2019 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠶᠠᠯᠠᠯ︾᠎ ᠤᠨ ᠨᠠᠮᠤᠷ ᠤᠨ ᠤᠯᠠᠷᠢᠯ ᠤᠨ ᠠᠵᠢᠯᠯᠠᠭ᠎ᠠ ᠯᠢᠨᠰᠢ ᠪᠠᠯᠭᠠᠰᠤᠨ ᠳᠤ ᠬᠦᠷᠪᠡ
ᠨᠡᠶᠢᠲᠡᠯᠡᠭᠰᠡᠨ ᠴᠠᠭ᠄
2019-09-26
      ᠥᠷᠭᠡᠨ ᠣᠯᠠᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ᠂ 2019᠎ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠶᠠᠯᠠᠯ︾᠎ ᠤᠨ ᠨᠠᠮᠤᠷ ᠤᠨ ᠤᠯᠠᠷᠢᠯ ᠤᠨ ᠠᠵᠢᠯᠯᠠᠭ᠎ᠠ ᠎ ᠪᠠᠷ ᠯᠢᠨᠰᠢ ᠪᠠᠯᠭᠠᠰᠤᠨ ᠳᠤ ᠬᠦᠷᠴᠦ᠂ ᠬᠦᠬᠡᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠮᠠᠯ ᠤᠨ ᠲᠤᠰᠬᠠᠶ ᠮᠡᠷᠭᠡᠵᠢᠯᠲᠡᠨ ᠯᠢᠦ ᠸᠧᠶ ᠪᠢᠨ ᠯᠧᠺᠲ᠋ᠣᠷ ᠪᠦᠬᠦ ᠪᠠᠯᠭᠠᠰᠤᠨ ᠤ ᠲᠠᠷᠢᠮᠠᠯ ᠤᠨ ᠡᠷᠦᠬᠡ ᠳᠤ ᠲᠤᠬᠠᠶ ᠶᠢᠨ ᠲᠠᠯᠠᠪᠠᠢ ᠶᠢᠨ ᠵᠢᠯᠣᠭᠤᠳᠤᠯᠭ᠎ᠠ ᠬᠢᠭᠰᠡᠨ ᠪᠥᠭᠡᠳ ᠰᠢᠰᠲ᠋ᠧᠮ ᠲᠠᠢ ᠲᠠᠶᠢᠯᠤᠮᠵᠢ ᠬᠢᠵᠡᠶ᠃
       ᠪᠣᠯᠪᠠᠰᠤᠷᠠᠯ ᠤᠨ ᠠᠩᠭᠢ ᠳᠤ᠂ ᠯᠢᠦ ᠸᠧᠶ ᠪᠢᠨ ᠯᠧᠺᠲ᠋ᠣᠷ ᠥᠨᠳᠥᠷ ᠤᠨᠠᠯᠲᠠ ᠲᠠᠢ ᠯᠠᠵᠤᠤ ᠲᠠᠷᠢᠬᠤ ᠮᠡᠷᠭᠡᠵᠢᠯ᠂ ᠥᠨᠳᠥᠷ ᠤᠨᠠᠯᠲᠠ ᠲᠠᠢ ᠬᠤᠯᠤᠤᠪᠠᠩ ᠲᠠᠷᠢᠵᠤ ᠤᠷᠭᠤᠭᠤᠯᠬᠤ ᠮᠡᠷᠭᠡᠵᠢᠯ ᠬᠤᠶᠠᠷ ᠲᠠᠯ᠎ᠠ ᠶᠢᠨ ᠠᠭᠤᠯᠭ᠎ᠠ ᠶᠢᠨ ᠲᠤᠬᠠᠶ ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠭᠰᠡᠨ ᠪᠥᠭᠡᠳ ᠲᠤᠬᠠᠶ ᠶᠢᠨ ᠲᠠᠯᠠᠪᠠᠢ ᠳᠤ ᠰᠤᠷᠤᠭᠴᠢᠳ ᠲᠠᠢ ᠬᠠᠷᠢᠯᠴᠠᠨ ᠬᠥᠳᠡᠯᠦᠯᠴᠡᠵᠦ᠂ ᠲᠡᠳᠡᠨ ᠤ ᠠᠰᠠᠭᠤᠭᠰᠠᠨ ᠵᠦᠢᠯ ᠳᠤ ᠲᠤᠳᠤᠷᠬᠠᠢ ᠬᠠᠷᠢᠭᠤᠯᠳᠠ ᠦᠭᠴᠦ ᠡᠬᠡᠳᠡᠷᠬᠡᠨ ᠲᠥᠭᠡᠷᠢᠭᠳᠡᠯ ᠢ ᠨᠢ ᠠᠷᠢᠯᠭᠠᠪᠠ᠃       ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠥᠷᠨᠢᠭᠦᠯᠦᠭᠰᠡᠨ ᠨᠢ ᠲᠠᠷᠢᠮᠠᠯ ᠤᠨ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠲᠠᠷᠠᠭᠠᠴᠢ ᠶᠢᠨ ᠠᠯᠬᠤᠮ ᠳᠤ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号