶᠠᠷᠢᠶ᠎ᠠ ᠲᠠᠯᠪᠢᠵᠠᠢ᠃ ᠲᠡᠳ᠋ ᠬᠤᠳᠠ ᠶᠢᠨ ᠲᠠᠷᠤᠭ᠎ᠠ ᠱᠧᠩ ᠰᠢᠶᠣᠣ ᠶᠧᠦ ᠬᠤᠷᠠᠯ ᠡᠷᠬᠢᠯᠡᠪᠡ᠃ ᠬᠤᠷᠠᠯ ᠳᠤ ᠤᠷᠤᠯᠴᠠᠭᠰᠠᠳ ᠠᠴᠠ ᠯᠢᠨᠰᠢ ᠰᠢᠶᠠᠨ ᠤ ᠬᠤᠶᠠᠳᠤᠭᠠᠷ ᠲᠤᠮᠳᠠᠳᠤ ᠰᠤᠷᠭᠠᠭᠤᠯᠢ᠂ ᠲᠦᠩ ᠪᠦ᠋ ᠪᠠᠯᠭᠠᠰᠤ ᠶᠢᠨ ᠪᠠᠶᠢᠷᠢᠯᠠᠬᠤ ᠲᠦᠷᠢᠮᠳᠦ ᠪᠠᠭ᠎ᠠ ᠰᠤᠷᠭᠠᠭᠤᠯᠢ ᠳᠤ ᠬᠦᠷᠴᠦ ᠲᠤᠭᠤᠷᠢᠨ ᠦᠵᠡᠵᠤ᠂ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠠᠴᠠ ᠠᠵᠢᠯ ᠤᠨ ᠲᠤᠷᠰᠢᠯᠭ᠎ᠠ ᠪᠠᠨ ᠲᠠᠨᠢᠯᠴᠠᠭᠤᠯᠤᠭᠰᠠᠨ ᠪᠠ ᠤᠪᠤᠷ ᠢᠶᠠᠨ ᠢᠯᠡᠳᠬᠡᠬᠦ ᠦᠬᠡ ᠶᠠᠷᠢᠵᠠᠢ᠃      ᠭᠦᠸᠧ ᠢᠦᠢ ᠹᠧᠩ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠬᠤᠷᠠᠯ ᠨᠢ ᠭᠤᠤᠯᠳᠠᠭᠤ ᠲᠦᠪ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ15 ᠳ᠋ᠤᠭᠠᠷ ᠱᠠᠭᠠᠷᠳᠠᠨ ᠪᠠᠶᠢᠴᠠᠭᠠᠬᠤ ᠲᠤᠭᠤᠶᠢᠯᠠᠩ ᠤᠨᠴᠠᠭᠠᠶᠢᠯᠠᠨ ᡁᠢ ᠱᠦ ᠫᠢᠩ ᠲᠤᠭᠤᠶᠢᠯᠠᠩ ᠤᠨ ᠲᠠᠷᠤᠭ᠎ᠠ ᠶᠢᠨ ᠱᠠᠭᠠᠷᠳᠠᠨ ᠪᠠᠶᠢᠴᠠᠭᠠᠬᠤ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠨ ᠱᠣᠣ ᠴᠦᠨ ᠤ ᠤᠯᠠᠭᠠᠨᠬᠠᠳᠠ ᠳᠤ ᠪᠠᠶᠢᠴᠠᠭᠠᠨ ᠰᠤᠳᠤᠯᠤᠯᠳᠠ ᠬᠢᠬᠦ ᠦᠶᠡᠰ ᠤᠨ ᠱᠠᠭᠠᠷᠳᠠᠨ ᠬᠦᠢᠴᠡᠳᠬᠡᠬᠦ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠮᠠᠨ ᠤ ᠬᠤᠳᠠ ᠶᠢᠨ ᠱᠠᠭᠠᠷᠳᠠᠨ ᠵᠢᠯᠤᠭᠤᠳᠬᠤ ᠬᠠᠷᠢᠭᠤ ᠲᠤᠰᠬᠠᠬᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠲᠧᠯᠸᠢᠰ ᠳ᠋ᠢᠶᠠᠩᠬᠤᠸᠠ ᠬᠤᠷᠠᠯ ᠤᠨ ᠵᠠᠯᠠᠭᠤᠴᠤᠳ ᠪᠠᠭᠠᠴᠤᠳ ᠤᠨ ᠶᠠᠯᠠᠳᠤ ᠠᠵᠢᠯᠯᠠᠭ᠎ᠠ ᠶᠢ ᠣᠷᠢᠳᠴᠢᠯᠠᠨ ᠰᠡᠷᠬᠡᠶᠢᠯᠡᠬᠦ ᠪᠤᠳᠠᠳᠠᠢ ᠪᠠᠶᠢᠷᠢᠯᠠᠭᠤᠯᠤᠯᠳᠠ ᠶᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠵᠤ ᠬᠦᠭᠵᠢᠬᠦ ᠬᠠᠮᠠᠭᠠᠯᠠᠯᠳᠠ ᠶᠢᠨ ᠲᠤᠤᠷ ᠢ ᠪᠠᠬᠢᠵᠡᠬᠦᠯᠦᠨ᠂ ᠤᠯᠠᠭᠠᠨᠬᠠᠳᠠ ᠬᠤᠳᠠ ᠶᠢᠨ ︽ᠵᠠᠭᠤᠨ ᠵᠢᠯ ᠳᠤ ᠬᠦᠮᠦᠨ ᠬᠦᠮᠦᠵᠢᠬᠦᠯᠬᠦ︾ ᠢᠨᠵᠧᠨᠧᠷᠢᠩ ᠢ ᠰᠠᠶᠢᠳᠤᠷ ᠪᠠᠶᠢᠭᠤᠯᠬᠤ ᠬᠡᠷᠡᠭᠳᠠᠢ ᠬᠡᠵᠠᠢ᠃     ᠬᠦᠸᠧ ᠢᠦᠢ ᠹᠧᠩ ᠠᠴᠠ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠳ᠋ᠤᠸᠠᠨ ᡁᠢ ᠴᠢᠶᠠᠩ ᠤᠨ ᠴᠢᠬᠤᠯᠠ ᠴᠤᠬᠤᠯᠠᠪᠤᠷᠢ ᠶᠢ ᠤᠯᠠᠮᠵᠢᠯᠠᠬᠤ ᠶᠢᠨ ᠬᠠᠮᠳᠤ ᠲᠠᠷᠠᠭᠠᠴᠢ ᠎ ᠶᠢᠨ ᠠᠯᠬᠤᠮ ᠤᠨ ᠠᠵᠢᠯ ᠳᠤ ᠪᠤᠳᠠᠳᠠᠢ ᠱᠠᠭᠠᠷᠳᠠᠯᠭ᠎ᠠ ᠲᠤᠷᠠᠳᠴᠠᠢ᠃ ᠲᠡᠷᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠᠨ ᠨᠢᠬᠡᠳᠦᠯᠵᠢᠬᠦᠯᠦᠨ᠂ ᠲᠠᠨᠢᠯᠳᠠ ᠪᠠᠨ ᠲᠡᠬᠡᠭᠰᠢᠯᠡᠬᠦᠯᠵᠤ᠂ ᠨᠡᠶᠢᠬᠡᠮ ᠤᠨ ᠠᠬᠤᠢ ᠪᠠᠶᠢᠳᠠᠯ᠂ ᠨᠡᠶᠢᠬᠡᠮ ᠎ ᠤᠨ ᠬᠠᠮᠢᠶᠠᠷᠤᠯᠳᠠ᠂ ᠪᠤᠳᠠᠳᠠᠢ ᠬᠡᠷᠡᠭᠴᠡᠭᠡ ᠠᠴᠠ ᠵᠦᠪ ᠤᠨᠤᠪᠴᠢᠳᠠᠢ ᠪᠠᠷ ᠲᠤᠰ ᠲᠦᠷᠦᠯ ᠤᠨ ᠠᠵᠢᠯ ᠳᠤ ᠬᠠᠨᠳᠤᠵᠤ᠂ ᠬᠠᠷᠢᠭᠤᠴᠠᠯᠭᠠᠳᠤ ᠰᠡᠳᠬᠢᠯᠬᠡ ᠪᠤᠯᠤᠨ ᠪᠠᠴᠢᠮ ᠲᠤᠯᠭᠠᠮ᠎ᠠ ᠰᠡᠳᠬᠢᠯᠬᠡ ᠪᠠᠨ ᠦᠨᠡᠩᠬᠦ ᠨᠡᠮᠡᠭᠳᠡᠬᠦᠯᠦᠨ᠂ ᠭᠤᠤᠯᠳᠠᠯᠭ᠎ᠠ ᠶᠢ ᠲᠤᠪᠤᠶᠢᠯᠭᠠᠨ᠂ ᠶᠡᠷᠦᠩᠬᠡᠶᠢᠯᠠᠨ ᠵᠠᠰᠠᠨ ᠴᠡᠭᠴᠡᠯᠡᠵᠤ᠂ ᠦᠵᠡᠯ ᠰᠠᠨᠠᠭᠠᠨ ᠤ ᠬᠦᠮᠦᠵᠢᠯ ᠢ ᠬᠦᠨᠵᠡᠬᠡᠶᠢᠷᠡᠬᠦᠯᠦᠨ᠂ ᠠᠮᠤᠷ ᠲᠦᠪᠰᠢᠨ ᠢ ᠴᠢᠩᠭᠠᠳᠬᠠᠵᠤ᠂  ᠤᠯᠠᠨ ᠲᠦᠮᠡᠨ ᠢ ᠬᠠᠮᠢᠶᠠᠷᠤᠨ ᠡᠵᠡᠮᠳᠡᠬᠦ ᠶᠢ ᠭᠤᠤᠯᠳᠠᠯᠭ᠎ᠠ ᠲᠠᠢ ᠲᠤᠪᠤᠶᠢᠯᠭᠠᠨ᠂ ᠡᠷᠬᠡ ᠪᠠᠨ ᠬᠠᠮᠠᠭᠠᠯᠠᠨ ᠦᠪᠡᠷ ᠢ ᠪᠠᠨ ᠬᠠᠮᠠᠭᠠᠯᠠᠬᠤ ᠶᠢ ᠴᠢᠬᠤᠯᠠᠴᠢᠯᠠᠵᠤ᠂ ᠠᠵᠢᠯ ᠤᠨ ᠬᠢᠷᠢ ᠲᠦᠪᠰᠢᠨ ᠢ ᠦᠨᠡᠩᠬᠦ ᠲᠡᠭᠡᠭᠰᠢᠯᠡᠬᠦᠯᠬᠦ ᠬᠡᠷᠡᠭᠳᠠᠢ︔ ᠤᠳᠤᠷᠢᠳᠤᠯᠭ᠎ᠠ ᠪᠠᠨ ᠴᠢᠩᠭᠠᠳᠬᠠᠨ᠂ ᠲᠤᠭᠳᠠᠯᠴᠠᠭ᠎ᠠ ᠶᠢ ᠲᠡᠬᠦᠯᠳᠡᠷᠵᠢᠬᠦᠯᠵᠤ᠂ ᠲᠤᠤᠷ ᠰᠦᠯᠵᠢᠶ᠎ᠠ ᠶᠢ ᠪᠦᠷᠢᠨᠰᠢᠬᠦᠯᠦᠨ᠂ ᠤᠬᠠᠭᠤᠯᠭ᠎ᠠ ᠶᠢ ᠴᠢᠩᠭᠠᠷᠠᠭᠤᠯᠵᠤ᠂ ᠠᠷᠭ᠎ᠠ ᠪᠠᠷᠢᠯ ᠤᠨ ᠰᠢᠨ᠎ᠠ ᠶᠢ ᠡᠬᠦᠳᠦᠨ ᠠᠵᠢᠯ ᠤᠨ ᠪᠤᠳᠠᠳᠠᠢ ᠦᠷ᠎ᠠ ᠪᠦᠳᠦᠮᠵᠢ ᠶᠢ ᠦᠨᠡᠩᠬᠦ ᠪᠠᠳᠤᠯᠠᠬᠤ ᠬᠡᠷᠡᠭᠳᠠᠢ ᠬᠡᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号