ᠯᠢᠨᠰᠢ ᠰᠢᠶᠠᠨ ᠤ ᠲᠤᠳᠤᠭᠠᠳᠤ ᠶᠢ ᠬᠠᠮᠭᠠᠯᠠᠬᠤ ᠲᠤᠪᠴᠢᠶ᠎ᠠ ᠤᠯᠠᠨ ᠵᠦᠢᠯ ᠤᠨ ᠠᠷᠭ᠎ᠠ ᠪᠠᠷᠢᠯ ᠢᠶᠠᠷ ᠬᠤᠤᠷ ᠴᠠᠭᠠᠵᠠᠯᠠᠬᠤ ᠤᠬᠠᠭᠤᠯᠭ᠎ᠠ ᠶᠢᠨ ᠰᠢᠨ᠎ᠠ ᠬᠡᠪ ᠪᠠᠶᠢᠳᠠᠯ ᠢ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-07-03
                ᠯᠢᠨᠰᠢ ᠰᠢᠶᠠᠨ ᠤ ᠲᠤᠳᠤᠭᠠᠳᠤ ᠶᠢ ᠬᠠᠮᠭᠠᠯᠠᠬᠤ ᠲᠤᠪᠴᠢᠶ᠎ᠠ ᠶᠢᠨ ᠬᠤᠤᠷ ᠴᠠᠭᠠᠵᠠᠯᠠᠬᠤ ᠶᠡᠭᠡ ᠠᠩᠬᠢ ᠨᠢ ᠪᠤᠳᠠᠳᠠᠢ ᠳᠤ ᠤᠶᠠᠯᠳᠤᠭᠤᠯᠤᠨ᠂ ︽ᠤᠭ ᠦᠨᠳᠦᠰᠦ ᠠᠴᠠ ᠨᠢ ᠬᠤᠷᠢᠭᠯᠠᠨ ᠬᠤᠤᠷ ᠴᠠᠭᠠᠵᠠᠯᠠᠬᠤ︾ ︽ᠠᠮᠢ ᠨᠠᠰᠤ  ᠪᠠᠨ ᠬᠠᠶᠢᠷᠠᠯᠠᠨ ᠬᠤᠤᠷ ᠠᠴᠠ ᠬᠤᠯᠠ ᠪᠠᠶᠢᠬᠤ︾ ᠬᠤᠶᠠᠷ ᠶᠡᠭᠡ ᠰᠡᠳᠦᠪ ᠤᠨ ᠲᠤᠭᠤᠷᠢᠨ ᠳᠤ᠂ ︽ᠭᠤᠷᠪᠠᠨ ᠶᠡᠭᠡ ᠠᠴᠢᠶᠠᠯᠠᠪᠤᠷᠢ︾ ︽ᠲᠤᠯᠤᠭ᠎ᠠ ᠳᠤ ᠤᠷᠤᠭᠤᠯᠬᠤ︾ ᠤᠬᠠᠭᠤᠯᠭ᠎ᠠ ᠶᠢᠨ ᠠᠷᠭ᠎ᠠ ᠪᠠᠷᠢᠯ ᠢᠶᠠᠷ ᠲᠠᠮᠵᠢᠨ᠂ ᠪᠦᠬᠦ ᠰᠢᠶᠠᠨ ᠤ ᠬᠡᠪᠴᠢᠶᠠᠨ ᠳᠤ ᠪᠦᠬᠦᠨ ᠢ ᠪᠦᠷᠬᠦᠬᠦᠯᠦᠭᠰᠡᠨ ᠤᠯᠠᠨ ᠲᠠᠪᠬᠤᠷᠭ᠎ᠠ ᠶᠢᠨ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭᠠᠨ ᠦᠷᠨᠢᠬᠦᠯᠵᠤ᠂ ᠠᠷᠠᠳ ᠤᠯᠠᠨ ᠤ ᠬᠤᠤᠷ ᠢ ᠲᠠᠨᠢᠬᠤ᠂ ᠬᠤᠤᠷ ᠢ ᠰᠡᠷᠬᠡᠶᠢᠯᠡᠬᠦ᠂ ᠬᠤᠤᠷ ᠢ ᠡᠰᠡᠷᠬᠦᠴᠡᠬᠦ ᠵᠢᠴᠢ ᠬᠠᠷ᠎ᠠ ᠪᠦᠯᠦᠭᠳᠡᠨ ᠬᠠᠷᠬᠢᠰ ᠬᠦᠴᠦᠨ ᠢ ᠢᠯᠭᠠᠨ ᠲᠠᠨᠢᠬᠤ ᠴᠢᠳᠠᠪᠤᠷᠢ ᠪᠤᠯᠤᠨ ᠲᠠᠨᠢᠯᠳᠠ ᠶᠢ ᠲᠡᠭᠡᠭᠰᠢᠯᠡᠬᠦᠯᠦᠨ᠂ ᠬᠤᠤᠷ ᠴᠠᠭᠠᠵᠠᠯᠠᠬᠤ ᠤᠬᠠᠭᠤᠯᠭ᠎ᠠ ᠶᠢᠨ ᠰᠢᠨ᠎ᠠ ᠬᠡᠪ ᠪᠠᠶᠢᠳᠠᠯ ᠢ ᠪᠤᠢ ᠪᠤᠯᠭᠠᠪᠠ᠃       ᠦᠨᠦ ᠵᠢᠯ ᠠᠴᠠ ᠨᠠᠰᠢ᠂ ᠰᠢᠶᠠᠨ ᠤ ᠬᠤᠤᠷ ᠴᠠᠭᠠᠵᠠᠯᠠᠬᠤ ᠶᠡᠭᠡ ᠠᠩᠬᠢ ᠨᠢ ᠨᠡᠶᠢᠳᠠ ᠴᠡᠷᠢᠭ ᠴᠠᠭᠳᠠᠭ᠎ᠠ120 ᠭᠠᠷᠤᠢ ᠬᠦᠮᠦᠨ ᠤᠳᠠᠭ᠎ᠠ ᠬᠦᠳᠡᠯᠬᠡᠵᠤ᠂ ᠬᠠᠷᠢᠶᠠᠨ ᠳᠠᠬᠢ11 ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠤᠯᠠᠨ ᠲᠦᠮᠡᠨ ᠳᠤ ᠬᠤᠤᠷ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ4500 ᠭᠠᠷᠤᠢ ᠬᠤᠪᠢ ᠲᠠᠷᠬᠠᠭᠠᠨ᠂ 300 ᠭᠠᠷᠤᠢ ᠬᠤᠪᠢ ᠬᠤᠤᠷ ᠴᠠᠭᠠᠵᠠᠯᠠᠬᠤ ᠤᠯᠠᠨ ᠨᠡᠶᠢᠳᠠ ᠶᠢᠨ ᠴᠢᠨᠠᠷᠳᠠᠢ ᠵᠠᠷ ᠮᠡᠳᠡᠭᠡ ᠨᠠᠭᠠᠵᠤ᠂12 ᠬᠡᠰᠡᠭ ᠦᠵᠡᠬᠦᠯᠦᠯᠬᠡ ᠶᠢᠨ ᠬᠠᠪᠳᠠᠰᠤ ᠪᠤᠰᠬᠠᠨ᠂20 ᠵᠤᠷᠪᠤᠰ ᠤᠷᠢᠶ᠎ᠠ ᠯᠤᠽᠦ᠋ᠩ ᠡᠯᠬᠦᠵᠤ᠂ ᠤᠯᠠᠨ ᠲᠦᠮᠡᠨ  ᠳᠤ15400 ᠭᠠᠷᠤᠢ ᠬᠦᠮᠦᠨ ᠤᠳᠠᠭ᠎ᠠ ᠰᠢᠭᠤᠳ ᠬᠦᠮᠦᠵᠢᠯ ᠬᠦᠷᠳᠡᠬᠡᠵᠠᠢ᠃      ︽ᠭᠤᠷᠪᠠᠨ ᠶᠡᠭᠡ ᠠᠴᠢᠶᠠᠯᠠᠪᠤᠷᠢ︾ ᠳᠤ ᠨᠡᠶᠢᠬᠡᠮ ᠤᠨ ᠤᠬᠠᠭᠤᠯᠭ᠎ᠠ᠂ ᠲᠤᠤᠷ ᠰᠦᠯᠵᠢᠶᠠᠨ ᠤ ᠤᠬᠠᠭᠤᠯᠭ᠎ᠠ ᠪᠤᠯᠤᠨ ᠰᠤᠨᠢᠨ ᠮᠡᠳᠡᠬᠡᠨ ᠤ ᠤᠬᠠᠭᠤᠯᠭ᠎ᠠ ᠶᠢ ᠪᠠᠭᠳᠠᠭᠠᠵᠤ᠂ ︽ᠲᠤᠯᠤᠭ᠎ᠠ ᠳᠤ ᠤᠷᠤᠭᠤᠯᠬᠤ︾ ᠤᠬᠠᠭᠤᠯᠭ᠎ᠠ ᠨᠢ ᠬᠤᠤᠷ ᠴᠠᠭᠠᠵᠠᠯᠠᠬᠤ ᠤᠬᠠᠭᠤᠯᠭ᠎ᠠ ᠶᠢ ᠪᠦᠬᠦᠨ ᠢ ᠬᠠᠮᠤᠷᠴᠤ᠂ ᠲᠤᠰ ᠲᠤᠪᠴᠢᠶᠠᠨ ᠤ ᠬᠤᠤᠷ ᠴᠠᠭᠠᠵᠠᠯᠠᠬᠤ ᠶᠡᠭᠡ ᠠᠩᠬᠢ ᠪᠦᠬᠦ ᠲᠠᠯ᠎ᠠ ᠪᠠᠷ ᠬᠤᠤᠷ ᠴᠠᠭᠠᠵᠠᠯᠠᠬᠤ ᠤᠬᠠᠭᠤᠯᠭ᠎ᠠ ᠶᠢ ᠵᠤᠬᠢᠶᠠᠨ ᠪᠠᠶᠢᠭᠤᠯᠵᠤ ᠦᠷᠨᠢᠬᠦᠯᠦᠨ᠂ ᠰᠤᠷᠭᠠᠭᠤᠯᠢ ᠳᠤ ᠤᠷᠤᠭᠤᠯᠬᠤ᠂ ᠬᠡᠷ ᠪᠦᠯᠢ ᠳᠤ ᠤᠷᠤᠭᠤᠯᠬᠤ᠂ ᠲᠠᠯᠠᠪᠤᠷ ᠲᠤ ᠤᠷᠤᠭᠤᠯᠬᠤ᠂ ᠨᠡᠶᠢᠬᠡᠮ ᠲᠤᠭᠤᠷᠢᠭ  ᠳᠤ ᠤᠷᠤᠭᠤᠯᠬᠤ᠂ ᠪᠠᠶᠢᠭᠤᠯᠭ᠎ᠠ ᠳᠤ ᠤᠷᠤᠭᠤᠯᠬᠤ᠂ ᠠᠵᠤ ᠠᠬᠤᠶᠢᠯᠠᠯ ᠳᠤ ᠤᠷᠤᠭᠤᠯᠬᠤ᠂ ᠬᠦᠳᠡᠭᠡ ᠲᠤᠰᠬᠤᠨ  ᠳᠤ ᠤᠷᠤᠭᠤᠯᠬᠤ ᠪᠤᠯᠤᠨ᠎ᠠ᠃ ᠡᠬᠦᠨ ᠤ ᠬᠠᠮᠳᠤ ᠪᠠᠰᠠ ᠬᠤᠤᠷ ᠴᠠᠭᠠᠵᠠᠯᠠᠬᠤ ᠶᠡᠭᠡ ᠠᠩᠬᠢ ᠨᠢ ᠦᠷᠬᠦᠯᠵᠢᠯᠡᠡ ︽ᠡᠷᠡᠬᠦᠯ ᠠᠮᠢᠳᠤᠷᠠᠯ  ᠪᠤᠷᠬᠢᠳᠦᠯ ᠦᠬᠡᠢ︾ ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭᠠᠨ ᠢ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠵᠢᠯᠤᠭᠤᠳᠤᠨ ᠬᠤᠤᠷ ᠴᠠᠭᠠᠵᠠᠯᠠᠬᠤ ᠨᠡᠷ᠎ᠠ ᠬᠤᠯᠪᠤᠭᠠᠯᠠᠬᠤ ᠠᠵᠢᠯᠯᠠᠭᠠᠨ ᠢᠶᠠᠷ ᠲᠠᠮᠵᠢᠨ᠂ ᠰᠠᠶᠢᠨ ᠲᠤᠷᠠᠴᠤᠳ ᠤᠨ ᠬᠠᠶᠢᠷ᠎ᠠ ᠬᠠᠯᠠᠮᠵᠢ ᠶᠢᠨ ᠠᠩᠬᠢ ᠡᠩᠨᠡᠭᠡ ᠪᠠᠶᠢᠭᠤᠯᠤᠨ ᠨᠡᠶᠢᠬᠡᠮ ᠲᠤᠭᠤᠷᠢᠭ ᠲᠤ ᠤᠷᠤᠵᠤ ᠤᠯᠠᠨ ᠲᠦᠷᠦᠯ ᠤᠨ ᠬᠡᠯᠪᠡᠷᠢ ᠮᠠᠶ᠋ᠢᠭ ᠢᠶᠠᠷ ᠬᠤᠤᠷ ᠴᠠᠭᠠᠵᠠᠯᠠᠬᠤ ᠠᠵᠢᠯ ᠢ ᠦᠷᠨᠢᠬᠦᠯᠵᠤ᠂ ᠪᠦᠬᠦ ᠬᠦᠴᠦᠨ  ᠢᠶᠠᠷ ᠵᠠᠰᠠᠭ ᠠᠵᠤ ᠠᠬᠤᠶᠢᠯᠠᠯ ᠬᠤᠯᠪᠤᠭᠠᠯᠠᠭᠰᠠᠨ ᠬᠤᠤᠷ ᠴᠠᠭᠠᠵᠠᠯᠠᠬᠤ ᠲᠠᠪᠴᠠᠩ ᠢ ᠪᠠᠶᠢᠭᠤᠯᠤᠨ᠂ ᠨᠡᠶᠢᠬᠡᠮ ᠤᠨ ᠪᠦᠯᠬᠦᠮ᠂ ᠠᠵᠤ ᠠᠬᠤᠶᠢᠯᠠᠯ ᠵᠡᠷᠬᠡ ᠨᠡᠶᠢᠬᠡᠮ ᠤᠨ ᠲᠤᠰᠠᠯᠠᠭᠴᠢ ᠬᠦᠴᠦᠨ ᠤ ᠴᠢᠬᠤᠯᠠ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃ 
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号