ᠬᠤᠲᠠ ᠶᠢᠨ ᠵᠠᠰᠠᠭ ᠤᠨ ᠣᠷᠳᠣᠨ ᠳ᠋ᠠ ᠳᠠᠩ ᠪᠦᠯᠦᠭᠯᠡᠯ ᠲᠠᠢ ᠮᠢᠩᠭᠠᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠢ ᠬᠠᠮᠲᠤᠷᠠᠨ ᠨᠡᠭᠡᠭᠡᠨ ᠬᠥᠭᠵᠢᠭᠦᠯᠬᠦ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2020/10/29
   8 ᠰᠠᠷ᠎ᠠ ᠶᠢᠨ 27 ᠤ ᠦᠳᠡ ᠬᠤᠶᠢᠨ᠎ᠠ᠂ ᠬᠤᠳᠠ ᠶᠢᠨ ᠵᠠᠰᠠᠭ ᠤᠨ ᠣᠷᠳᠣᠨ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ ᠬᠤᠶᠠᠷ ᠲᠠᠯ᠎ᠠ ᠪᠠᠷ ᠢᠶᠠᠨ ᠮᠢᠩᠭᠠᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠢ ᠬᠠᠮᠲᠤᠷᠠᠨ ᠨᠡᠭᠡᠭᠡᠨ ᠬᠥᠭᠵᠢᠭᠦᠯᠬᠦ ᠵᠥᠪᠯᠡᠯᠴᠡᠭᠡᠷ ᠲᠣᠭᠲᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ᠂ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠡᠷᠡᠭ ᠮᠡᠳᠡᠭᠴᠢ ᠱᠢ ᠵᠢᠶᠠ ᠯᠢᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠤ᠂ ᠬᠤᠳᠠ ᠶᠢᠨ ᠳᠡᠳ᠋ ᠳᠠᠷᠤᠭ᠎ᠠ ᠬᠤᠸᠠᠩ ᠭᠦᠸᠧ ᠸᠧᠨ ᠭᠠᠷ ᠤᠨ ᠦᠰᠦᠭ ᠵᠢᠷᠤᠪᠠ᠃ ᠸᠠᠩ ᠸᠠᠩ ᠱᠧᠩ ᠳ᠋ᠡ ᠲᠠᠩ ᠪᠦᠯᠦᠭᠯᠡᠯ ᠤᠨ ᠬᠢᠨ ᠤ ᠮᠠᠨ ᠤ ᠬᠤᠲᠠ ᠳᠤ ᠵᠣᠯᠭᠠᠭᠤᠯᠬᠤ ᠶᠠᠷᠢᠯᠴᠠᠬᠤ ᠠᠵᠢᠯ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠳ᠋ᠠ ᠳᠠᠩ ᠪᠦᠯᠦᠭᠯᠡᠯ ᠪᠣᠯᠤᠨ ᠤᠯᠠᠭᠠᠨᠬᠠᠳᠠ ᠬᠤᠲᠠ ᠪᠣᠯ ᠣᠯᠠᠨ ᠵᠢᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠲᠠᠢ᠂ ᠥᠩᠭᠡᠷᠡᠭᠰᠡᠨ ᠤ ᠬᠠᠮᠲᠤᠷᠠᠯᠴᠠᠭ᠎ᠠ ᠲᠣᠪᠤᠶᠢᠮ᠎ᠠ ᠦᠷ᠎ᠡ ᠪᠦᠲᠦᠮᠵᠢ ᠣᠯᠵᠤ᠂ ᠮᠠᠨ ᠤ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ᠃ ᠳ᠋ᠠ ᠳᠠᠩ ᠪᠦᠯᠦᠭᠯᠡᠯ ᠪᠣᠯᠤᠨ ᠤᠯᠠᠭᠠᠨᠬᠠᠳᠠ ᠬᠤᠲᠠ ᠦᠷᠭᠦᠯᠵᠢᠯᠡᠨ ᠬᠠᠮᠲᠤ ᠪᠠᠷ ᠬᠦᠴᠦᠯᠡᠵᠦ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ︾ ᠣᠶᠢᠯᠠᠭᠠᠭᠳᠠᠬᠤᠨ ᠤ ᠳᠠᠭᠠᠭᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠴᠡᠪᠡᠷ ᠡᠨᠧᠷᠭᠢ ᠪᠣᠯᠤᠨ ᠠᠮᠢ ᠠᠬᠤᠢ ᠶᠢᠨ ᠬᠠᠮᠠᠭᠠᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠤᠶᠠᠯᠳᠤᠭᠤᠯᠵᠤ᠂ ᠬᠠᠮᠵᠢᠯᠴᠠᠭᠠᠨ ᠤ ᠲᠥᠰᠦᠯ ᠢ ᠭᠦᠨᠵᠡᠭᠡᠶ ᠰᠤᠳᠤᠯᠵᠤ᠂ ᠬᠠᠮᠵᠢᠯᠴᠠᠭᠠᠨ ᠤ ᠲᠥᠷᠥᠯ ᠵᠦᠢᠯ ᠤᠨ ᠬᠡᠷᠡᠭᠵᠢᠭᠦᠯᠦᠭᠦᠰᠦ ᠴᠢᠨᠠᠷ ᠢ ᠪᠠᠲᠤᠯᠠᠨ᠂ ᠡᠷᠲᠡᠬᠡᠨ ᠨᠠᠶᠢᠳᠠᠪᠤᠷᠢᠵᠢᠭᠤᠯᠵᠤ᠂ ᠵᠢᠱᠢᠭᠰᠡᠨ ᠦᠷ᠎ᠡ ᠪᠦᠲᠦᠮᠵᠢ ᠳᠤ ᠬᠦᠷᠬᠦ ᠶᠢ ᠬᠦᠰᠡᠵᠦ᠂ ᠤᠯᠠᠭᠠᠨᠬᠠᠳᠠ ᠬᠤᠲᠠ ᠥᠩᠭᠡᠷᠡᠭᠰᠡᠨ ᠲᠠᠢ ᠪᠠᠨ ᠠᠳᠠᠯᠢ ᠪᠠᠷ ᠳ᠋ᠠ ᠳᠠᠩ ᠪᠦᠯᠦᠭᠯᠡᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠰᠢᠯᠢᠳᠡᠭ ᠦᠢᠯᠡᠴᠢᠯᠡᠭᠡ ᠪᠠᠷ ᠭᠦᠨᠵᠡᠭᠡᠢ ᠬᠠᠮᠲᠤᠷᠠᠯᠴᠠᠭ᠎ᠠ ᠪᠠᠨ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ ᠶᠢ ᠪᠡᠶᠡᠯᠡᠭᠦᠯᠵᠦ᠂ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠮᠲᠤᠪᠠᠷ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃ ᠱᠢ ᠵᠢᠶᠠ ᠯᠢᠨ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠣᠯᠠᠨ ᠵᠢᠯ ᠤᠨ ᠲᠤᠷᠰᠢ ᠳ᠋ᠠ ᠳᠠᠩ ᠪᠦᠯᠦᠭᠯᠡᠯ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠦᠷ᠎ᠡ ᠶᠢᠨ ᠵᠢᠯ ᠳᠤ᠂ ᠳ᠋ᠠ ᠳᠠᠩ ᠪᠦᠯᠦᠭᠯᠡᠯ ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠦᠨ ᠬᠥᠭᠵᠢᠬᠦ ᠪᠠᠷ ᠬᠦᠴᠦᠯᠡᠨ ᠴᠢᠷᠮᠠᠶᠢᠵᠤ᠂ ᠴᠢᠨᠠᠷ ᠰᠠᠶᠢᠲᠠᠢ ᠡᠨᠧᠷᠭᠢ ᠶᠢᠨ ᠠᠵᠤ ᠠᠬᠤᠶᠢᠯᠠᠯ ᠢ ᠴᠢᠷᠮᠠᠶᠢᠨ ᠪᠠᠶᠢᠭᠤᠯᠤᠨ᠎ᠠ᠃ ᠤᠯᠠᠭᠠᠨᠬᠠᠳᠠ ᠬᠤᠲᠠ ᠶᠢᠨ ᠰᠢᠨ᠎ᠡ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠶ᠂ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠳᠠᠪᠠᠭᠤᠯᠢᠭ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠯᠠᠪᠳᠠᠭᠤᠨ ᠪᠠᠲᠤᠲᠠᠶ᠂ ᠠᠯᠤᠰ ᠢᠷᠡᠭᠡᠳᠦᠶ ᠥᠷᠭᠡᠨ ᠠᠭᠤᠳᠠᠮ ᠪᠠᠶᠢᠨ᠎ᠠ᠃ ᠳ᠋ᠠ ᠳᠠᠩ ᠪᠦᠯᠦᠭᠯᠡᠯ ᠲᠥᠪ ᠤᠨ ᠠᠵᠤ ᠠᠬᠤᠶᠢᠯᠠᠯ ᠤᠨ ᠳᠠᠪᠠᠭᠤᠯᠢᠭ ᠪᠠ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠪᠠᠳᠠᠷᠠᠭᠤᠯᠵᠤ᠂ ᠰᠢᠨ᠎ᠡ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠬᠠᠮᠵᠢᠯᠴᠠᠭᠠᠨ ᠤ ᠲᠥᠷᠥᠯ ᠵᠦᠢᠯ ᠢ ᠳᠠᠷᠦ᠋ᠢᠬᠠᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠠᠬᠢᠭᠤᠯᠬᠤ ᠳᠤ ᠨᠡᠩ ᠣᠯᠠᠨ ᠬᠤᠪᠢ ᠨᠡᠮᠡᠷᠢ ᠦᠵᠡᠭᠦᠯᠦᠨ᠎ᠡ ᠭᠡᠵᠡᠶ᠃ ᠬᠤᠸᠠᠩ ᠭᠦᠸᠧ ᠸᠧᠨ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ︽ᠤᠯᠠᠭᠠᠨᠬᠠᠳᠠ ᠬᠤᠲᠠ ᠶᠢᠨ ᠮᠢᠩᠭᠠᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠰᠠᠭᠤᠷᠢᠨ ᠭᠠᠵᠠᠷ ᠢ ᠬᠠᠮᠲᠤᠷᠠᠨ ᠨᠡᠭᠡᠭᠡᠨ ᠠᠰᠢᠭᠯᠠᠬᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠪᠠ᠃ ᠬᠤᠶᠠᠷ ᠲᠠᠯ᠎ᠠ ᠪᠠᠷ ᠢᠶᠠᠨ ᠠᠮᠢ ᠠᠬᠤᠶ ᠶᠢ ᠲᠡᠷᠢᠭᠦᠨ ᠳᠤ ᠲᠠᠯᠪᠢᠵᠤ ᠪᠣᠬᠢᠷᠲᠤᠯ ᠦᠭᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠲᠥᠯᠥᠪᠵᠢᠭᠦᠯᠪᠡ᠂ ᠨᠡᠭᠡᠭᠡᠯᠲᠡ ᠪᠠ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠵᠤ᠂ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠠᠭᠠᠨᠬᠠᠳᠠ ᠶᠢᠨ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ ᠭᠡᠵᠡᠢ᠃ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    
 
ᠢᠷᠡᠯᠲᠡ᠄ ᠤᠯᠠᠭᠠᠨᠬᠠᠳᠠ ᠬᠤᠳᠠ  ᠶᠢᠨ ᠵᠠᠰᠠᠭ ᠤᠨ ᠤᠷᠳᠤᠨ  ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号