ᠭᠤᠸᠠᠨᠳᠢ ᠪᠠᠯᠭᠠᠰᠤᠨ ᠤ ᠬᠤᠶᠠᠷ ᠮᠣᠳᠣ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2019-09-26
     ᠬᠤᠶᠠᠷ ᠮᠤᠳᠤ ᠲᠤᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠠ ᠦᠵᠡᠭᠦᠯᠬᠦ ᠴᠡᠭ ᠢ ᠪᠦᠲᠦᠭᠡᠨ ᠪᠠᠶᠢᠭᠤᠯᠬᠤ ᠲᠥᠯᠥᠪᠯᠡᠭᠡ ᠶᠢᠨ ᠶᠡᠷᠦᠩᠬᠡᠶ ᠪᠡᠯᠡ ᠣᠷᠣᠭᠤᠯᠤᠯᠲᠠ ᠨᠢ 600.725 ᠲᠦᠮᠡᠨ ᠲᠥᠭᠦᠷᠢᠭ ᠪᠣᠯᠤᠨ᠎ᠠ᠃ ᠭᠤᠣᠯᠳᠠᠭᠤ ᠬᠤᠭ ᠨᠣᠪᠰᠢ ᠰᠢᠢᠳᠪᠦᠷᠢᠯᠡᠬᠦ᠂ ᠵᠣᠷᠯᠣᠩ ᠤᠨ ᠬᠤᠪᠢᠰᠬᠠᠯ᠂ ᠠᠵᠤ ᠦᠢᠯᠡᠰ ᠤᠨ ᠬᠥᠭᠵᠢᠯᠲᠡ ᠪᠠ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠥᠷᠥᠯ ᠵᠦᠢᠯ ᠳᠤ ᠬᠡᠷᠡᠭᠯᠡᠨ᠎ᠡ᠃       ᠨᠢᠭᠡ᠂ ᠬᠤᠭ ᠨᠣᠪᠰᠢ ᠶᠢ ᠰᠡᠶᠢᠳᠪᠦᠷᠢᠯᠡᠬᠦ᠄ ᠡᠳ᠋ ᠪᠣᠳᠠᠰ ᠤᠨ ᠪᠡᠯᠡᠳᠬᠡᠯ᠄ 50 L ᠬᠤᠭ ᠨᠣᠪᠰᠢ ᠶᠢᠨ ᠲᠦᠩᠰᠡ 450᠂ ᠪᠠᠯᠠ ᠮᠥᠩᠭᠦ 4.725 ᠲᠦᠮᠡᠨ ᠲᠥᠭᠦᠷᠢᠭ︔ ᠡᠯᠬᠦᠬᠦᠷ ᠬᠠᠨᠠᠳᠤ ᠬᠤᠭ ᠨᠣᠪᠰᠢ ᠶᠢᠨ ᠬᠠᠶᠢᠷᠴᠠᠭ 55᠂ ᠡᠯᠬᠦᠬᠦᠷ ᠬᠠᠨᠠᠳᠤ ᠬᠤᠭ ᠨᠣᠪᠰᠢ ᠶᠢᠨ ᠲᠡᠷᠭᠡ 2᠂ ᠪᠠᠯᠠ ᠮᠥᠩᠭᠦ 105.5 ᠲᠦᠮᠡᠨ ᠲᠥᠭᠦᠷᠢᠭ︔ ᠲᠥᠷᠥᠯ ᠬᠤᠪᠢᠶᠠᠭᠰᠠᠨ ᠵᠢᠮᠢᠰ ᠤᠨ ᠬᠠᠯᠢᠰᠤ ᠬᠠᠶᠠᠬᠤ ᠬᠠᠶᠢᠷᠴᠠᠭ 100᠂ ᠪᠡᠯᠡ ᠮᠥᠩᠭᠦ 6 ᠲᠦᠮᠡᠨ ᠲᠥᠭᠦᠷᠢᠭ︔ 3.7 ᠪᠤᠰᠤᠭ᠎ᠠ ᠲᠦᠷᠪᠡᠯᠵᠢᠨ ᠮᠧᠲᠷ ᠪᠣᠬᠢᠷ ᠪᠤᠷᠳᠠᠭ ᠢ ᠰᠤᠷᠤᠬᠤ ᠲᠡᠷᠭᠡ 1᠂ 21 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ︔ 17 ᠪᠣᠰᠤᠭ᠎ᠠ ᠲᠡᠭᠰᠢ ᠲᠦᠷᠪᠡᠯᠵᠢᠨ ᠰᠢᠯᠵᠢᠮᠡᠯ ᠤᠰᠤᠨ ᠲᠦᠪᠰᠢᠨ ᠢ ᠲᠠᠷᠤᠰᠢᠭᠤᠯᠬᠤ ᠥᠷᠲᠡᠭᠡ 1 ᠢᠵᠢ᠂ 55 ᠲᠦᠮᠡᠨ ᠲᠥᠭᠦᠷᠢᠭ ᠤᠨ ᠪᠡᠯᠡ ᠮᠥᠩᠭᠦ︔ ᠪᠠᠷᠢᠯᠭ᠎ᠠ ᠶᠢᠨ ᠬᠤᠭ ᠨᠣᠪᠰᠢ ᠪᠤᠯᠠᠬᠤ ᠲᠠᠯᠠᠪᠠᠢ ᠨᠢᠭᠡ ᠭᠠᠵᠠᠷ ᠢ ᠪᠠᠶᠢᠭᠤᠯᠵᠤ᠂ 15 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ ᠃ ᠪᠣᠳᠠᠲᠠᠶ ᠬᠢᠬᠦ ᠠᠷᠭ᠎ᠠ ᠨᠢ᠄ 450 ᠡᠷᠦᠬᠡ ᠭᠠᠴᠠᠭᠠᠨ ᠤ ᠠᠷᠠᠳ ᠤᠨ ᠭᠡᠷ ᠲᠤ 50 L ᠬᠤᠭ ᠨᠣᠪᠰᠢ ᠶᠢᠨ ᠲᠦᠩᠰᠡ ᠨᠢᠭᠡ ᠶᠢ ᠲᠠᠯᠪᠢᠵᠤ᠂ 6 — 7 ᠡᠷᠦᠬᠡ ︵ᠪᠣᠳᠠᠲᠠᠶ ᠵᠠᠶ ᠶᠢ ᠦᠨᠳᠦᠰᠦᠯᠡᠨ ᠬᠡᠮᠵᠢᠨ ᠪᠣᠳᠣᠨ᠎ᠠ︶ ᠪᠣᠯᠭᠠᠨ ᠬᠦᠷᠢᠶᠡᠨ ᠤ ᠭᠠᠳᠠᠨᠠᠬᠢ ᠭᠤᠳᠤᠮᠵᠢ ᠳᠤ ᠨᠢᠭᠡ ᠡᠯᠬᠦᠬᠦᠷ ᠬᠠᠨᠠᠳᠤ ᠬᠤᠭ ᠨᠣᠪᠰᠢ ᠶᠢᠨ ᠬᠠᠶᠢᠷᠴᠠᠭ ᠲᠠᠯᠪᠢᠵᠤ ᠂ ᠲᠣᠰᠬᠤᠨ ᠤ ᠠᠷᠠᠳ ᠬᠤᠭ ᠨᠣᠪᠰᠢ ᠪᠠᠨ ᠥᠪᠡᠷ ᠢᠶᠠᠨ ᠬᠤᠭ ᠤᠨ ᠬᠠᠶᠢᠷᠴᠠᠭ ᠲᠤ ᠬᠢᠨ᠎ᠡ᠃  ᠡᠯᠬᠦᠬᠦᠷ ᠬᠠᠨᠠᠳᠤ ᠬᠤᠭ ᠤᠨ ᠲᠡᠷᠭᠡ ᠪᠠᠷ ᠴᠡᠪᠡᠷᠯᠡᠨ ᠵᠥᠭᠡᠭᠡᠪᠦᠷᠢᠯᠡᠨ᠎ᠡ᠃ 207.9 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠪᠠ᠃       ᠬᠤᠶᠠᠷ᠂ ᠵᠣᠷᠯᠣᠩ ᠤᠨ ᠬᠤᠪᠢᠰᠬᠠᠯ᠄ ᠨᠡᠶᠢᠲᠡ ᠶᠢᠨ ᠵᠣᠷᠯᠣᠩ᠂ ᠡᠷᠦᠬᠡ ᠬᠤᠪᠢᠶᠠᠭᠰᠠᠨ ᠤᠰᠤᠨ ᠵᠣᠷᠯᠣᠩ ᠂ ᠬᠠᠭᠤᠷᠠᠶ ᠵᠣᠷᠯᠣᠩ ᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠨᠥᠬᠦᠪᠥᠷᠢ ᠥᠭᠬᠦ ᠪᠠ ᠲᠠᠷᠢᠶᠠᠴᠢᠨ ᠡᠷᠦᠬᠡ ᠶᠢᠨ ᠥᠪᠡᠷ ᠢᠶᠠᠷ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ ᠵᠠᠭᠪᠤᠷ ᠤᠨ ᠪᠦᠲᠦᠭᠡᠨ ᠪᠠᠢᠭᠤᠯᠤᠯᠲᠠ᠃ 2 ᠰᠠᠭᠤᠷᠢ ᠨᠡᠶᠢᠲᠡ ᠶᠢᠨ ᠵᠣᠷᠯᠣᠩ ᠢ ᠪᠠᠶᠢᠭᠤᠯᠵᠤ᠂ 40 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃ ᠡᠷᠦᠬᠡ ᠶᠢᠨ ᠵᠣᠷᠯᠣᠩ 324 ᠪᠠᠶᠢᠵᠤ᠂ ᠡᠭᠦᠨ ᠳᠤ 50 ᠡᠷᠦᠬᠡ ᠲᠠᠷᠢᠶᠠᠴᠢᠨ ᠡᠷᠦᠬᠡ ᠶᠢᠨ ᠵᠣᠷᠯᠣᠩ ᠤᠨ ᠨᠥᠬᠦᠪᠥᠷᠢ ᠶᠢᠨ ᠪᠠᠯᠠ ᠮᠥᠩᠭᠦ 12.5 ᠲᠦᠮᠡᠨ ᠲᠥᠭᠦᠷᠢᠭ᠂ ᠵᠢᠱᠢᠯᠲᠡ ᠪᠠᠷ ᠡᠯ᠎ᠡ ᠵᠦᠢᠯ ᠤᠨ ᠨᠥᠬᠦᠪᠥᠷᠢ ᠶᠢᠨ ᠪᠠᠯᠠ ᠮᠥᠩᠭᠦ 52.5 ᠲᠦᠮᠡᠨ ᠲᠥᠭᠦᠷᠢᠭ ᠪᠠᠶᠢᠨ᠎ᠠ᠃       ᠭᠤᠷᠪᠠ᠂ ᠠᠵᠤ ᠦᠢᠯᠡᠰ ᠢ ᠬᠦᠭᠵᠢᠬᠦᠯᠬᠦ ᠲᠥᠷᠥᠯ᠄ 40 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠶᠠᠷ ᠮᠣᠳᠣ ᠲᠣᠰᠬᠤᠨ ᠳᠤ ᠫᠧᠩ ᠤᠨ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠵᠤ᠂ 140 ᠡᠷᠦᠬᠡ 230 ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠨ᠎ᠠ᠃ 181 ᠲᠦᠮᠡᠨ ᠲᠥᠭᠦᠷᠢᠭ ᠤᠨ ᠪᠡᠯᠡ ᠣᠷᠣᠭᠤᠯᠵᠤ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠳᠤ ᠨᠡᠶᠢᠲᠡ ᠲᠦᠮᠡᠨ ᠲᠥᠭᠦᠷᠢᠭ ᠵᠠᠷᠤᠴᠠᠭᠤᠯᠤᠨ᠎ᠠ᠃       ᠲᠦᠷᠪᠡ᠂ ᠨᠣᠭᠤᠭᠠᠷᠠᠭᠤᠯᠤᠯᠲᠠ᠄ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠣᠢ 28 ᠮᠦ ᠲᠠᠷᠢᠵᠤ᠂ 40 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃       ᠲᠠᠪᠤ᠂ ᠵᠡᠭᠡᠯᠢ ᠭᠤᠳᠤᠮᠵᠢ ᠶᠢᠨ ᠬᠤᠶᠠᠷ ᠬᠠᠵᠠᠭᠤ ᠶᠢᠨ ᠣᠷᠴᠢᠨ ᠲᠣᠭᠤᠷᠢᠨ ᠢ ᠵᠠᠰᠠᠬᠤ ᠳᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠵᠡᠭᠡᠯᠢ ᠭᠤᠳᠤᠮᠵᠢ ᠶᠢᠨ ᠪᠣᠳᠠᠲᠤ ᠪᠠᠶᠢᠳᠠᠯ ᠢ ᠦᠨᠳᠦᠰᠦᠯᠡᠬᠦ ᠶᠢᠨ ᠬᠠᠮᠲᠤ ᠬᠠᠲᠠᠭᠤᠷᠠᠭᠤᠯᠤᠭᠰᠠᠨ ᠲᠠᠯᠠᠪᠠᠢ ᠨᠢ 4400 ᠲᠡᠭᠰᠢ ᠳᠥᠷᠪᠡᠯᠵᠢᠨ ᠮᠧᠲᠷ ᠪᠠᠶᠢᠵᠤ᠂ 50 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃       ᠵᠢᠷᠭᠤᠭ᠎ᠠ᠂ ᠡᠷᠳᠡᠨᠢ ᠰᠢᠰᠢ ᠶᠢᠨ ᠡᠰᠢ ᠰᠦᠷᠡᠯ ᠮᠥᠬᠦᠯᠢᠭᠲᠦ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ ᠳᠤ 30 ᠲᠦᠮᠡᠨ ᠲᠥᠭᠦᠷᠢᠭ ᠤᠨ ᠪᠡᠯᠡ ᠣᠷᠣᠭᠤᠯᠤᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号