ᠯᠢᠨᠰᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠪᠣᠯᠤᠨ ᠴᠧᠩ ᠨᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ︽ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠵᠦ ᠬᠠᠷᠢᠯᠴᠠᠨ ᠰᠤᠷᠪᠤᠯᠵᠢᠯᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-09-26
      ᠨᠠᠮ ᠤᠨ ᠪᠠᠶᠢᠭᠤᠯᠤᠯᠳᠠ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠨᠠᠭᠰᠢᠳᠠ ᠨᠠᠶᠢᠳᠠᠪᠤᠷᠢᠵᠢᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 20᠎ ᠤ ᠦᠳᠡ ᠡᠮᠦᠨ᠎ᠡ᠂ ᠯᠢᠨᠰᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠪᠣᠯᠤᠨ ᠴᠧᠩ ᠨᠠᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ︽ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠵᠦ ᠬᠠᠷᠢᠯᠴᠠᠨ ᠰᠤᠷᠪᠤᠯᠵᠢᠯᠠᠬᠤ︾ ᠠᠵᠢᠯᠯᠠᠭ᠎ᠠ ᠥᠷᠨᠢᠭᠦᠯᠪᠡ᠃
      ᠲᠣᠰ ᠤᠳᠠᠭ᠎ᠠ ᠶᠢᠨ ᠠᠵᠢᠯᠯᠠᠭ᠎ᠠ ᠳᠤ ︽ᠶᠠᠷᠢᠬᠤ᠂ ᠦᠵᠡᠬᠦ᠂ ᠠᠰᠠᠭᠤᠬᠤ᠂ ᠬᠠᠷᠢᠭᠤᠯᠬᠤ︾ ᠠᠷᠭ᠎ᠠ ᠬᠡᠯᠪᠡᠷᠢ ᠶᠢ ᠠᠪᠴᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠪᠠᠶᠢᠭᠤᠯᠤᠯᠳ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ︽ᠭᠤᠷᠪᠠᠨ ᠬᠤᠷᠠᠯ ᠨᠢᠭᠡ ᠬᠢᠴᠢᠶᠡᠯ︾᠎ ᠤᠨ ᠳᠦᠷᠢᠮ᠂ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠰᠠᠨᠠᠯ ᠰᠠᠨᠠᠭᠤᠯᠭ᠎ᠠ ᠳᠤᠷᠠᠳᠴᠤ᠂ ᠰᠠᠶᠢᠨ ᠲᠤᠷᠰᠢᠯᠭ᠎ᠠ᠂ ᠠᠷᠭ᠎ᠠ ᠬᠢᠳᠡᠯ ᠳᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠯᠢ ᠪᠣᠯᠭᠠᠨ ᠬᠡᠷᠡᠭᠯᠡᠪᠡ᠃
     ︽ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠵᠦ ᠬᠠᠷᠢᠯᠴᠠᠨ ᠰᠤᠷᠪᠤᠯᠵᠢᠯᠠᠬᠤ︾ ᠠᠵᠢᠯᠯᠠᠭ᠎ᠠ ᠪᠠᠷ ᠳᠠᠮᠵᠢᠨ᠂ ᠯᠢᠨᠰᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠨᠠᠮ ᠤᠨ ᠶᠡᠷᠦᠩᠬᠡᠶ ᠡᠭᠦᠷ ᠤᠨ ᠬᠢᠨ ᠲᠣᠰ ᠪᠡᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠣᠷᠣᠰᠢᠵᠤ ᠪᠠᠶ᠋ᠭ᠎ᠠ ᠠᠰᠠᠭᠤᠳᠠᠯ ᠪᠣᠯᠤᠨ ᠬᠦᠷᠦᠯᠴᠡᠬᠦ ᠥᠬᠡᠶ ᠲᠠᠯ᠎ᠠ ᠪᠠᠨ ᠴᠢᠨᠠᠭᠰᠢᠳᠠ ᠲᠠᠨᠢᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠦᠬᠦ ᠲᠠᠯ᠎ᠠ ᠪᠠᠷ ᠰᠠᠶᠢᠵᠢᠷᠠᠭᠤᠯᠤᠨ ᠲᠡᠭᠦᠯᠳᠡᠷᠵᠢᠭᠦᠯᠦᠭᠰᠡᠨ ᠤ ᠤᠯᠠᠮ ᠢᠶᠠᠷ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠎ ᠤᠨ ᠤᠯᠠᠮ ᠴᠢᠨᠠᠭᠰᠢᠳᠠ ᠳᠡᠭᠡᠭᠰᠢᠯᠡᠬᠦ ᠶᠢ ᠠᠬᠢᠭᠤᠯᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号