ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠨᠡᠶᠢᠬᠡᠮ ᠤᠨ ᠠᠮᠤᠷ ᠲᠦᠪᠰᠢᠨ ᠤ ᠶᠡᠭᠡ ᠲᠣᠭᠤᠷᠢᠨ ᠰᠡᠷᠭᠡᠶᠢᠯᠡᠯᠲᠡ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2019-09-26
      ᠰᠢᠶᠠᠨ ᠤ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ︽ᠵᠡᠭᠡᠯᠢ ᠳᠡᠭᠡᠷᠡᠬᠢ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠢ ᠦᠨᠳᠦᠰᠦᠯᠡᠵᠦ᠂ ᠯᠢᠨᠰᠢ ᠪᠠᠯᠭᠠᠰᠤ ︽ᠰᠢᠨ᠎ᠡ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠤ᠂ ᠦᠨᠡᠨᠴᠢ ᠰᠢᠳᠤᠷᠭᠤ ᠪᠠᠷ ᠶᠡᠭᠡ ᠪᠠᠶᠠᠷ ᠢ ᠪᠠᠲᠤᠯᠠᠬᠤ︾ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠨ᠂ ︽ᠲᠠᠪᠤᠨ ᠴᠢᠩᠭ᠎ᠠ ᠰᠡᠷᠬᠡᠶᠢᠯᠡᠯᠳᠠ᠂ ᠳᠥᠷᠪᠡ ᠶᠢ ᠦᠨᠡᠩᠬᠦ ᠪᠠᠲᠤᠯᠠᠬᠤ︾᠎ ᠪᠠᠷ ᠠᠵᠢᠯ ᠤᠨ ᠬᠠᠷᠠᠯᠲᠠ ᠪᠣᠯᠭᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃
     9 ᠰᠠᠷ᠎ᠠ ᠶᠢᠨ 17᠎ ᠤ ᠦᠳᠡ ᠶᠢᠨ ᠡᠮᠦᠨ᠎ᠡ᠂ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠨᠡᠶᠢᠬᠡᠮ ᠤᠨ ᠠᠮᠤᠷ ᠢ ᠬᠠᠮᠠᠭᠠᠯᠠᠬᠤ ᠶᠡᠭᠡ ᠴᠠᠭᠳᠠᠨ ᠰᠡᠷᠭᠡᠶᠢᠯᠡᠬᠦ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠠᠮᠤᠷ ᠢ ᠬᠠᠮᠠᠭᠠᠯᠠᠬᠤ ᠰᠦᠯᠵᠢᠶᠠᠨ ᠤ ᠠᠵᠢᠯᠳᠠᠨ ᠢ ᠬᠦᠳᠡᠯᠬᠡᠨ᠂ ︽ᠲᠤᠤᠷ ᠰᠦᠯᠵᠢᠶ᠎ᠠ ᠶᠢ ᠠᠭᠤᠰᠤᠯᠴᠠᠭᠤᠯᠬᠤ ᠢᠨᠵᠧᠨᠧᠷᠢᠩ︾᠎ ᠤᠨ ᠳᠠᠪᠠᠭᠤᠯᠢᠭ ᠲᠤ ᠲᠦᠰᠢᠭᠯᠡᠨ ᠬᠠᠷᠢᠶᠠᠲᠤ ᠣᠷᠣᠨ ᠤ ᠴᠠᠭᠳᠠᠨ ᠲᠣᠭᠤᠷᠢᠵᠤ ᠬᠠᠮᠢᠶᠠᠷᠤᠨ ᠡᠵᠡᠮᠳᠡᠬᠦ ᠠᠵᠢᠯ ᠢ ᠥᠷᠨᠢᠭᠦᠯᠵᠦ᠂ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠣᠷᠣᠨ ᠵᠠᠶ ᠶᠢ ᠴᠢᠨᠠᠭᠰᠢᠳᠠ ᠡᠪᠳᠡᠵᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃
      ᠡᠬᠢᠯᠡᠯᠲᠡ ᠶᠢᠨ ᠡᠳᠦᠷ᠂ ᠠᠷᠠᠳ ᠤᠨ ᠴᠠᠭᠳᠠᠭ᠎ᠠ ᠠᠮᠤᠷ ᠢ ᠬᠠᠮᠠᠭᠠᠯᠠᠬᠤ ᠰᠦᠯᠵᠢᠶᠡᠨ ᠤ ᠠᠵᠢᠯᠲᠠᠨ 60 ᠭᠠᠷᠤᠶ ᠬᠥᠮᠦᠨ ᠢ ᠳᠠᠭᠠᠭᠤᠯᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠠᠵᠢᠯᠯᠠᠭ᠎ᠠ ᠶᠢ ᠡᠷᠬᠢᠯᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠳᠤ ᠱᠠᠭᠠᠷᠳᠠᠯᠭ᠎ᠠ ᠳᠤᠷᠠᠳᠴᠠᠶ᠄ ᠨᠢᠭᠡ ᠳᠤ ᠤᠯᠤᠰ ᠲᠥᠷᠥ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ᠃ 70 ᠵᠢᠯ ᠤᠨ ᠣᠢ ᠶᠢ ᠪᠡᠯᠭᠡᠯᠡᠬᠦ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ︽ᠳᠥᠷᠪᠡᠨ ᠤᠬᠠᠮᠰᠠᠷ︾᠎ ᠤᠨ ᠬᠦᠴᠦᠷᠬᠡᠭ ᠡᠰᠡᠬᠦ ᠶᠢ ᠰᠢᠯᠭᠠᠬᠤ᠂ ︽ᠳᠥᠷᠪᠡᠨ ᠢᠲᠡᠭᠡᠯ︾ ᠪᠠᠲᠤ ᠴᠢᠩᠭ᠎ᠠ ᠡᠰᠡᠬᠦ᠂ ︽ᠬᠤᠶᠠᠷ ᠢ ᠬᠠᠮᠠᠭᠠᠯᠠᠬᠤ︾ ᠡᠷᠡᠰ ᠰᠢᠭᠤᠷᠬᠠᠶ ᠡᠰᠡᠬᠦ ᠶᠢ ᠰᠢᠯᠭᠠᠬᠤ ︽ᠰᠢᠯᠭᠠᠭᠤᠷ︾ ᠪᠣᠯᠭᠠᠵᠤ᠂ ᠠᠵᠢᠯ ᠤᠨ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠤᠨ᠂ ᠦᠨᠡᠨᠴᠢ ᠰᠢᠳᠤᠷᠭᠤ ᠪᠠᠷ ᠶᠡᠭᠡ ᠪᠠᠶᠠᠷ ᠢ ᠪᠠᠲᠤᠯᠠᠬᠤ ᠬᠡᠷᠡᠭᠲᠡᠶ︔ ᠬᠤᠶᠠᠷ ᠲᠤ᠂ ᠶᠡᠷᠦᠩᠬᠡᠢ ᠴᠤᠭᠴᠠ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠵᠡᠭᠡᠯᠢ ᠭᠤᠳᠤᠮᠵᠢ ᠲᠣᠰᠬᠤᠨ ᠤ ᠬᠦᠶ ᠨᠢᠭᠡᠳᠦᠯ ᠤᠨ ᠴᠠᠭᠳᠠᠨ ᠲᠣᠭᠤᠷᠢᠬᠤ ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠨᠡᠮᠡᠭᠳᠡᠬᠦᠯᠦᠨ᠂ ᠨᠡᠶᠢᠬᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ︔ ᠭᠤᠷᠪᠠ ᠳᠤ᠂ ︽ᠲᠣᠤᠷ ᠰᠦᠯᠵᠢᠶ᠎ᠠ ᠶᠢ ᠠᠭᠤᠰᠤᠯᠴᠠᠭᠤᠯᠬᠤ ᠢᠨᠵᠧᠨᠧᠷᠢᠩ︾᠎ ᠤᠨ ᠲᠠᠪᠴᠠᠩ ᠳᠤ ᠲᠦᠰᠢᠭᠯᠡᠨ᠂ ︽ᠹᠧᠩ ᠴᠢᠶᠣᠤ ᠶᠢᠨ ᠲᠤᠷᠰᠢᠯᠭ᠎ᠠ︾᠎ ᠪᠠᠷ ᠲᠣᠯᠢ ᠪᠣᠯᠭᠠᠵᠤ᠂ ᠣᠯᠠᠨ ᠲᠦᠮᠡᠨ ᠤ ᠵᠥᠷᠢᠴᠡᠯ ᠢ ᠢᠳᠡᠪᠬᠢᠲᠡᠢ ᠨᠠᠮᠳᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠨ᠂ ᠳᠠᠯᠳᠠ ᠬᠡᠮ ᠢ ᠪᠠᠶᠢᠴᠠᠭᠠᠵᠤ᠂ ᠠᠳᠡᠯ ᠭᠠᠷᠬᠤ ᠶᠢ ᠰᠡᠷᠬᠡᠶᠢᠯᠡᠬᠦ ᠬᠡᠷᠡᠭᠳᠠᠢ ᠬᠡᠵᠠᠢ᠃
      ᠶᠣᠰᠣᠯᠠᠯ ᠳᠠᠭᠤᠰᠤᠭᠰᠠᠨ ᠤ ᠳᠠᠷᠠᠭ᠎ᠠ᠂ ᠯᠢᠨᠰᠢ ᠪᠠᠯᠭᠠᠰᠤᠨ ᠤ ᠲᠣᠮᠢᠯᠠᠭᠰᠠᠨ ᠰᠠᠯᠪᠤᠷᠢ ᠠᠮᠤᠷ ᠢ ᠬᠠᠮᠠᠭᠠᠯᠠᠬᠤ ᠰᠦᠯᠵᠢᠶᠠᠨ ᠤ ᠠᠵᠢᠯᠲᠠᠨ ᠨᠢᠭᠡᠪᠦᠷᠢ ᠳᠤ ᠲᠤᠰᠬᠠᠶ ᠬᠤᠪᠴᠠᠰᠤ᠂ ᠬᠠᠨᠴᠤᠶ ᠶᠢᠨ ᠲᠡᠮᠳᠡᠭ᠂ ᠠᠵᠢᠯ ᠤᠨ ᠦᠨᠡᠮᠯᠡᠯ ᠲᠤᠬᠢᠷᠠᠭᠤᠯᠤᠨ ᠥᠭᠴᠦ᠂ ᠠᠷᠠᠳ ᠤᠨ ᠴᠠᠭᠳᠠᠭ᠎ᠠ ᠠᠴᠠ ᠠᠮᠤᠷ ᠢ ᠬᠠᠮᠠᠭᠠᠯᠠᠬᠤ ᠰᠦᠯᠵᠢᠶᠠᠨ ᠤ ᠠᠵᠢᠯᠲᠠᠨ ᠢ ᠳᠠᠭᠠᠭᠤᠯᠤᠨ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠨᠢᠭᠡᠴᠡ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ᠂ ᠬᠤᠳᠠᠯᠳᠤᠭᠠᠨ ᠤ ᠲᠣᠤᠷ ᠴᠡᠭ ᠵᠡᠷᠭᠡ ᠬᠡᠷᠡᠭ ᠣᠯᠠᠨ ᠭᠠᠷᠳᠠᠭ ᠣᠷᠣᠨ ᠪᠦᠰᠡ ᠳᠤ ᠲᠣᠭᠤᠷᠢᠨ ᠴᠠᠭᠳᠠᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号