| ᠪᠦᠬᠦ ᠤᠯᠤᠰ ᠤᠨ ᠰᠤᠷᠳᠠᠯ ᠤᠬᠠᠭᠤᠯᠭ᠎ᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠳᠤ ᠴᠢᠳᠠᠮᠠᠭᠠᠢ᠂ ᠴᠢᠳᠠᠪᠤᠷᠢ ᠪᠠᠷ ᠦᠨᠳᠦᠷ᠂ ᠦᠨᠡᠨ | ᠪᠤᠳᠠᠳᠠᠢ ᠶᠢ ᠡᠷᠬᠢᠮᠯᠡᠨ ᠰᠢᠨ᠎ᠠ ᠡᠬᠦᠳᠬᠦ᠂ ᠢᠯᠠᠯᠳᠠ ᠶᠢ ᠲᠡᠮᠡᠴᠡᠬᠦ ᠵᠤᠷᠢᠭᠳᠠᠢ ᠰᠤᠷᠳᠠᠯ ᠤᠬᠠᠭᠤᠯᠭ᠎ᠠ ᠶᠢᠨ ᠠᠵᠢᠯ | ᠤᠨ ᠡᠩᠨᠡᠭᠡ ᠶᠢ ᠪᠠᠶᠢᠭᠤᠯᠤᠨ᠂ ︽ᠲᠦᠷᠪᠡᠨ ᠬᠦᠴᠦᠨ︾ ᠢ ᠴᠢᠩᠭᠠᠳᠬᠠᠵᠤ᠂ ᠰᠤᠨᠢᠨ ᠮᠡᠳᠡᠬᠡᠨ ᠤ ᠤᠬᠠᠭᠤᠯᠭ᠎ᠠ | ᠶᠢᠨ ᠠᠵᠢᠯᠳᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠤᠯᠤᠨ ᠬᠢᠷᠢ ᠲᠦᠪᠰᠢᠨ ᠢ ᠲᠡᠬᠡᠭᠰᠢᠯᠡᠬᠦᠯᠵᠤ᠂ | ᠰᠢᠨ᠎ᠠ ᠬᠡᠪ ᠪᠠᠶᠢᠳᠠᠯ ᠤᠨ ᠲᠤᠤᠷ᠎ᠠ ᠬᠡᠷᠬᠢᠨ ᠯᠢᠨᠰᠢ ᠰᠢᠶᠠᠨ ᠤ ᠦᠢᠯᠠ ᠶᠠᠪᠤᠳᠠᠯ ᠢ ᠪᠢᠴᠢᠭᠯᠡᠨ᠂ ᠯᠢᠨᠰᠢ ᠰᠢᠶᠠᠨ ᠤ | ᠬᠦᠭᠵᠢᠯᠳᠠ ᠳᠤ ᠦᠵᠡᠯ ᠰᠠᠨᠠᠭᠠᠨ ᠤ ᠪᠠᠳᠤᠯᠠᠭ᠎ᠠ ᠪᠤᠯᠤᠨ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ | ᠬᠠᠩᠭᠠᠬᠤ ᠪᠠᠷ᠂ 6 ᠰᠠᠷ᠎ᠠ ᠶᠢᠨ27 ᠤ ᠡᠳᠦᠷ ᠠᠴᠠ28 ᠤ ᠡᠳᠦᠷ᠂ ᠪᠦᠬᠦ ᠰᠢᠶᠠᠨ ᠤ ᠰᠤᠨᠢᠨ ᠮᠡᠳᠡᠬᠡᠨ ᠤ | ᠰᠤᠷᠪᠤᠯᠵᠢᠯᠠᠭᠴᠢ᠂ ᠴᠢᠮᠡᠬᠡᠯᠡᠭᠴᠢ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠨᠢ ᠰᠢᠶᠠᠨ ᠤ ᠬᠠᠮ ᠵᠠᠭᠤᠴᠢᠯᠠᠭᠤᠷ | ᠤᠨ ᠲᠦᠪ ᠲᠤ ᠶᠠᠪᠤᠭᠳᠠᠪᠠ᠃ ᠡᠯ᠎ᠡ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠤᠬᠠᠭᠤᠯᠬᠤ ᠬᠡᠰᠢᠬᠦᠨ᠂ | ᠤᠬᠠᠭᠤᠯᠬᠤ ᠠᠵᠢᠯᠳᠠᠨ᠂ ᠰᠢᠶᠠᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠪᠠᠶᠢᠭᠤᠯᠭ᠎ᠠ ᠨᠢᠬᠡᠴᠡ ᠶᠢᠨ ᠰᠤᠨᠢᠨ | ᠮᠡᠳᠡᠭᠡ ᠰᠤᠷᠳᠠᠯ ᠤᠬᠠᠭᠤᠯᠭ᠎ᠠ ᠶᠢᠨ ᠠᠵᠢᠯᠳᠠᠳ᠂ ᠰᠢᠶᠠᠨ ᠤ ᠬᠠᠮ ᠵᠠᠭᠤᠴᠢᠯᠠᠭᠤᠷ ᠤᠨ ᠲᠦᠪ ᠤᠨ | ᠰᠤᠷᠪᠤᠯᠵᠢᠯᠠᠭᠴᠢ ᠪᠤᠯᠪᠠᠰᠤᠷᠠᠯ ᠳᠤ ᠤᠷᠤᠯᠴᠠᠵᠠᠢ᠃ | ᠪᠤᠯᠪᠠᠰᠤᠷᠠᠯ ᠳᠤ᠂ ᠬᠢᠴᠢᠶᠡᠯᠡᠭᠴᠢ ᠪᠠᠭᠰᠢ ᠠᠴᠠ ᠰᠤᠨᠢᠨ ᠮᠡᠳᠡᠬᠡᠨ ᠤ ᠰᠡᠬᠦᠳᠡᠷᠯᠡᠨ ᠰᠢᠩᠬᠡᠬᠡᠬᠦ ᠤᠷ᠎ᠠ | ᠮᠡᠷᠬᠡᠵᠢᠯ᠂ ᠦᠢᠯᠠᠭᠠᠭᠳᠠᠬᠤᠨ ᠵᠢᠷᠤᠭ ᠤᠨ ᠪᠦᠳᠦᠴᠠ᠂ ᠬᠡᠷᠡᠯ ᠢ ᠵᠦᠪ ᠠᠰᠢᠯᠠᠬᠤ᠂ ᠬᠡᠷᠬᠢᠨ ᠵᠠᠭᠤᠴᠢᠯᠠᠭᠤᠷ ᠤᠨ | ᠬᠡᠪ ᠪᠠᠶᠢᠳᠠᠯ ᠢ ᠠᠳᠬᠤᠬᠤ᠂ ᠶᠠᠷᠢᠶ᠎ᠠ ᠬᠡᠯᠡᠯᠴᠡᠬᠡᠨ ᠤ ᠤᠷᠴᠢᠨ ᠲᠤᠭᠤᠷᠢᠨ᠂ ᠬᠦᠯᠢᠶᠡᠨ ᠠᠪᠬᠤ ᠡᠳᠡᠬᠡᠳ᠂ | ᠴᠢᠮᠡᠬᠡᠯᠡᠭᠴᠢ ᠠᠴᠠ ᠬᠡᠷᠬᠢᠨ ᠰᠤᠨᠢᠨ ᠮᠡᠳᠡᠭᠡ ᠪᠢᠴᠢᠬᠦ ᠦᠨᠳᠦᠰᠦᠨ ᠠᠷᠭ᠎ᠠ ᠬᠡᠯᠪᠡᠷᠢ ᠶᠢ ᠲᠠᠷᠤᠢ ᠲᠦᠷᠬᠡᠨ ᠡᠵᠡᠮᠰᠢᠬᠦ | ᠂ ᠰᠤᠨᠢᠨ ᠮᠡᠳᠡᠬᠡᠨ ᠤ ᠨᠦᠯᠦᠬᠡᠯᠡᠬᠦ ᠬᠦᠴᠦᠨ ᠢ ᠲᠡᠬᠡᠭᠰᠢᠯᠡᠬᠦᠯᠬᠦ ᠵᠡᠷᠬᠡ ᠲᠠᠯ᠎ᠠ ᠠᠴᠠ ᠤᠯᠠᠨ ᠳᠤ ᠬᠢᠴᠢᠶᠠᠯ | ᠲᠠᠶᠢᠯᠤᠮᠵᠢ ᠬᠢᠭᠰᠡᠨ ᠪᠠᠶᠢᠨ᠎ᠠ᠃ | ᠪᠤᠯᠪᠠᠰᠤᠷᠠᠯ ᠲᠠᠭᠤᠰᠤᠭᠰᠠᠨ ᠤ ᠲᠠᠷᠠᠭ᠎ᠠ᠂ ᠰᠢᠶᠠᠨ ᠤ ᠬᠠᠮ ᠵᠠᠭᠤᠴᠢᠯᠠᠭᠤᠷ ᠤᠨ ᠲᠦᠪ ᠠᠴᠠ ᠬᠡᠰᠡᠭ | ᠪᠤᠯᠪᠠᠰᠤᠷᠠᠯ ᠳᠤ ᠤᠷᠤᠯᠴᠠᠭᠰᠠᠨ ᠤᠬᠠᠭᠤᠯᠬᠤ ᠬᠡᠰᠢᠬᠦᠨ᠂ ᠰᠤᠨᠢᠨ ᠮᠡᠳᠡᠬᠡᠨ ᠤ ᠤᠬᠠᠭᠤᠯᠭ᠎ᠠ ᠶᠢᠨ ᠠᠵᠢᠯᠳᠠᠨ ᠢ | ᠤᠨᠴᠠ ᠤᠷᠢᠭᠰᠠᠨ ᠴᠢᠮᠡᠬᠡᠯᠡᠭᠴᠢ ᠪᠠᠷ ᠤᠷᠢᠬᠤ ᠶᠢᠨ ᠬᠠᠮᠳᠤ ᠰᠤᠨᠢᠨ ᠮᠡᠳᠡᠬᠡᠨ ᠤ ᠰᠤᠷᠪᠤᠯᠵᠢᠯᠠᠭᠴᠢ ᠪᠤᠯᠤᠨ ᠤᠨᠴᠠ | ᠤᠷᠢᠭᠰᠠᠨ ᠴᠢᠮᠡᠬᠡᠯᠡᠭᠴᠢ ᠶᠢᠨ ᠨᠢᠬᠡ ᠨᠢᠬᠡ ᠶᠢᠨ ᠬᠠᠷᠠᠭᠠᠯᠵᠠᠠᠭᠰᠠᠨ ᠬᠠᠷᠢᠯᠴᠠᠬᠤ ᠠᠷᠭ᠎ᠠ ᠬᠡᠯᠪᠡᠷᠢ ᠶᠢ ᠪᠠᠶᠢᠭᠤᠯᠵᠠᠢ᠃ | | | | |