ᠮᠠᠨ ᠤ ᠰᠢᠶᠠᠨ ᠰᠤᠨᠢᠨ ᠮᠡᠳᠡᠬᠡᠨ ᠤ ᠰᠤᠷᠪᠤᠯᠵᠢᠯᠠᠭᠴᠢ᠂  ᠴᠢᠮᠡᠬᠡᠯᠡᠭᠴᠢ ᠶᠢᠨ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2019-07-03
                          ᠪᠦᠬᠦ ᠤᠯᠤᠰ ᠤᠨ ᠰᠤᠷᠳᠠᠯ ᠤᠬᠠᠭᠤᠯᠭ᠎ᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠳᠤ ᠴᠢᠳᠠᠮᠠᠭᠠᠢ᠂ ᠴᠢᠳᠠᠪᠤᠷᠢ ᠪᠠᠷ ᠦᠨᠳᠦᠷ᠂ ᠦᠨᠡᠨ ᠪᠤᠳᠠᠳᠠᠢ ᠶᠢ ᠡᠷᠬᠢᠮᠯᠡᠨ ᠰᠢᠨ᠎ᠠ ᠡᠬᠦᠳᠬᠦ᠂ ᠢᠯᠠᠯᠳᠠ ᠶᠢ ᠲᠡᠮᠡᠴᠡᠬᠦ ᠵᠤᠷᠢᠭᠳᠠᠢ ᠰᠤᠷᠳᠠᠯ ᠤᠬᠠᠭᠤᠯᠭ᠎ᠠ ᠶᠢᠨ ᠠᠵᠢᠯ  ᠤᠨ ᠡᠩᠨᠡᠭᠡ ᠶᠢ ᠪᠠᠶᠢᠭᠤᠯᠤᠨ᠂ ︽ᠲᠦᠷᠪᠡᠨ ᠬᠦᠴᠦᠨ︾ ᠢ ᠴᠢᠩᠭᠠᠳᠬᠠᠵᠤ᠂ ᠰᠤᠨᠢᠨ ᠮᠡᠳᠡᠬᠡᠨ ᠤ ᠤᠬᠠᠭᠤᠯᠭ᠎ᠠ  ᠶᠢᠨ ᠠᠵᠢᠯᠳᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠤᠯᠤᠨ ᠬᠢᠷᠢ ᠲᠦᠪᠰᠢᠨ ᠢ ᠲᠡᠬᠡᠭᠰᠢᠯᠡᠬᠦᠯᠵᠤ᠂ ᠰᠢᠨ᠎ᠠ ᠬᠡᠪ ᠪᠠᠶᠢᠳᠠᠯ ᠤᠨ ᠲᠤᠤᠷ᠎ᠠ ᠬᠡᠷᠬᠢᠨ ᠯᠢᠨᠰᠢ ᠰᠢᠶᠠᠨ ᠤ ᠦᠢᠯᠠ ᠶᠠᠪᠤᠳᠠᠯ ᠢ ᠪᠢᠴᠢᠭᠯᠡᠨ᠂ ᠯᠢᠨᠰᠢ ᠰᠢᠶᠠᠨ ᠤ ᠬᠦᠭᠵᠢᠯᠳᠠ ᠳᠤ ᠦᠵᠡᠯ ᠰᠠᠨᠠᠭᠠᠨ ᠤ ᠪᠠᠳᠤᠯᠠᠭ᠎ᠠ ᠪᠤᠯᠤᠨ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠬᠠᠩᠭᠠᠬᠤ ᠪᠠᠷ᠂ 6 ᠰᠠᠷ᠎ᠠ ᠶᠢᠨ27 ᠤ ᠡᠳᠦᠷ ᠠᠴᠠ28 ᠤ ᠡᠳᠦᠷ᠂ ᠪᠦᠬᠦ ᠰᠢᠶᠠᠨ ᠤ ᠰᠤᠨᠢᠨ ᠮᠡᠳᠡᠬᠡᠨ ᠤ ᠰᠤᠷᠪᠤᠯᠵᠢᠯᠠᠭᠴᠢ᠂ ᠴᠢᠮᠡᠬᠡᠯᠡᠭᠴᠢ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠨᠢ ᠰᠢᠶᠠᠨ ᠤ ᠬᠠᠮ ᠵᠠᠭᠤᠴᠢᠯᠠᠭᠤᠷ  ᠤᠨ ᠲᠦᠪ ᠲᠤ ᠶᠠᠪᠤᠭᠳᠠᠪᠠ᠃ ᠡᠯ᠎ᠡ ᠰᠢᠶᠠᠩ ᠪᠠᠯᠭᠠᠰᠤ᠂ ᠵᠡᠬᠡᠯᠢ ᠭᠤᠳᠤᠮᠵᠢ ᠶᠢᠨ ᠤᠬᠠᠭᠤᠯᠬᠤ ᠬᠡᠰᠢᠬᠦᠨ᠂ ᠤᠬᠠᠭᠤᠯᠬᠤ ᠠᠵᠢᠯᠳᠠᠨ᠂ ᠰᠢᠶᠠᠨ ᠤ ᠰᠢᠭᠤᠳ ᠬᠠᠷᠢᠶ᠎ᠠ ᠬᠤᠯᠪᠤᠭᠳᠠᠯ ᠪᠦᠬᠦᠢ ᠪᠠᠶᠢᠭᠤᠯᠭ᠎ᠠ ᠨᠢᠬᠡᠴᠡ ᠶᠢᠨ ᠰᠤᠨᠢᠨ ᠮᠡᠳᠡᠭᠡ ᠰᠤᠷᠳᠠᠯ ᠤᠬᠠᠭᠤᠯᠭ᠎ᠠ ᠶᠢᠨ ᠠᠵᠢᠯᠳᠠᠳ᠂ ᠰᠢᠶᠠᠨ ᠤ ᠬᠠᠮ ᠵᠠᠭᠤᠴᠢᠯᠠᠭᠤᠷ ᠤᠨ ᠲᠦᠪ ᠤᠨ ᠰᠤᠷᠪᠤᠯᠵᠢᠯᠠᠭᠴᠢ ᠪᠤᠯᠪᠠᠰᠤᠷᠠᠯ ᠳᠤ ᠤᠷᠤᠯᠴᠠᠵᠠᠢ᠃        ᠪᠤᠯᠪᠠᠰᠤᠷᠠᠯ ᠳᠤ᠂ ᠬᠢᠴᠢᠶᠡᠯᠡᠭᠴᠢ ᠪᠠᠭᠰᠢ ᠠᠴᠠ ᠰᠤᠨᠢᠨ ᠮᠡᠳᠡᠬᠡᠨ ᠤ ᠰᠡᠬᠦᠳᠡᠷᠯᠡᠨ ᠰᠢᠩᠬᠡᠬᠡᠬᠦ ᠤᠷ᠎ᠠ ᠮᠡᠷᠬᠡᠵᠢᠯ᠂ ᠦᠢᠯᠠᠭᠠᠭᠳᠠᠬᠤᠨ ᠵᠢᠷᠤᠭ ᠤᠨ ᠪᠦᠳᠦᠴᠠ᠂ ᠬᠡᠷᠡᠯ ᠢ ᠵᠦᠪ ᠠᠰᠢᠯᠠᠬᠤ᠂ ᠬᠡᠷᠬᠢᠨ ᠵᠠᠭᠤᠴᠢᠯᠠᠭᠤᠷ ᠤᠨ ᠬᠡᠪ ᠪᠠᠶᠢᠳᠠᠯ ᠢ ᠠᠳᠬᠤᠬᠤ᠂ ᠶᠠᠷᠢᠶ᠎ᠠ ᠬᠡᠯᠡᠯᠴᠡᠬᠡᠨ ᠤ ᠤᠷᠴᠢᠨ ᠲᠤᠭᠤᠷᠢᠨ᠂ ᠬᠦᠯᠢᠶᠡᠨ ᠠᠪᠬᠤ ᠡᠳᠡᠬᠡᠳ᠂ ᠴᠢᠮᠡᠬᠡᠯᠡᠭᠴᠢ ᠠᠴᠠ ᠬᠡᠷᠬᠢᠨ ᠰᠤᠨᠢᠨ ᠮᠡᠳᠡᠭᠡ ᠪᠢᠴᠢᠬᠦ ᠦᠨᠳᠦᠰᠦᠨ ᠠᠷᠭ᠎ᠠ ᠬᠡᠯᠪᠡᠷᠢ ᠶᠢ ᠲᠠᠷᠤᠢ ᠲᠦᠷᠬᠡᠨ ᠡᠵᠡᠮᠰᠢᠬᠦ ᠂ ᠰᠤᠨᠢᠨ ᠮᠡᠳᠡᠬᠡᠨ ᠤ ᠨᠦᠯᠦᠬᠡᠯᠡᠬᠦ ᠬᠦᠴᠦᠨ ᠢ ᠲᠡᠬᠡᠭᠰᠢᠯᠡᠬᠦᠯᠬᠦ ᠵᠡᠷᠬᠡ ᠲᠠᠯ᠎ᠠ ᠠᠴᠠ ᠤᠯᠠᠨ ᠳᠤ ᠬᠢᠴᠢᠶᠠᠯ ᠲᠠᠶᠢᠯᠤᠮᠵᠢ ᠬᠢᠭᠰᠡᠨ ᠪᠠᠶᠢᠨ᠎ᠠ᠃       ᠪᠤᠯᠪᠠᠰᠤᠷᠠᠯ ᠲᠠᠭᠤᠰᠤᠭᠰᠠᠨ ᠤ ᠲᠠᠷᠠᠭ᠎ᠠ᠂ ᠰᠢᠶᠠᠨ ᠤ ᠬᠠᠮ ᠵᠠᠭᠤᠴᠢᠯᠠᠭᠤᠷ ᠤᠨ ᠲᠦᠪ ᠠᠴᠠ ᠬᠡᠰᠡᠭ ᠪᠤᠯᠪᠠᠰᠤᠷᠠᠯ ᠳᠤ ᠤᠷᠤᠯᠴᠠᠭᠰᠠᠨ ᠤᠬᠠᠭᠤᠯᠬᠤ ᠬᠡᠰᠢᠬᠦᠨ᠂ ᠰᠤᠨᠢᠨ ᠮᠡᠳᠡᠬᠡᠨ ᠤ ᠤᠬᠠᠭᠤᠯᠭ᠎ᠠ ᠶᠢᠨ ᠠᠵᠢᠯᠳᠠᠨ ᠢ ᠤᠨᠴᠠ ᠤᠷᠢᠭᠰᠠᠨ ᠴᠢᠮᠡᠬᠡᠯᠡᠭᠴᠢ ᠪᠠᠷ ᠤᠷᠢᠬᠤ ᠶᠢᠨ ᠬᠠᠮᠳᠤ ᠰᠤᠨᠢᠨ ᠮᠡᠳᠡᠬᠡᠨ ᠤ ᠰᠤᠷᠪᠤᠯᠵᠢᠯᠠᠭᠴᠢ ᠪᠤᠯᠤᠨ ᠤᠨᠴᠠ ᠤᠷᠢᠭᠰᠠᠨ ᠴᠢᠮᠡᠬᠡᠯᠡᠭᠴᠢ ᠶᠢᠨ ᠨᠢᠬᠡ ᠨᠢᠬᠡ ᠶᠢᠨ ᠬᠠᠷᠠᠭᠠᠯᠵᠠᠠᠭᠰᠠᠨ ᠬᠠᠷᠢᠯᠴᠠᠬᠤ ᠠᠷᠭ᠎ᠠ ᠬᠡᠯᠪᠡᠷᠢ ᠶᠢ ᠪᠠᠶᠢᠭᠤᠯᠵᠠᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号