| ᠦᠢᠷ᠎ᠠ ᠳᠤ᠂ ᠯᠢᠨᠰᠢ ᠰᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠮᠥᠩᠭᠦᠨ ᠬᠦᠢᠯᠬᠡᠬᠡᠨ ᠤ | ᠰᠢᠰᠲ᠋ᠧᠮ ᠵᠡᠷᠭᠡ ᠨᠢᠬᠡᠴᠢ ᠪᠠ ᠴᠠᠬᠢᠯᠭᠠᠨ ᠬᠤᠯᠪᠣᠭ᠎ᠠ᠂ ᠨᠢᠭᠡᠳᠦᠮᠡᠯ ᠬᠤᠯᠪᠣᠭ᠎ᠠ ᠵᠡᠷᠭᠡ ᠰᠦᠯᠵᠢᠶᠡᠨ ᠤ | ᠡᠵᠡᠩᠨᠡᠯᠲᠡ ᠶᠢᠨ ᠠᠵᠤ ᠠᠬᠤᠶᠢᠯᠠᠯ ᠠᠴᠠ ᠰᠢᠶᠠᠨ ᠤ ᠴᠦᠨ ᠯᠧᠢ ᠠᠭᠤᠳᠠᠮ ᠲᠠᠯᠠᠪᠠᠢ ᠳᠤ ᠰᠦᠯᠵᠢᠶᠡᠨ ᠤ ᠠᠮᠤᠷ | ᠲᠦᠪᠰᠢᠨ ᠤ ᠭᠠᠷᠠᠭ ᠤᠨ ᠤᠬᠠᠭᠤᠯᠭ᠎ᠠ ᠶᠢᠨ ᠠᠵᠢᠯᠯᠠᠭᠠᠨ ᠬᠠᠮᠲᠤᠷᠠᠨ ᠡᠷᠭᠢᠯᠡᠪᠡ᠃ | | | | | | | | | | | | | ᠲᠣᠰ ᠤᠳᠠᠭ᠎ᠠ ᠶᠢᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭᠠᠨ ᠨᠢ | ︽ᠰᠦᠯᠵᠢᠶᠡᠨ ᠤ ᠠᠮᠤᠷ ᠲᠦᠪᠰᠢᠨ ᠨᠢ ᠠᠷᠠᠳ ᠲᠦᠮᠡᠨ ᠤ ᠲᠦᠯᠦᠬᠡ ᠪᠠᠶᠢᠵᠤ᠂ ᠰᠦᠯᠵᠢᠶᠡᠨ ᠤ ᠠᠮᠤᠷ ᠲᠦᠪᠰᠢᠨ | ᠨᠢ ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠦᠪ ᠪᠤᠯᠭᠠᠨ᠂ 9 ᠰᠠᠷ᠎ᠠ ᠶᠢᠨ 16 ᠤ ᠡᠳᠦᠷ ᠠᠴᠠ | ᠡᠬᠢᠯᠡᠵᠤ᠂ ᠡᠨᠡᠬᠦ ᠬᠤᠭᠤᠴᠠᠭᠠᠨ ᠳᠤ᠂ ︽ᠰᠤᠷᠭᠠᠭᠤᠯᠢ ᠶᠢᠨ ᠬᠦᠷᠢᠶᠡᠨ ᠤ ᠡᠳᠦᠷ︾ ︽ᠴᠠᠬᠢᠯᠭᠠᠨ ᠬᠤᠯᠪᠣᠭᠠᠨ ᠤ | ᠡᠳᠦᠷ︾ ︽ᠬᠠᠤᠯᠢᠵᠢᠯ ᠤᠨ ᠡᠳᠦᠷ︾ ︽ᠮᠥᠩᠭᠦᠨ ᠬᠦᠢᠯᠬᠡᠬᠡᠨ ᠤ ᠡᠳᠦᠷ︾ ︽ᠵᠠᠯᠠᠭᠤᠴᠤᠳ ᠪᠠᠭᠠᠴᠤᠳ ᠤᠨ | ᠡᠳᠦᠷ︾ ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ︾ ᠤᠨ ᠵᠢᠷᠭᠤᠭᠠᠨ ᠶᠡᠭᠡ ᠰᠢᠷᠢᠰ ᠭᠤᠤᠯ | ᠰᠡᠳᠦᠪᠲᠦ ᠡᠳᠦᠷ ᠤᠨ ᠠᠵᠢᠯᠯᠠᠭᠠᠨ ᠢ ᠥᠷᠨᠢᠭᠦᠯᠪᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ | ᠪᠠᠶᠢᠬᠤ ᠠᠷᠭ᠎ᠠ ᠬᠡᠯᠪᠡᠷᠢ ᠪᠠᠷ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠢᠴᠢ ᠳ᠋ᠠᠶᠢᠲ᠋ᠠ ᠶᠢᠨ ᠠᠮᠤᠷ | ᠲᠦᠪᠰᠢᠨ ᠤ ᠬᠠᠮᠢᠶᠠᠷᠤᠯᠲᠠ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠵᠡᠷᠭᠡ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠵᠤ᠂ ᠰᠦᠯᠵᠢᠶᠡᠨ ᠤ ᠠᠮᠤᠷ ᠲᠦᠪᠰᠢᠨ᠂ ᠵᠠᠩᠬᠢᠯᠠᠭ᠎ᠠ | ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠬᠠᠮᠠᠭᠠᠯᠠᠯᠲᠠ᠂ ᠲᠣᠮᠣ ᠳ᠋ᠠᠶᠢᠲ᠋ᠠ ᠶᠢᠨ ᠠᠮᠤᠷ ᠲᠦᠪᠰᠢᠨ᠂ | ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠬᠠᠭᠤᠯᠬᠤ ᠠᠵᠢᠯ | ᠥᠷᠨᠢᠭᠦᠯᠦᠨ᠎ᠡ᠃ | ᠲᠤᠬᠠᠶ ᠶᠢᠨ ᠲᠠᠯᠠᠪᠠᠢ ᠳᠤ᠂ ᠠᠵᠢᠯᠲᠠᠳ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ | ᠮᠠᠲ᠋ᠧᠷᠢᠶᠠᠯ ᠢ ᠲᠠᠷᠬᠠᠭᠠᠵᠤ᠂ ᠠᠷᠠᠳ ᠤᠨ ᠴᠠᠭᠳᠠᠭ᠎ᠠ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ | ᠮᠡᠳᠡᠯᠭᠡ ᠵᠢᠴᠢ ᠰᠦᠯᠵᠢᠶᠡᠨ ᠤ ᠮᠡᠬᠡᠯᠡᠯ ᠤᠨ ᠬᠡᠷᠡᠭ ᠤᠨ ᠵᠢᠱᠢᠶ᠎ᠡ ᠶᠢ ᠶᠠᠷᠢᠵᠤ ᠲᠠᠶᠢᠯᠪᠤᠷᠢᠯᠠᠵᠠᠢ᠃ | ᠲᠣᠰ ᠤᠳᠠᠭᠠᠨ ᠤ ᠠᠵᠢᠯᠯᠠᠭᠠᠨ ᠳᠤ ᠨᠡᠶᠢᠲᠡ 50 ᠭᠠᠷᠤᠶ ᠬᠥᠮᠦᠨ ᠤᠳᠠᠭ᠎ᠠ ᠬᠦᠳᠡᠯᠬᠡᠵᠤ᠂ 5000 ᠭᠠᠷᠤᠶ | ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ 5 ᠬᠡᠰᠡᠭ ᠤᠬᠠᠭᠤᠯᠭ᠎ᠠ ᠶᠢᠨ ᠵᠠᠷ ᠦᠢᠯᠡᠳᠴᠤ ᠵᠤᠬᠢᠶᠠᠵᠠᠢ᠃ | | |