ᠰᠣᠨᠢᠷᠬᠠᠯᠲᠤ ᠲᠠᠮᠢᠷ ᠤᠨ ᠬᠦᠳᠡᠯᠬᠡᠬᠡᠨ ᠠᠮᠵᠢᠯᠳᠠᠳᠠᠢ ᠶᠠᠪᠤᠭᠳᠠᠪᠠ
ᠨᠡᠶᠢᠲᠡᠯᠡᠭᠰᠡᠨ ᠴᠠᠭ᠄
2019-09-26
                             9 ᠰᠠᠷ᠎ᠠ ᠶᠢᠨ 20᠎ ᠤ ᠦᠳᠡ ᠡᠮᠦᠨ᠎ᠡ᠂ ᠰᠢᠨ ᠯᠢᠨ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠪᠠᠭ᠎ᠠ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠵᠦ᠂ ᠰᠤᠷᠭᠠᠭᠤᠯᠢ ᠶᠢᠨ ᠡᠮᠡᠭᠳᠠᠶᠢᠴᠤᠳ ᠤᠨ ᠬᠤᠯᠪᠣᠭ᠎ᠠ ᠰᠤᠷᠭᠠᠭᠤᠯᠢ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠡᠶ᠎ᠡ ᠶᠢᠨ ᠲᠠᠮᠢᠷ ᠤᠨ ᠳᠤᠭᠤᠢᠯᠠᠩ ᠤᠨ ᠳᠡᠮᠵᠢᠯᠭᠡ ᠳᠣᠤᠷ᠎ᠠ᠂ ᠪᠦᠬᠦ ᠰᠤᠷᠭᠠᠭᠤᠯᠢ ᠶᠢᠨ ᠡᠮᠡᠭᠲᠡᠶ ᠪᠠᠭᠰᠢ ᠠᠵᠢᠯᠲᠠᠨ ᠢ ᠵᠣᠬᠢᠶᠠᠨ ᠪᠠᠶᠢᠭᠤᠯᠵᠤ ᠢᠳᠡᠪᠬᠢᠲᠡᠢ ᠣᠷᠣᠯᠴᠠᠭᠤᠯᠪᠠ᠃ ᠲᠠᠮᠢᠷ ᠤᠨ ᠲᠠᠯᠠᠪᠠᠢ ᠳᠡᠭᠡᠷ᠎ᠡ ᠡᠮᠡᠭᠲᠡᠶ ᠪᠠᠭᠰᠢ ᠨᠠᠷ ᠰᠦᠷ ᠵᠢᠪᠬᠤᠭ᠎ᠠ ᠪᠠᠨ ᠪᠠᠳᠠᠷᠠᠭᠤᠯᠵᠤ᠂ ᠲᠣᠰ ᠲᠣᠰ 4 X 30 ᠮᠧᠲᠷ ᠤᠨ ᠬᠥᠯ ᠪᠥᠮᠪᠦᠭᠡ᠂ ᠣᠯᠠᠨ ᠬᠥᠮᠦᠨ ᠤ ᠬᠥᠯ ᠪᠥᠮᠪᠦᠭᠡ᠂ ᠴᠡᠭ ᠲᠣᠭᠲᠠᠭᠠᠨ ᠰᠠᠭᠰᠤᠯᠠᠬᠤ᠂ ᠬᠥᠯ ᠪᠥᠮᠪᠦᠭᠡ ᠶᠢᠨ ᠴᠡᠭ ᠲᠣᠭᠲᠠᠭᠠᠨ ᠡᠭᠦᠳᠡ ᠰᠤᠮᠤᠳᠠᠬᠤ ᠵᠡᠷᠭᠡ ᠣᠯᠠᠨ ᠲᠥᠷᠥᠯ ᠵᠦᠢᠯ ᠳᠤ ᠣᠷᠣᠯᠴᠠᠵᠤ᠂  ᠡᠮᠡᠭᠳᠠᠶᠢᠴᠤᠳ ᠤᠨ ᠰᠦᠷ ᠵᠢᠪᠬᠤᠭ᠎ᠠ ᠶᠢ ᠬᠠᠷᠠᠭᠤᠯᠵᠤ᠂ ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠬᠤ ᠵᠣᠷᠢᠭ ᠰᠠᠨᠠᠭ᠎ᠠ ᠨᠢ ᠡᠷᠡᠭᠦᠯ ᠴᠢᠭᠢᠷᠠᠭ ᠢ ᠣᠯᠵᠤ᠂ ᠪᠠᠶᠠᠷ ᠪᠠᠶᠠᠰᠤᠯ ᠢ ᠤᠯᠤᠭᠰᠠᠨ ᠪᠠᠶᠢᠨ᠎ᠠ᠃
     ᠲᠣᠰ ᠤᠳᠠᠭᠠᠨ ᠤ ᠲᠠᠮᠢᠷ ᠤᠨ ᠬᠦᠳᠡᠯᠬᠡᠬᠡᠨ ᠨᠢ ᠡᠮᠡᠭᠲᠡᠶ ᠪᠠᠭᠰᠢ ᠠᠵᠢᠯᠴᠢᠳ ᠤᠨ ᠪᠦᠯᠬᠦᠮ ᠨᠡᠶᠢᠲᠡ ᠶᠢᠨ ᠬᠠᠮᠵᠢᠯᠴᠠᠭ᠎ᠠ᠂ ᠡᠷᠡᠯᠬᠡᠭᠯᠡᠨ ᠲᠡᠮᠡᠴᠡᠬᠦ᠂ ᠲᠡᠷᠢᠭᠦᠨ ᠪᠠᠶᠢᠷᠢ ᠶᠢ ᠣᠯᠬᠤ ᠪᠠᠷ ᠡᠭᠦᠷᠢᠳᠡ ᠲᠡᠮᠡᠴᠡᠬᠦ ᠵᠣᠷᠢᠭ ᠰᠠᠨᠠᠭ᠎ᠠ ᠶᠢ ᠬᠦᠭᠵᠢᠬᠡᠭᠰᠡᠨ ᠢᠶᠠᠷ ᠪᠠᠷᠠᠬᠤ ᠥᠬᠡᠶ᠂ ᠲᠡᠳᠡᠨ ᠳᠤ ᠨᠠᠭᠠᠳᠤᠨ ᠴᠡᠩᠭᠡᠬᠦ ᠳᠤᠮᠳᠠ ᠪᠠᠶᠠᠷ ᠪᠠᠶᠠᠰᠤᠯ ᠢ ᠡᠳ᠋ᠯᠡᠭᠦᠯᠵᠦ᠂ ᠪᠠᠶᠠᠷ ᠪᠠᠶᠠᠰᠤᠯ ᠤᠨ ᠳᠤᠮᠳᠠ ᠣᠯᠤᠯᠲᠠ ᠲᠠᠢ ᠪᠤᠯᠭᠠᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号