| 6 ᠰᠠᠷ᠎ᠠ ᠶᠢᠨ25 ᠤ ᠡᠳᠦᠷ᠂ ᠪᠦᠬᠦ ᠬᠤᠳᠠ ᠶᠢᠨ ᠨᠠᠰᠤᠨ ᠳᠤ ᠦᠯᠦ ᠬᠦᠷᠦᠭᠰᠡᠨᠳ ᠢ ᠬᠠᠮᠠᠭᠠᠯᠠᠬᠤ | ᠪᠤᠯᠤᠨ ᠵᠠᠯᠠᠭᠤᠴᠤᠳ ᠪᠠᠭᠠᠴᠤᠳ ᠤᠨ ᠶᠠᠯᠠᠳᠤ ᠠᠵᠢᠯᠯᠠᠭ᠎ᠠ ᠶᠢ ᠤᠷᠢᠳᠴᠢᠯᠠᠨ ᠰᠡᠷᠬᠡᠶᠢᠯᠡᠬᠦ ᠠᠵᠢᠯ ᠢ ᠠᠬᠢᠭᠤᠯᠬᠤ | ᠲᠤᠬᠠᠢ ᠶᠢᠨ ᠲᠠᠯᠠᠪᠤᠷ ᠤᠨ ᠬᠤᠷᠠᠯ ᠯᠢᠨᠰᠢ ᠰᠢᠶᠠᠨ ᠳᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶ᠎ᠠ ᠶᠢᠨ | ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠭᠦᠸᠧ ᠢᠦᠢ ᠹᠧᠩ ᠬᠤᠷᠠᠯ ᠳᠤ | ᠰᠠᠭᠠᠳᠠᠬᠤ ᠶᠢᠨ ᠬᠠᠮᠳᠤ ᠶᠠᠷᠢᠶ᠎ᠠ ᠲᠠᠯᠪᠢᠵᠠᠢ᠃ ᠲᠡᠳ᠋ ᠬᠤᠳᠠ ᠶᠢᠨ ᠲᠠᠷᠤᠭ᠎ᠠ ᠱᠧᠩ ᠰᠢᠶᠣᠣ ᠶᠧᠦ ᠬᠤᠷᠠᠯ | ᠡᠷᠬᠢᠯᠡᠪᠡ᠃ ᠬᠤᠷᠠᠯ ᠳᠤ ᠤᠷᠤᠯᠴᠠᠭᠰᠠᠳ ᠠᠴᠠ ᠯᠢᠨᠰᠢ ᠰᠢᠶᠠᠨ ᠤ ᠬᠤᠶᠠᠳᠤᠭᠠᠷ ᠲᠤᠮᠳᠠᠳᠤ ᠰᠤᠷᠭᠠᠭᠤᠯᠢ᠂ ᠲᠦᠩ | ᠪᠦ᠋ ᠪᠠᠯᠭᠠᠰᠤ ᠶᠢᠨ ᠪᠠᠶᠢᠷᠢᠯᠠᠬᠤ ᠲᠦᠷᠢᠮᠳᠦ ᠪᠠᠭ᠎ᠠ ᠰᠤᠷᠭᠠᠭᠤᠯᠢ ᠳᠤ ᠬᠦᠷᠴᠦ ᠲᠤᠭᠤᠷᠢᠨ ᠦᠵᠡᠵᠤ᠂ ᠬᠠᠮᠢᠶ᠎ᠠ | ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠠᠴᠠ ᠠᠵᠢᠯ ᠤᠨ ᠲᠤᠷᠰᠢᠯᠭ᠎ᠠ ᠪᠠᠨ ᠲᠠᠨᠢᠯᠴᠠᠭᠤᠯᠤᠭᠰᠠᠨ ᠪᠠ | ᠤᠪᠤᠷ ᠢᠶᠠᠨ ᠢᠯᠡᠳᠬᠡᠬᠦ ᠦᠬᠡ ᠶᠠᠷᠢᠵᠠᠢ᠃ | ᠭᠦᠸᠧ ᠢᠦᠢ ᠹᠧᠩ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠬᠤᠷᠠᠯ ᠨᠢ ᠭᠤᠤᠯᠳᠠᠭᠤ ᠲᠦᠪ ᠤᠨ | ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ15 ᠳ᠋ᠤᠭᠠᠷ ᠱᠠᠭᠠᠷᠳᠠᠨ ᠪᠠᠶᠢᠴᠠᠭᠠᠬᠤ ᠲᠤᠭᠤᠶᠢᠯᠠᠩ | ᠤᠨᠴᠠᠭᠠᠶᠢᠯᠠᠨ ᡁᠢ ᠱᠦ ᠫᠢᠩ ᠲᠤᠭᠤᠶᠢᠯᠠᠩ ᠤᠨ ᠲᠠᠷᠤᠭ᠎ᠠ ᠶᠢᠨ ᠱᠠᠭᠠᠷᠳᠠᠨ ᠪᠠᠶᠢᠴᠠᠭᠠᠬᠤ ᠱᠠᠭᠠᠷᠳᠠᠯᠭ᠎ᠠ ᠶᠢ | ᠰᠠᠶᠢᠳᠤᠷ ᠨᠠᠶᠢᠳᠠᠪᠤᠷᠢᠵᠢᠭᠤᠯᠤᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ | ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢᠨ ᠱᠣᠣ ᠴᠦᠨ ᠤ ᠤᠯᠠᠭᠠᠨᠬᠠᠳᠠ ᠳᠤ ᠪᠠᠶᠢᠴᠠᠭᠠᠨ | ᠰᠤᠳᠤᠯᠤᠯᠳᠠ ᠬᠢᠬᠦ ᠦᠶᠡᠰ ᠤᠨ ᠱᠠᠭᠠᠷᠳᠠᠨ ᠬᠦᠢᠴᠡᠳᠬᠡᠬᠦ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ | ᠮᠠᠨ ᠤ ᠬᠤᠳᠠ ᠶᠢᠨ ᠱᠠᠭᠠᠷᠳᠠᠨ ᠵᠢᠯᠤᠭᠤᠳᠬᠤ ᠬᠠᠷᠢᠭᠤ ᠲᠤᠰᠬᠠᠬᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ | ᠲᠧᠯᠸᠢᠰ ᠳ᠋ᠢᠶᠠᠩᠬᠤᠸᠠ ᠬᠤᠷᠠᠯ ᠤᠨ ᠵᠠᠯᠠᠭᠤᠴᠤᠳ ᠪᠠᠭᠠᠴᠤᠳ ᠤᠨ ᠶᠠᠯᠠᠳᠤ ᠠᠵᠢᠯᠯᠠᠭ᠎ᠠ ᠶᠢ ᠣᠷᠢᠳᠴᠢᠯᠠᠨ | ᠰᠡᠷᠬᠡᠶᠢᠯᠡᠬᠦ ᠪᠤᠳᠠᠳᠠᠢ ᠪᠠᠶᠢᠷᠢᠯᠠᠭᠤᠯᠤᠯᠳᠠ ᠶᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ | ᠵᠠᠯᠠᠭᠤᠴᠤᠳ ᠪᠠᠭᠠᠴᠤᠳ ᠤᠨ ᠦᠰᠦᠨ ᠪᠤᠶᠢᠵᠢᠵᠤ ᠬᠦᠭᠵᠢᠬᠦ ᠬᠠᠮᠠᠭᠠᠯᠠᠯᠳᠠ ᠶᠢᠨ ᠲᠤᠤᠷ ᠢ ᠪᠠᠬᠢᠵᠡᠬᠦᠯᠦᠨ᠂ | ᠤᠯᠠᠭᠠᠨᠬᠠᠳᠠ ᠬᠤᠳᠠ ᠶᠢᠨ ︽ᠵᠠᠭᠤᠨ ᠵᠢᠯ ᠳᠤ ᠬᠦᠮᠦᠨ ᠬᠦᠮᠦᠵᠢᠬᠦᠯᠬᠦ︾ ᠢᠨᠵᠧᠨᠧᠷᠢᠩ ᠢ ᠰᠠᠶᠢᠳᠤᠷ ᠪᠠᠶᠢᠭᠤᠯᠬᠤ | ᠬᠡᠷᠡᠭᠳᠠᠢ ᠬᠡᠵᠠᠢ᠃ | ᠬᠦᠸᠧ ᠢᠦᠢ ᠹᠧᠩ ᠠᠴᠠ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠬᠤᠳᠠ ᠶᠢᠨ ᠨᠠᠮ ᠤᠨ | ᠬᠤᠷᠢᠶ᠎ᠠ ᠶᠢᠨ ᠱᠦᠵᠢ ᠳ᠋ᠤᠸᠠᠨ ᡁᠢ ᠴᠢᠶᠠᠩ ᠤᠨ ᠴᠢᠬᠤᠯᠠ ᠴᠤᠬᠤᠯᠠᠪᠤᠷᠢ ᠶᠢ ᠤᠯᠠᠮᠵᠢᠯᠠᠬᠤ ᠶᠢᠨ ᠬᠠᠮᠳᠤ ᠲᠠᠷᠠᠭᠠᠴᠢ | ᠶᠢᠨ ᠠᠯᠬᠤᠮ ᠤᠨ ᠠᠵᠢᠯ ᠳᠤ ᠪᠤᠳᠠᠳᠠᠢ ᠱᠠᠭᠠᠷᠳᠠᠯᠭ᠎ᠠ ᠲᠤᠷᠠᠳᠴᠠᠢ᠃ ᠲᠡᠷᠠ ᠴᠢᠬᠤᠯᠠᠴᠢᠯᠠᠭᠰᠠᠨ ᠨᠢ᠂ ᠦᠵᠡᠯ | ᠰᠠᠨᠠᠭ᠎ᠠ ᠪᠠᠨ ᠨᠢᠬᠡᠳᠦᠯᠵᠢᠬᠦᠯᠦᠨ᠂ ᠲᠠᠨᠢᠯᠳᠠ ᠪᠠᠨ ᠲᠡᠬᠡᠭᠰᠢᠯᠡᠬᠦᠯᠵᠤ᠂ ᠨᠡᠶᠢᠬᠡᠮ ᠤᠨ ᠠᠬᠤᠢ ᠪᠠᠶᠢᠳᠠᠯ᠂ ᠨᠡᠶᠢᠬᠡᠮ | ᠤᠨ ᠬᠠᠮᠢᠶᠠᠷᠤᠯᠳᠠ᠂ ᠪᠤᠳᠠᠳᠠᠢ ᠬᠡᠷᠡᠭᠴᠡᠭᠡ ᠠᠴᠠ ᠵᠦᠪ ᠤᠨᠤᠪᠴᠢᠳᠠᠢ ᠪᠠᠷ ᠲᠤᠰ ᠲᠦᠷᠦᠯ ᠤᠨ ᠠᠵᠢᠯ ᠳᠤ | ᠬᠠᠨᠳᠤᠵᠤ᠂ ᠬᠠᠷᠢᠭᠤᠴᠠᠯᠭᠠᠳᠤ ᠰᠡᠳᠬᠢᠯᠬᠡ ᠪᠤᠯᠤᠨ ᠪᠠᠴᠢᠮ ᠲᠤᠯᠭᠠᠮ᠎ᠠ ᠰᠡᠳᠬᠢᠯᠬᠡ ᠪᠠᠨ ᠦᠨᠡᠩᠬᠦ ᠨᠡᠮᠡᠭᠳᠡᠬᠦᠯᠦᠨ᠂ | ᠭᠤᠤᠯᠳᠠᠯᠭ᠎ᠠ ᠶᠢ ᠲᠤᠪᠤᠶᠢᠯᠭᠠᠨ᠂ ᠶᠡᠷᠦᠩᠬᠡᠶᠢᠯᠠᠨ ᠵᠠᠰᠠᠨ ᠴᠡᠭᠴᠡᠯᠡᠵᠤ᠂ ᠦᠵᠡᠯ ᠰᠠᠨᠠᠭᠠᠨ ᠤ ᠬᠦᠮᠦᠵᠢᠯ ᠢ | ᠬᠦᠨᠵᠡᠬᠡᠶᠢᠷᠡᠬᠦᠯᠦᠨ᠂ ᠠᠮᠤᠷ ᠲᠦᠪᠰᠢᠨ ᠢ ᠴᠢᠩᠭᠠᠳᠬᠠᠵᠤ᠂ ᠤᠯᠠᠨ ᠲᠦᠮᠡᠨ ᠢ ᠬᠠᠮᠢᠶᠠᠷᠤᠨ ᠡᠵᠡᠮᠳᠡᠬᠦ ᠶᠢ | ᠭᠤᠤᠯᠳᠠᠯᠭ᠎ᠠ ᠲᠠᠢ ᠲᠤᠪᠤᠶᠢᠯᠭᠠᠨ᠂ ᠡᠷᠬᠡ ᠪᠠᠨ ᠬᠠᠮᠠᠭᠠᠯᠠᠨ ᠦᠪᠡᠷ ᠢ ᠪᠠᠨ ᠬᠠᠮᠠᠭᠠᠯᠠᠬᠤ ᠶᠢ ᠴᠢᠬᠤᠯᠠᠴᠢᠯᠠᠵᠤ᠂ | ᠠᠵᠢᠯ ᠤᠨ ᠬᠢᠷᠢ ᠲᠦᠪᠰᠢᠨ ᠢ ᠦᠨᠡᠩᠬᠦ ᠲᠡᠭᠡᠭᠰᠢᠯᠡᠬᠦᠯᠬᠦ ᠬᠡᠷᠡᠭᠳᠠᠢ︔ ᠤᠳᠤᠷᠢᠳᠤᠯᠭ᠎ᠠ ᠪᠠᠨ ᠴᠢᠩᠭᠠᠳᠬᠠᠨ᠂ | ᠲᠤᠭᠳᠠᠯᠴᠠᠭ᠎ᠠ ᠶᠢ ᠲᠡᠬᠦᠯᠳᠡᠷᠵᠢᠬᠦᠯᠵᠤ᠂ ᠲᠤᠤᠷ ᠰᠦᠯᠵᠢᠶ᠎ᠠ ᠶᠢ ᠪᠦᠷᠢᠨᠰᠢᠬᠦᠯᠦᠨ᠂ ᠤᠬᠠᠭᠤᠯᠭ᠎ᠠ ᠶᠢ | ᠴᠢᠩᠭᠠᠷᠠᠭᠤᠯᠵᠤ᠂ ᠠᠷᠭ᠎ᠠ ᠪᠠᠷᠢᠯ ᠤᠨ ᠰᠢᠨ᠎ᠠ ᠶᠢ ᠡᠬᠦᠳᠦᠨ ᠠᠵᠢᠯ ᠤᠨ ᠪᠤᠳᠠᠳᠠᠢ ᠦᠷ᠎ᠠ ᠪᠦᠳᠦᠮᠵᠢ ᠶᠢ ᠦᠨᠡᠩᠬᠦ | ᠪᠠᠳᠤᠯᠠᠬᠤ ᠬᠡᠷᠡᠭᠳᠠᠢ ᠬᠡᠵᠠᠢ᠃ | |