| 12 ᠳ᠋ᠤᠭᠠᠷ ᠰᠠᠷ᠎ᠠ ᠶᠢᠨ 20 ᠤ ᠡᠳᠦᠷ ᠤᠨ ᠪᠡᠭᠡᠵᠢᠩ ᠤᠨ ᠰᠢᠨᠬᠤᠸᠠ ᠬᠤᠷᠢᠶᠠᠨ ᠤ ᠴᠠᠬᠢᠯᠭᠠᠨ ᠮᠡᠳᠡᠭᠡ᠄ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠰᠢᠨ᠎ᠡ ᠠᠶᠠᠯᠠᠯ ᠢᠶᠠᠨ ᠡᠬᠢᠯᠡᠭᠦᠯᠪᠡ — 2020 | ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠠᠯᠬᠤᠮ ᠢ | ᠲᠥᠯᠦᠪᠵᠢᠭᠦᠯᠦᠭᠰᠡᠨ ᠢ ᠠᠵᠢᠬᠤ ᠨᠢ ᠵᠢᠯ ᠤᠨ ᠡᠴᠦᠰ ᠪᠣᠯᠵᠤ᠂ ᠵᠢᠯ ᠳᠤ ᠨᠢᠭᠡ ᠤᠳᠠᠭ᠎ᠠ ᠶᠠᠪᠤᠭᠳᠠᠳᠠᠭ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠨᠢ ᠪᠦᠬᠦ ᠪᠥᠮᠪᠥᠷᠴᠡᠭ ᠤᠨ ᠠᠩᠬᠠᠷᠤᠯ ᠢ ᠲᠠᠲᠠᠪᠠ᠃ ᠡᠨᠡ ᠵᠢᠯ ᠤᠨ | ᠬᠤᠷᠠᠯ ᠤᠨ ᠠᠬᠤᠶ ᠪᠠᠶᠢᠳᠠᠯ ᠨᠢ ᠣᠨᠴᠠᠭᠠᠶ᠂ ᠵᠠᠩᠭᠢᠯᠠᠭ᠎ᠠ ᠨᠢ ᠴᠢᠬᠤᠯᠠ᠂ ᠠᠴᠢ ᠬᠤᠯᠪᠣᠭᠳᠠᠯ ᠨᠢ ᠶᠡᠭᠡ ᠶᠤᠮ᠃ | 12 ᠳ᠋ᠤᠭᠠᠷ ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ ᠪᠡᠭᠡᠵᠢᠩ ᠤᠨ ᠵᠢᠩ ᠰᠢ ᠵᠣᠴᠢᠳ ᠤᠨ | ᠪᠠᠭᠤᠳᠠᠯ᠃ ︽ᠬᠤᠶᠠᠷ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠲᠤ ᠵᠣᠭᠰᠣᠵᠤ᠂ | 2020 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠳᠤᠮᠳᠠᠳᠤ ᠤᠯᠤᠰ ᠤᠨ ᠠᠵᠤ ᠠᠬᠤᠢ ᠶᠢᠨ | ᠬᠥᠭᠵᠢᠯᠲᠡ ᠶᠢᠨ ᠶᠡᠭᠡ ᠪᠤᠳᠤᠯᠭ᠎ᠠ ᠶᠢ ᠲᠥᠯᠥᠪᠵᠢᠭᠦᠯᠪᠡ᠃ ᠶᠡᠷᠦᠩᠬᠡᠶ ᠱᠦᠵᠢ ᠰᠢ ᠶᠢᠨ ᠫᠢᠩ ᠬᠤᠷᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠪᠠᠶᠢᠳᠠᠯ ᠢ ᠭᠦᠨᠵᠡᠭᠡᠶ | ᠵᠠᠳᠠᠯᠵᠤ᠂ 2021 ᠣᠨ ᠤ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯᠤᠨ ᠲᠥᠷᠥ ᠶᠢᠨ | ᠪᠣᠳᠣᠯᠭ᠎ᠠ ᠶᠢᠨ ᠬᠠᠨᠳᠤᠰᠢ ᠶᠢ ᠳᠤᠷᠠᠳᠴᠤ᠂ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠤᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠳᠤ ᠴᠢᠭᠯᠡᠯ ᠢ ᠲᠣᠭᠲᠠᠭᠠᠨ ᠥᠭᠪᠡ᠃ | ᠲᠡᠦᠬᠡ ᠶᠢᠨ ᠬᠠᠭᠤᠳᠠᠰᠤᠨ᠎ᠠ ᠲᠡᠮᠳᠡᠭᠯᠡᠭᠳᠡᠬᠦ — ᠶᠡᠷᠦ ᠪᠤᠰᠤ ᠶᠢᠨ ᠣᠨ ᠵᠢᠯ ᠳᠠᠬᠢ ᠶᠡᠷᠦ ᠪᠤᠰᠤ ᠶᠢᠨ | ᠠᠮᠵᠢᠯᠲᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠦᠭ ᠲᠦᠮᠡᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠠᠮᠡᠴᠡᠭᠡᠳ᠂ ᠠᠷᠠᠳ ᠲᠦᠮᠡᠨ ᠳᠤ ᠲᠠᠭᠠᠰᠢᠶᠠᠭᠳᠠᠭᠰᠠᠨ᠂ | ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠬᠦ ᠬᠠᠷᠢᠭᠤᠯᠲᠠ ᠶᠢᠨ | ᠬᠠᠭᠤᠳᠠᠰᠤ ᠶᠢ ᠲᠤᠰᠢᠶᠠᠪᠠ᠃ ︽ᠲᠦᠢᠯ ᠤᠨ ᠶᠡᠷᠦ ᠪᠤᠰᠤ︾ — ᠡᠨᠡ ᠤᠳᠠᠭᠠᠨ ᠤ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠡᠨᠡᠬᠦ ᠵᠠᠩᠭᠢᠯᠠᠭ᠎ᠠ ᠶᠢᠨ ᠦᠭᠡ ᠪᠠᠷ | 2020 ᠣᠨ ᠢ ᠬᠤᠷᠢᠶᠠᠩᠭᠤᠶᠢᠯᠠᠵᠤ᠂ ︽ᠡᠨᠡ ᠵᠢᠯ ᠪᠣᠯ ᠰᠢᠨ᠎ᠡ ᠳᠤᠮᠳᠠᠳᠤ ᠤᠯᠤᠰ ᠤᠨ ᠲᠡᠦᠬᠡᠨ ᠳᠠᠬᠢ | ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ︾ ᠭᠡᠵᠦ ᠴᠢᠬᠤᠯᠠᠴᠢᠯᠠᠪᠠ᠃ ᠬᠤᠶᠠᠷ ᠡᠳᠦᠷ ᠬᠠᠭᠠᠰ ᠤᠨ ᠬᠤᠷᠠᠯ | ᠳᠡᠭᠡᠷ᠎ᠡ᠂ ᠬᠤᠷᠠᠯ ᠳᠤ ᠣᠷᠣᠯᠴᠠᠭᠰᠠᠨ ᠨᠥᠬᠦᠳ ᠤᠳᠠᠯ ᠦᠭᠡᠢ ᠥᠩᠭᠡᠷᠡᠬᠦ ᠭᠡᠵᠦ ᠪᠠᠶᠢᠭ᠎ᠠ ᠡᠨᠡ ᠨᠢᠭᠡᠨ ᠵᠢᠯ ᠢ | ᠡᠷᠭᠢᠴᠡᠭᠦᠯᠬᠦ ᠳᠤ ᠪᠠᠨ ᠰᠡᠳᠬᠢᠯ ᠶᠡᠭᠡ ᠳᠣᠭᠳᠤᠯᠵᠤ ᠪᠠᠶᠢᠯ᠎ᠠ᠃ ︽︿ᠲᠦᠢᠯ﹀ ᠭᠡᠳᠡᠭ ᠨᠢᠭᠡᠯᠡ ᠦᠭᠡᠨ ᠳᠤ ᠰᠦᠷ | ᠳᠠᠯᠠᠶᠢᠴᠠᠲᠠᠢ᠂ ᠲᠦᠭ ᠲᠦᠮᠡᠨ ᠠᠶᠤᠯ ᠲᠦᠭᠰᠢᠭᠦᠷᠢ ᠲᠠᠢ᠂ ᠮᠠᠭᠲᠠᠨ ᠳᠠᠭᠤᠯᠠᠭᠤᠰᠢᠲᠠᠢ᠂ ᠭᠡᠷᠡᠯ ᠰᠠᠴᠤᠷᠠᠩᠭᠤᠢ | ᠠᠮᠵᠢᠯᠲᠠ ᠵᠡᠷᠭᠡ ᠡᠯᠪᠡᠭ ᠠᠭᠤᠯᠭ᠎ᠠ ᠶᠢ ᠪᠠᠭᠲᠠᠭᠠᠵᠠᠢ︾ ᠭᠡᠵᠦ ᠵᠠᠷᠢᠮ ᠨᠥᠬᠦᠷ ᠬᠡᠯᠡᠪᠡ᠃ ᠬᠤᠷᠠᠯ ᠠᠴᠠ ᠵᠢᠭᠠᠨ | ᠭᠠᠷᠭᠠᠭᠰᠠᠨ ᠨᠢ᠂ ᠡᠨᠡ ᠵᠢᠯ ᠪᠥᠬᠦ ᠪᠥᠮᠪᠥᠷᠴᠡᠭ ᠤᠨ ᠠᠵᠤ ᠠᠬᠤᠶ ᠳᠤ ᠤᠴᠠᠷᠠᠭᠰᠠᠨ ᠲᠠᠭᠠᠷᠢᠯᠲᠠ ᠨᠢ 1929 | ᠣᠨ ᠤ ᠠᠵᠤ ᠠᠬᠤᠶ ᠶᠢᠨ ᠶᠡᠭᠡ ᠳᠣᠷᠦ᠋ᠢᠳᠠᠯ ᠲᠠᠢ ᠠᠳᠠᠯᠢ ᠥᠬᠡᠶ ᠪᠥᠭᠡᠳ 2008 ᠣᠨ ᠤ ᠣᠯᠠᠨ ᠤᠯᠤᠰ ᠤᠨ | ᠮᠥᠩᠭᠦᠨ ᠭᠦᠢᠯᠭᠡᠭᠡᠨ ᠤ ᠬᠢᠮᠤᠷᠠᠯ ᠤᠨ ᠦᠷᠪᠢᠰᠦᠯᠲᠡ ᠠᠴᠠ ᠪᠣᠯᠤᠭᠰᠠᠨ ᠨᠥᠯᠥᠭᠡ ᠲᠠᠢ ᠴᠦ ᠠᠳᠠᠯᠢ ᠥᠬᠡᠶ ᠶᠤᠮ᠂ | ᠬᠠᠷᠢᠨ ᠬᠠᠩᠭᠠᠯᠭ᠎ᠠ ᠲᠠᠰᠤᠷᠠᠭᠰᠠᠨ ᠪᠠ ᠬᠡᠷᠡᠭᠴᠡᠭᠡ ᠠᠪᠴᠢᠭᠰᠠᠨ ᠳᠠᠪᠬᠤᠷ ᠲᠠᠭᠠᠷᠢᠯᠲᠠ ᠳᠤ ᠲᠤᠯᠭᠠᠷᠠᠪᠠ᠂ | ᠬᠦᠴᠢᠷᠳᠡᠯ ᠨᠢ ᠤᠷᠢᠳ ᠡᠮᠦᠨ᠎ᠡ ᠪᠠᠶᠢᠭ᠎ᠠ ᠥᠬᠡᠶ ᠶᠤᠮ᠃ ᠳᠤᠮᠳᠠᠳᠤ ᠤᠯᠤᠰ ᠤᠨ ᠠᠵᠤ ᠠᠬᠤᠶ ᠡᠷᠡᠨ ᠵᠠᠭᠤᠨ ᠳᠤ | ᠬᠤᠪᠣᠷ ᠲᠣᠬᠢᠶᠠᠯᠳᠤᠬᠤ ᠭᠤᠷᠪᠠᠨ ᠳᠠᠪᠬᠤᠷ ᠬᠦᠨᠳᠦ ᠨᠣᠴᠢᠲᠠᠶ ᠲᠠᠭᠠᠷᠢᠯᠲᠠ ᠳᠤ ᠤᠴᠠᠷᠠᠵᠠᠶ᠄ ᠨᠢᠭᠡ ᠳᠤ ᠵᠠᠭᠤᠨ | ᠵᠢᠯ ᠳᠤ ᠲᠣᠬᠢᠶᠠᠯᠳᠤᠭ᠎ᠠ ᠥᠬᠡᠶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠭᠡᠨᠡᠳᠲᠡ ᠡᠭᠦᠰᠪᠡ᠂ | ᠬᠤᠶᠠᠷ ᠲᠤ ᠳᠡᠯᠡᠬᠡᠶ ᠶᠢᠨ ᠠᠵᠤ ᠠᠬᠤᠶ ᠳᠡᠯᠡᠬᠡᠶ ᠶᠢᠨ ᠬᠤᠶᠠᠳᠤᠭᠠᠷ ᠲᠡᠶᠢᠨ ᠳᠠᠭᠤᠰᠤᠭᠰᠠᠨ ᠠᠴᠠ ᠨᠠᠭᠠᠰᠢᠳᠠ | ᠬᠠᠮᠤᠭ ᠤᠨ ᠬᠦᠨᠳᠦ ᠨᠣᠴᠢᠲᠠᠶ ᠪᠠᠭᠤᠷᠠᠯᠲᠠ ᠳᠤ ᠤᠴᠠᠷᠠᠪᠠ᠂ ᠭᠤᠷᠪᠠ ᠳᠤ ᠪᠥᠬᠦ ᠲᠠᠯ᠎ᠠ ᠪᠠᠷ ᠲᠠᠰ ᠳᠡᠪᠰᠢᠬᠦ ᠶᠢ | ᠵᠠᠷᠢᠮ ᠤᠯᠤᠰ ᠬᠤᠷᠢᠭᠯᠠᠵᠤ᠂ ᠭᠠᠳᠠᠭᠠᠳᠤ ᠣᠷᠴᠢᠨ ᠳᠤ ᠯᠤᠲᠤ ᠶᠡᠭᠡ ᠥᠷᠢᠰᠥᠯᠳᠦᠭᠡᠨ ᠠᠪᠴᠢᠷᠠᠪᠠ᠃ ︽ᠡᠩ | ᠲᠡᠷᠢᠭᠦᠨ ᠳᠤ ᠬᠢᠵᠢᠭ ᠤᠨ ᠪᠠᠶᠢᠳᠠᠯ ᠢ ᠬᠤᠷᠢᠭᠯᠠᠨ ᠵᠣᠭᠰᠤᠭᠠᠵᠤ︾ ︽ᠡᠩ ᠲᠡᠷᠢᠭᠦᠨ ᠳᠤ ᠠᠵᠢᠯ ᠢᠶᠠᠨ ᠰᠡᠷᠭᠦᠭᠡᠨ | ᠦᠢᠯᠡᠳᠪᠦᠷᠢᠯᠡᠯ ᠢᠶᠠᠨ ᠰᠡᠷᠭᠦᠭᠡᠵᠦ︾ ︽ᠡᠩ ᠲᠡᠷᠢᠭᠦᠨ ᠳᠤ ᠠᠵᠤ ᠠᠬᠤᠢ ᠶᠢᠨ ᠨᠡᠮᠡᠭᠳᠡᠯ ᠰᠥᠭᠡᠷᠭᠦ | ᠪᠠᠶᠢᠭᠰᠠᠨ ᠠᠴᠠ ᠪᠠᠨ ᠡᠶᠡᠷᠭᠦ ᠪᠣᠯᠬᠤ ᠶᠢ ᠪᠡᠶᠡᠯᠡᠭᠦᠯᠵᠡᠢ︾᠂ ᠲᠤᠰ ᠤᠳᠠᠭᠠᠨ ᠤ ᠬᠤᠷᠠᠯ ᠨᠢ ︽ᠭᠤᠷᠪᠠᠨ ᠡᠩ | ᠲᠡᠷᠢᠭᠦᠨ︾ ᠢᠶᠠᠷ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠢᠯᠡ | ᠲᠣᠳᠣ ᠣᠨᠴᠠᠯᠢᠭ ᠢ ᠲᠦᠢᠮᠤᠴᠢᠯᠠᠨ ᠳᠤᠷᠠᠳᠪᠠ᠃ | ︽ᠭᠤᠷᠪᠠᠨ ᠬᠦᠨᠳᠦ ᠨᠣᠴᠢᠲᠠᠢ ᠲᠠᠭᠠᠷᠢᠯᠳᠠ ᠳᠣᠣᠷ᠎ᠠ ︿ᠭᠤᠷᠪᠠᠨ ᠲᠡᠷᠢᠭᠦᠨ﹀ ᠢ ᠪᠡᠶᠡᠯᠡᠭᠦᠯᠵᠦ᠂ ᠳᠤᠮᠳᠠᠳᠤ | ᠤᠯᠤᠰ ᠨᠢᠭᠡᠨ ᠤᠳᠠᠭᠠᠨ ᠤ ᠠᠮᠵᠢᠯᠲᠠᠲᠠᠢ ᠲᠠᠶᠢᠨ ᠬᠢᠭᠰᠡᠨ ᠪᠥᠭᠡᠳ ︿ᠭᠤᠷᠪᠠᠨ ᠶᠡᠭᠡ ᠠᠮᠵᠢᠯᠲᠠ﹀ ᠶᠢ ᠣᠯᠵᠠᠢ᠄ | ᠡᠯᠪᠡᠭ ᠪᠠᠶᠠᠯᠢᠭ ᠪᠣᠳᠠᠰ ᠤᠨ ᠦᠷ᠎ᠡ ᠪᠦᠲᠦᠭᠡᠯ ᠢ ᠣᠯᠪᠠ︔ ᠣᠶᠤᠨ ᠰᠠᠨᠠᠭᠠᠨ ᠤ ᠡᠳ᠋ ᠪᠠᠶᠠᠯᠢᠭ ᠢ ᠣᠯᠪᠠ︔ | ᠶᠡᠭᠡ ᠪᠠᠷ ᠳᠡᠭᠡᠭᠰᠢᠯᠡᠭᠰᠡᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠢ ᠣᠯᠪᠠ ᠃ ᠪᠢᠳᠡᠨ ᠤ ᠨᠢᠭᠲᠠᠷᠠᠯ ᠤᠨ ᠬᠦᠴᠦᠨ | ᠂ ᠲᠥᠪᠯᠡᠩᠭᠦᠢ ᠬᠦᠴᠦᠨ ᠶᠡᠭᠡ ᠪᠠᠷ ᠳᠡᠭᠡᠭᠰᠢᠯᠡᠪᠡ᠃︾ ᠭᠡᠵᠦ ᠬᠤᠷᠠᠯ ᠳᠤ ᠣᠷᠣᠯᠴᠠᠭᠰᠠᠨ ᠨᠢᠭᠡ ᠨᠥᠬᠦᠷ ᠰᠡᠳᠬᠢᠯ | ᠬᠥᠳᠡᠯᠦᠨ ᠬᠡᠯᠡᠪᠡ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠳᠡᠯᠡᠬᠡᠶ ᠶᠢᠨ ᠪᠠᠶᠢᠳᠠᠯ᠂ ᠬᠠᠲᠠᠭᠤ ᠪᠡᠷᠬᠡᠰᠢᠶᠡᠯᠲᠡᠢ | ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠢᠯᠠᠩᠭᠤᠶ᠎ᠠ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ | ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠪᠠᠶᠢᠳᠠᠯ ᠢ ᠣᠨᠣᠪᠴᠢᠲᠠᠶ ᠮᠠᠭᠠᠳᠯᠠᠨ᠂ ᠨᠠᠷᠢᠨ ᠨᠢᠮᠪᠠᠶ ᠲᠥᠯᠥᠪᠵᠢᠭᠦᠯᠦᠨ | ᠪᠠᠶᠢᠷᠢᠯᠠᠭᠤᠯᠵᠤ᠂ ᠡᠷᠡᠰ ᠰᠢᠭᠤᠷᠬᠠᠶ ᠪᠠᠷ ᠠᠵᠢᠯᠯᠠᠭ᠎ᠠ ᠬᠢᠵᠦ᠂ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡ ᠶᠢᠨ ᠬᠠᠭᠤᠳᠠᠰᠤᠨ ᠳᠤ | ᠲᠡᠮᠳᠡᠭᠯᠡᠭᠳᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ — ᠳᠤᠮᠳᠠᠳᠤ ᠤᠯᠤᠰ ᠪᠦᠬᠦ | ᠪᠥᠮᠪᠥᠷᠴᠡᠭ ᠤᠨ ᠴᠤᠷ ᠤᠨ ᠭᠠᠭᠴᠠ ᠠᠵᠤ ᠠᠬᠤᠢ ᠶᠢᠨ ᠡᠶᠡᠷᠭᠦ ᠨᠡᠮᠡᠭᠳᠡᠯ ᠢ ᠪᠡᠶᠡᠯᠡᠭᠦᠯᠦᠭᠰᠡᠨ ᠭᠤᠣᠯ ᠠᠵᠤ | ᠠᠬᠤᠢ ᠶᠢᠨ ᠴᠣᠭᠴᠠ ᠪᠣᠯᠪᠠ᠃ ᠨᠢᠭᠡᠳᠦᠭᠡᠷ ᠤᠯᠠᠷᠢᠯ ᠳᠤ 6.8% ᠪᠠᠷ ᠪᠠᠭᠠᠰᠴᠤ᠂ ᠬᠤᠶᠠᠳᠤᠭᠠᠷ ᠤᠯᠠᠷᠢᠯ ᠳᠤ 3. | 2% ᠢᠶᠠᠷ ᠨᠡᠮᠡᠭᠳᠡᠨ᠂ ᠭᠤᠷᠪᠠᠳᠤᠭᠠᠷ ᠤᠯᠠᠷᠢᠯ ᠳᠤ 4.9% ᠪᠠᠷ ᠳᠡᠭᠡᠭᠰᠢᠯᠡᠭᠡᠳ᠂ ᠳᠤᠮᠳᠠᠳᠤ ᠤᠯᠤᠰ ᠤᠨ ᠠᠵᠤ | ᠠᠬᠤᠢ ᠶᠢᠨ ᠡᠷᠭᠢᠯᠲᠡ ᠤᠯᠠᠷᠢᠯ ᠳᠠᠷᠠᠭᠠᠯᠠᠨ ᠰᠠᠶᠢᠵᠢᠷᠠᠵᠤ᠂ ᠠᠯᠬᠤᠮ ᠠᠯᠬᠤᠮ ᠢᠶᠠᠷ ᠬᠡᠪ ᠤᠨ ᠪᠠᠶᠢᠳᠠᠯ ᠢᠶᠠᠨ | ᠰᠡᠷᠭᠦᠭᠡᠨ᠂ ᠪᠦᠬᠦ ᠵᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 100 ᠲᠦᠮᠡᠨ ᠳ᠋ᠦᠩᠰᠢᠭᠤᠷ ᠲᠥᠭᠦᠷᠢᠭ ᠢ | ᠳᠠᠪᠠᠭ᠋ᠤ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠴᠢᠬᠤᠯᠠ ᠶᠡᠭᠡ ᠠᠬᠢᠴᠠ ᠲᠠᠢ | ᠪᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠠᠯᠬᠤᠴᠠ ᠲᠦᠷᠭᠡᠳᠴᠦ᠂ ᠰᠢᠨ᠎ᠡ | ᠬᠥᠳᠡᠯᠭᠡᠭᠴᠢ ᠡᠨᠧᠷᠭᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠦᠭᠡᠢ ᠴᠣᠯᠭᠤᠷᠠᠨ ᠢᠯᠡᠷᠡᠪᠡ᠃ | ᠳᠤᠮᠳᠠᠳᠤ ᠤᠯᠤᠰ ᠤᠨ ᠠᠵᠤ ᠠᠬᠤᠶ ᠠᠶᠤᠯ ᠲᠦᠭᠰᠢᠭᠦᠷᠢ ᠲᠠᠢ ᠲᠡᠮᠡᠴᠡᠬᠦ ᠬᠦᠴᠦᠷᠬᠡᠭ ᠶᠡᠭᠡ ᠴᠢᠳᠠᠪᠤᠷᠢ᠂ ᠡᠷᠡᠰ | ᠬᠠᠲᠠᠭᠤ ᠤᠶᠠᠨ ᠬᠠᠳᠠᠨ ᠴᠢᠨᠠᠷ ᠢ ᠢᠯᠡᠷᠡᠭᠦᠯᠪᠡ᠃ | — ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠃ | ᠵᠢᠯ ᠤᠨ ᠡᠬᠢᠨ ᠳᠤ ᠦᠯᠡᠳᠡᠵᠦ ᠪᠠᠶᠢᠭᠰᠠᠨ 551 ᠲᠦᠮᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ | ᠠᠮᠠ ᠪᠠ 52 ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠠᠮᠢ ᠠᠬᠤᠶ ᠶᠢᠨ | ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠪᠣᠬᠢᠷᠲᠤᠯ ᠥᠬᠡᠶ ᠬᠥᠭᠵᠢᠯᠲᠡ ᠶᠢᠨ ᠬᠠᠨᠳᠤᠰᠢ | ᠰᠠᠶᠢᠨ ᠪᠠᠶᠢᠨ᠎ᠠ᠃ ᠨᠢᠭᠡ ᠪᠦᠯᠦᠭ ᠬᠦᠨᠳᠦ ᠶᠡᠭᠡ ᠠᠶᠤᠯ ᠲᠦᠭᠰᠢᠭᠦᠷᠢᠲᠦ ᠳᠠᠯᠳᠡ ᠭᠡᠮ ᠢ ᠣᠨᠣᠪᠴᠢᠲᠠᠢ ᠵᠠᠳᠠᠯᠵᠤ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠴᠢᠬᠤᠯᠠ ᠱᠠᠳᠤᠴᠢ ᠴᠢᠨᠠᠷᠲᠠᠢ ᠦᠷ᠎ᠡ | ᠪᠦᠲᠦᠭᠡᠯ ᠤᠯᠪᠠ᠃ — ᠥᠭᠡᠷᠡᠴᠢᠯᠡᠯᠲᠡ ᠨᠡᠭᠡᠭᠡᠯᠲᠡ ᠴᠢᠬᠤᠯᠠ ᠳᠠᠪᠠᠯᠲᠠ ᠶᠢ ᠪᠡᠶᠡᠯᠡᠭᠦᠯᠪᠡ᠃ ᠬᠠᠶᠢᠨᠠᠨ ᠤ | ᠴᠢᠯᠥᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠥᠭᠡᠷᠡᠴᠢᠯᠡᠯᠲᠡ | ᠨᠡᠬᠡᠭᠡᠯᠲᠡ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ | ᠣᠷᠤᠭᠤᠯᠤᠯᠲᠠ ᠭᠠᠷᠭᠠᠯᠲᠠ ᠪᠠ ᠭᠠᠳᠠᠭᠠᠳᠤ ᠪᠡᠯᠡ ᠶᠢ ᠠᠰᠢᠭᠯᠠᠬᠤ ᠪᠠᠶᠢᠳᠠᠯ ᠰᠥᠷᠥᠨ ᠨᠡᠮᠡᠭᠳᠡᠵᠦ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠯᠠᠪᠳᠠᠭᠤᠨ ᠢᠶᠠᠷ ᠠᠬᠢᠵᠤ᠂ ᠣᠷᠣᠨ ᠪᠦᠰᠡ ᠶᠢᠨ ᠪᠦᠬᠦ | ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠵᠥᠪᠳᠡᠯᠴᠡᠭᠡᠷ ᠲᠤ ᠭᠠᠷ ᠤᠨ ᠦᠰᠦᠭ ᠠᠮᠵᠢᠯᠲᠠ ᠲᠠᠢ | ᠵᠢᠷᠤᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠡᠬᠢᠯᠡᠯᠲᠡ ᠶᠢᠨ ᠴᠡᠭ ᠠᠴᠠ ᠪᠠᠨ ᠠᠬᠢᠨ ᠮᠣᠷᠳᠠᠪᠠ᠃ | — ᠠᠷᠠᠳ ᠤᠨ ᠠᠮᠢᠳᠤᠷᠠᠯ ᠬᠦᠴᠦᠲᠡᠶ ᠪᠠᠲᠤᠯᠠᠭ᠎ᠠ ᠲᠠᠢ ᠪᠣᠯᠪᠠ᠃ ᠬᠤᠳᠠ ᠪᠠᠯᠭᠠᠰᠤᠨ ᠤ ᠰᠢᠨ᠎ᠡ ᠪᠠᠷ | ᠨᠡᠮᠡᠭᠳᠡᠭᠰᠡᠨ ᠠᠵᠢᠯ ᠣᠯᠭᠤᠯᠲᠠ 1100 ᠲᠦᠮᠡᠨ ᠬᠥᠮᠥᠨ ᠢ ᠳᠠᠪᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠦᠨᠳᠦᠰᠦᠨ ᠳᠤ ᠪᠠᠨ ᠠᠳᠠᠯᠢ ᠠᠯᠬᠤᠮ ᠲᠠᠢ ᠪᠣᠯᠪᠠ᠃ ᠰᠣᠶᠣᠯ | ᠵᠢᠭᠤᠯᠴᠢᠯᠠᠯ᠂ ᠨᠡᠶᠢᠭᠡᠮ ᠤᠨ ᠪᠠᠲᠤᠯᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠨᠡᠶᠢᠭᠡᠮ ᠤᠨ ᠵᠠᠰᠠᠯᠲᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ | ᠠᠵᠢᠯ ᠦᠢᠯᠡᠰ ᠰᠢᠨ᠎ᠡ ᠠᠬᠢᠴᠠ ᠲᠠᠢ ᠪᠣᠯᠵᠤ᠂ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠠᠬᠢ ᠳᠤᠲᠠᠭᠤᠳᠠᠯ ᠢ | ᠨᠥᠬᠦᠪᠥᠷᠢᠯᠡᠬᠦ ᠠᠵᠢᠯ ᠲᠦᠷᠭᠡᠪᠴᠢᠯᠡᠨ ᠠᠬᠢᠪᠠ᠃ ᠵᠠᠬ᠎ᠠ ᠳᠡᠯᠭᠡᠭᠦᠷ ᠤᠨ ᠬᠠᠩᠭᠠᠯᠭ᠎ᠠ ᠡᠯᠪᠡᠭ ᠳᠡᠯᠪᠡᠭ᠂ ᠦᠨ᠎ᠡ | ᠬᠠᠩᠰᠢ ᠦᠨᠳᠦᠰᠦᠨ ᠳᠤ ᠪᠠᠨ ᠲᠣᠭᠲᠠᠪᠤᠷᠢᠲᠠᠢ ᠪᠣᠯᠪᠠ᠃ | 2020 ᠣᠨ ᠪᠣᠯ ᠪᠠᠰᠠ ᠴᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ | ᠬᠤᠷᠢᠶᠠᠬᠤ ᠵᠢᠯ ᠮᠥᠨ᠃ 5 ᠵᠢᠯ ᠤᠨ ᠲᠤᠷᠰᠢ ᠬᠠᠯᠠᠰᠢᠷᠠᠯ ᠦᠭᠡᠢ ᠲᠡᠮᠡᠴᠡᠬᠦ ᠪᠠᠷ ᠳᠠᠮᠵᠢᠭᠠᠳ᠂ ᠮᠠᠨ ᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠵᠤ᠂ ᠠᠵᠤ | ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ | ᠶᠡᠷᠦᠩᠬᠡᠢ ᠬᠦᠴᠦᠨ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠳᠠᠬᠢᠨᠲᠠ ᠰᠢᠨ᠎ᠡ ᠳᠡᠭᠲᠡᠷ ᠲᠤ ᠭᠠᠷᠴᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠠᠯᠲᠠ ᠶᠢ ᠤᠳᠠᠯ ᠦᠭᠡᠢ ᠣᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠰᠢᠨ᠎ᠡ ᠨᠢᠭᠡᠨ ᠲᠣᠮᠣ ᠠᠯᠬᠤᠮ ᠢ ᠠᠯᠬᠤᠪᠠ᠃ ︽ᠮᠠᠨ ᠤ | ᠤᠯᠤᠰ ᠳᠡᠯᠡᠬᠡᠶ ᠶᠢᠨ ᠠᠵᠤ ᠠᠬᠤᠶ ᠶᠢᠨ ᠪᠠᠭᠤᠷᠠᠯᠲᠠ ᠶᠢᠨ ᠳᠤᠮᠳᠠ ᠰᠠᠯᠬᠢ ᠳᠠᠪᠠᠯᠭᠠᠨ ᠢ ᠰᠥᠷᠥᠨ ᠤᠷᠤᠭᠰᠢᠯᠠᠪᠠ᠂ | ᠡᠭᠦᠨ ᠢᠶᠠᠨ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠡᠭᠡᠷ᠎ᠡ ᠣᠮᠤᠭ ᠪᠠᠭ᠋ᠠᠳᠤᠯ ᠲᠠᠢ ᠪᠠᠷ | ᠪᠢᠴᠢᠵᠦ ᠪᠣᠯᠤᠨ᠎ᠠ︾᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠯᠭᠠᠯᠲᠠ ᠶᠢᠨ ᠬᠠᠭᠤᠳᠠᠰᠤ ᠶᠢ ᠴᠢᠨᠠᠷ | ᠰᠠᠶᠢᠲᠠᠶ ᠬᠠᠷᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶ ᠶᠢᠨ ᠦᠨᠳᠦᠰᠦᠨ ᠰᠠᠭᠤᠷᠢ ᠶᠢ | ᠲᠣᠭᠲᠠᠪᠤᠷᠢᠵᠢᠭᠤᠯᠵᠤ᠂ ︿ᠳᠤᠮᠳᠠᠳᠤ ᠤᠯᠤᠰ ᠤᠨ ᠵᠠᠰᠠᠯᠲᠠ﹀ ᠶᠢᠨ ᠢᠯᠡᠳᠲᠡ ᠳᠠᠪᠠᠭᠤᠯᠢᠭ ᠢ ᠪᠥᠬᠦ ᠲᠠᠯ᠎ᠠ ᠪᠠᠷ | ᠢᠯᠡᠷᠡᠭᠦᠯᠪᠡ︾ ᠁ ᠳᠤᠭᠤᠶᠢᠯᠠᠩ ᠬᠤᠪᠢᠶᠠᠨ ᠶᠠᠷᠢᠯᠴᠠᠬᠤ ᠦᠶ᠎ᠡ ᠳᠤ᠂ ᠡᠨᠡ ᠵᠢᠯ ᠤᠨ ᠪᠡᠷᠬᠡ ᠬᠠᠲᠠᠭᠤᠵᠢᠯᠲᠠᠶ | ᠪᠠᠶᠢᠳᠠᠯ ᠪᠠ ᠣᠯᠤᠭᠰᠠᠨ ᠶᠡᠷᠦ ᠪᠤᠰᠤ ᠶᠢᠨ ᠠᠮᠵᠢᠯᠲᠠ ᠪᠦᠲᠦᠮᠵᠢ ᠶᠢᠨ ᠲᠤᠬᠠᠶ ᠬᠤᠷᠠᠯ ᠳᠤ ᠣᠷᠣᠯᠴᠠᠭᠰᠠᠨ | ᠨᠥᠬᠦᠳ ᠬᠥᠷ ᠬᠥᠭᠵᠢᠶᠡᠨ ᠲᠠᠢ ᠶᠠᠷᠢᠯᠴᠠᠵᠤ᠂ ᠭᠦᠨ ᠲᠥᠷᠥᠭᠳᠡᠯ ᠲᠠᠢ ᠪᠠᠶᠢᠯ᠎ᠠ᠃ ᠬᠦᠴᠢᠷ ᠪᠡᠷᠬᠡᠰᠢᠶᠡᠯ ᠬᠠᠷᠰᠢ | ᠰᠠᠭᠠᠳ ᠢ ᠢᠯᠠᠨ ᠳᠠᠪᠠᠵᠤ᠂ ᠠᠮᠵᠢᠯᠲᠠ ᠪᠦᠲᠦᠮᠵᠢ ᠬᠢᠯᠪᠠᠷ ᠪᠤᠰᠤ ᠪᠠᠷ ᠢᠷᠡᠭᠰᠡᠨ ᠶᠤᠮ᠂ ᠡᠨᠡ ᠪᠣᠯ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ | ᠳ᠋ᠦᠩ ᠮᠥᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ | ᠲᠡᠮᠡᠴᠡᠭᠰᠡᠨ ᠤ ᠦᠷ᠎ᠡ ᠳ᠋ᠦᠩ ᠮᠥᠨ᠃ ᠪᠦᠬᠦ ᠪᠥᠮᠪᠥᠷᠴᠡᠭ ᠢ ᠠᠵᠢᠭᠯᠠᠪᠠᠯ᠂ ︽ᠳᠤᠮᠳᠠᠳᠤ ᠤᠯᠤᠰ ᠤᠨ ᠵᠠᠰᠠᠯᠲᠠ︾ | ᠪᠣᠯᠤᠨ ︽ᠥᠷᠥᠨᠡᠳᠠᠬᠢᠨ ᠤ ᠰᠠᠮᠠᠭᠤᠷᠠᠯ︾ ᠤᠨ ᠬᠠᠷᠢᠴᠠᠭᠤᠯᠤᠯ ᠨᠡᠩ ᠢᠯᠡ ᠲᠣᠳᠣ ᠪᠤᠯᠵᠤ᠂ ᠠᠷᠠᠳ ᠤᠯᠠᠨ | ᠳᠣᠲᠣᠭᠠᠳᠤ ᠰᠡᠳᠬᠢᠯ ᠠᠴᠠ ᠪᠠᠨ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ ᠵᠢᠷᠤᠮᠲᠤ ᠪᠠᠶᠢᠭᠤᠯᠤᠯ ᠤᠨ | ᠳᠠᠪᠠᠭᠤᠯᠢᠭ ᠴᠢᠨᠠᠷ ᠢ ᠨᠡᠩ ᠭᠦᠨᠵᠡᠭᠡᠢ ᠣᠶᠢᠯᠠᠭᠠᠵᠤ᠂ ᠠᠭᠤᠤ ᠶᠡᠭᠡ ᠡᠬᠡ ᠤᠯᠤᠰ ᠤᠨ ᠢᠶᠠᠨ ᠲᠥᠯᠥᠭᠡ ᠨᠡᠩ ᠴᠢᠩ | ᠰᠡᠳᠬᠢᠯ ᠠᠴᠠ ᠪᠠᠨ ᠣᠮᠣᠭᠰᠢᠵᠤ ᠪᠠᠶᠢᠨ᠎ᠠ᠃ | ᠡᠷᠬᠢᠮ ᠨᠠᠨᠳᠢᠨ ᠰᠡᠩᠬᠡᠷᠡᠭᠦᠯᠦᠯ — ᠴᠢᠬᠤᠯᠠ ᠶᠡᠭᠡ ᠵᠠᠩᠭᠢᠯᠠᠭ᠎ᠠ ᠶᠢᠨ ᠦᠶ᠎ᠡ ᠶᠢᠨ ᠴᠢᠬᠤᠯᠠ ᠶᠡᠭᠡ | ᠰᠢᠯᠭᠠᠯᠲᠠ᠂ ᠬᠠᠲᠠᠭᠤ ᠴᠢᠩᠭ᠎ᠠ ᠥᠷᠢᠰᠥᠯᠳᠦᠭᠡᠨ ᠤ ᠳᠣᠣᠷ᠎ᠠ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ | ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ ᠳᠤ᠂ ︽ᠲᠠᠪᠤᠨ ᠦᠨᠳᠦᠰᠦᠨ︾ ᠤ | ᠠᠭᠤᠯᠤᠭᠳᠠᠬᠤᠨ ᠭᠦᠨᠵᠡᠭᠡᠢ᠂ ᠰᠡᠩᠬᠡᠷᠡᠭᠦᠯᠦᠯ ᠭᠦᠨ ᠪᠠᠶᠢᠨ᠎ᠠ ᠬᠤᠷᠠᠯ ᠠᠴᠠ ᠴᠢᠬᠤᠯᠠᠴᠢᠯᠠᠨ ᠵᠢᠭᠠᠵᠤ | ᠭᠠᠷᠭᠠᠭᠰᠠᠨ ᠨᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ | ᠲᠥᠯᠥᠪᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠬᠦ ᠦᠢᠯᠡᠳᠦᠯᠭᠡ ᠳᠤᠮᠳᠠ᠂ ᠪᠢᠳᠡ ᠬᠠᠲᠠᠭᠤ ᠴᠢᠩᠭ᠎ᠠ ᠥᠷᠢᠰᠥᠯᠳᠦᠭᠡᠨ ᠤ ᠳᠣᠣᠷ᠎ᠠ | ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠭᠦᠨᠵᠡᠭᠡᠶᠢᠷᠡᠭᠦᠯᠪᠡ᠃ ︽ | ᠨᠠᠮ ᠤᠨ ᠲᠥᠪ ᠬᠤᠷᠢᠶᠠᠨ ᠤ ᠡᠷᠬᠡ ᠰᠦᠷ ᠪᠣᠯ ᠠᠶᠤᠯ ᠲᠦᠭᠰᠢᠭᠦᠷᠢᠲᠡᠢ ᠴᠠᠭ ᠮᠥᠴᠡ ᠳᠤ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠴᠢᠷ ᠢ ᠰᠦᠷᠦᠨ ᠤᠷᠤᠭᠰᠢᠯᠠᠬᠤ ᠦᠨᠳᠦᠰᠦᠨ | ᠲᠦᠰᠢᠭ ᠲᠤᠯᠭᠠᠭᠤᠷᠢ ᠮᠥᠨ︾᠃ ︽ᠠᠷᠠᠳ ᠲᠦᠮᠡᠨ ᠢ ᠳᠡᠭᠡᠳᠦᠯᠡᠬᠦ ᠪᠣᠯ ᠵᠥᠪ ᠰᠣᠩᠭᠤᠯᠲᠠ ᠬᠢᠬᠦ ᠶᠢᠨ | ᠦᠨᠳᠦᠰᠦᠨ ᠤᠷᠢᠲᠠᠯ ᠮᠥᠨ︾᠃ ︽ᠪᠠᠶᠢᠭᠤᠯᠤᠯ ᠤᠨ ᠳᠠᠪᠠᠭᠤᠯᠢᠭ ᠪᠣᠯ ᠴᠠᠭ ᠤᠨ ᠪᠡᠷᠬᠡ ᠶᠢ ᠬᠠᠮᠲᠤ ᠪᠠᠷ | ᠲᠤᠭᠤᠯᠬᠤ ᠠᠤᠭ᠎ᠠ ᠶᠡᠭᠡ ᠬᠦᠴᠦᠨ ᠢ ᠪᠦᠷᠢᠯᠳᠦᠭᠦᠯᠬᠦ ᠦᠨᠳᠦᠰᠦᠨ ᠪᠠᠲᠤᠯᠠᠭ᠎ᠠ ᠮᠥᠨ︾᠃ ︽ᠰᠢᠨᠵᠢᠯᠡᠬᠦ | ᠤᠬᠠᠭᠠᠨᠴᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠪᠦᠲᠦᠭᠡᠯᠴᠢ ᠪᠠᠷ ᠠᠷᠭᠠᠴᠠᠭᠠᠬᠤ ᠪᠣᠯ ᠠᠶᠤᠯ | ᠲᠦᠭᠰᠢᠭᠦᠷᠢ ᠶᠢ ᠠᠵᠠ ᠲᠣᠬᠢᠶᠠᠯ ᠪᠤᠯᠭᠠᠨ ᠬᠤᠪᠢᠷᠠᠭᠤᠯᠬᠤ ᠶᠢᠨ ᠦᠨᠳᠦᠰᠦᠨ ᠠᠷᠭ᠎ᠠ ᠮᠥᠨ︾᠃ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ ᠬᠥᠭᠵᠢᠯᠲᠡ ᠶᠢᠨ ᠶᠡᠭᠡ | ᠲᠠᠯ᠎ᠠ ᠶᠢ ᠠᠬᠢᠭᠤᠯᠬᠤ ᠶᠢᠨ ᠦᠨᠳᠦᠰᠦᠨ ᠲᠤᠯᠭᠠᠭᠤᠷᠢᠯᠠᠯ ᠮᠥᠨ︾᠃ ᠬᠤᠷᠠᠯ ᠠᠴᠠ ᠳᠤᠷᠠᠳᠤᠭᠰᠠᠨ ᠡᠨᠡ ᠬᠦ ︽ | ᠲᠠᠪᠤᠨ ᠦᠨᠳᠦᠰᠦᠨ︾ ᠲᠤᠷᠰᠢᠯᠭ᠎ᠠ ᠨᠢ ᠥᠩᠭᠡᠷᠡᠭᠰᠡᠨ ᠢᠶᠠᠨ ᠳ᠋ᠦᠩᠨᠡᠵᠦ᠂ ᠢᠷᠡᠭᠡᠳᠦᠢ ᠳᠤ ᠰᠡᠩᠬᠡᠷᠡᠭᠦᠯᠦᠯ ᠪᠣᠯᠪᠠ᠃ | ︽ᠡᠨᠡ ︿ᠲᠠᠪᠤᠨ ᠦᠨᠳᠦᠰᠦᠨ﹀ ᠪᠣᠯ ᠵᠢᠮ᠎ᠡ ᠶᠣᠰᠣ ᠮᠥᠨ᠂ ᠪᠠᠰᠠ ᠴᠤ ᠲᠤᠷᠰᠢᠯᠭ᠎ᠠ ᠮᠥᠨ᠂ ᠪᠢᠳᠡᠨ ᠤ ᠠᠵᠤ | ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠢᠯᠠᠯᠲᠠ ᠠᠴᠠ ᠢᠯᠠᠯᠲᠠ ᠳᠤ ᠬᠥᠷᠬᠦ ᠶᠢᠨ | ᠦᠨᠳᠦᠰᠦᠨ ᠵᠢᠷᠤᠮᠯᠠᠯ ᠮᠥᠨ︾᠂ ᠬᠤᠷᠠᠯ ᠳᠤ ᠣᠷᠣᠯᠴᠠᠭᠰᠠᠨ ᠨᠥᠬᠦᠳ ᠶᠠᠷᠢᠯᠴᠠᠯᠭ᠎ᠠ ᠳᠤ ᠪᠠᠨ ᠨᠡᠶᠢᠳᠡᠮ | ᠦᠵᠡᠭᠰᠡᠨ ᠨᠢ᠂ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠤᠨ ᠳᠡᠭᠡᠳᠦ | ᠬᠡᠮᠵᠢᠶᠡᠨ ᠤ ᠬᠤᠷᠢᠶᠠᠩᠭᠤᠶᠢᠯᠠᠯ ᠪᠣᠯᠤᠨ᠎ᠠ᠃ ︽ᠲᠠᠪᠤᠨ ᠦᠨᠳᠦᠰᠦᠨ︾ ᠤ ᠳᠣᠲᠣᠷ᠎ᠠ᠂ ︽ᠨᠠᠮ ᠤᠨ ᠲᠥᠪ | ᠬᠤᠷᠢᠶᠠᠨ ᠤ ᠡᠷᠬᠡ ᠰᠦᠷ ᠪᠣᠯ ᠠᠶᠤᠯ ᠲᠦᠭᠰᠢᠭᠦᠷᠢᠲᠡᠢ ᠴᠠᠭ ᠮᠥᠴᠡ ᠳᠤ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠴᠢᠷ ᠢ ᠰᠦᠷᠦᠨ ᠤᠷᠤᠭᠰᠢᠯᠠᠬᠤ ᠶᠢᠨ ᠦᠨᠳᠦᠰᠦᠨ ᠲᠦᠰᠢᠭ | ᠮᠥᠨ︾ ᠭᠡᠬᠦ ᠵᠤᠷᠪᠤᠰ ᠪᠣᠯ ᠶᠡᠷᠦᠩᠬᠡᠢ ᠵᠠᠬᠢᠷᠤᠯᠲᠠ᠂ ᠵᠠᠩᠭᠢᠯᠠᠭ᠎ᠠ ᠪᠣᠯᠤᠨ᠎ᠠ᠃ | ᠬᠤᠷᠠᠯ ᠠᠴᠠ ᠢᠯᠡ ᠲᠣᠳᠣᠷᠬᠠᠢ ᠳᠤᠷᠠᠳᠤᠭᠰᠠᠨ ᠨᠢ᠂ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ᠂ | ᠴᠢᠬᠤᠯᠠ ᠶᠡᠭᠡ ᠰᠢᠯᠭᠠᠯᠲᠠ ᠶᠢᠨ ᠡᠮᠦᠨ᠎ᠡ᠂ ᠨᠠᠮ ᠤᠨ ᠲᠥᠪ ᠬᠤᠷᠢᠶᠠᠨ ᠤ ᠮᠠᠭᠠᠳᠯᠠᠬᠤ ᠴᠢᠳᠠᠪᠤᠷᠢ᠂ ᠰᠢᠢᠳᠪᠦᠷᠢᠲᠦ | ᠪᠤᠳᠤᠯᠭ᠎ᠠ ᠲᠣᠭᠲᠠᠭᠠᠬᠤ ᠴᠢᠳᠠᠪᠤᠷᠢ᠂ ᠠᠵᠢᠯᠯᠠᠭ᠎ᠠ ᠠᠪᠬᠤ ᠴᠢᠳᠠᠪᠤᠷᠢ ᠪᠣᠯ ᠰᠢᠢᠳᠪᠦᠷᠢᠲᠦ ᠴᠢᠨᠠᠷᠲᠠᠢ | ᠦᠢᠯᠡᠳᠦᠯ ᠲᠠᠢ ᠶᠤᠮ᠃ ︽ᠳᠤᠮᠳᠠᠳᠤ ᠤᠯᠤᠰ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ | ᠰᠠᠯᠬᠢ ᠰᠦᠷᠦᠨ ᠳᠠᠪᠠᠯᠭᠠᠨ ᠢ ᠵᠦᠰᠦᠵᠦ ᠶᠡᠷᠦ ᠪᠤᠰᠤ ᠶᠢᠨ ᠠᠮᠵᠢᠯᠲᠠ ᠪᠦᠲᠦᠮᠵᠢ ᠣᠯᠤᠭᠰᠠᠨ ᠶᠠᠪᠤᠳᠠᠯ ᠨᠢ | ᠭᠡᠨᠡᠳᠲᠡ ᠶᠢᠨ ᠶᠠᠪᠤᠳᠠᠯ ᠪᠢᠰᠢ᠂ ᠠᠵᠠ ᠲᠣᠬᠢᠶᠠᠯ ᠪᠢᠰᠢ᠂ ᠬᠠᠮᠤᠭ ᠤᠨ ᠦᠨᠳᠦᠰᠦᠨ ᠵᠦᠢᠯ ᠪᠣᠯ ᠶᠡᠷᠦᠩᠬᠡᠢ ᠱᠦᠵᠢ | ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠵᠠᠮᠴᠢᠯᠠᠭᠴᠢ ᠪᠣᠯᠵᠤ ᠵᠠᠯᠠᠭᠤᠷ ᠪᠠᠷᠢᠭᠰᠠᠨ ᠳᠤ ᠪᠠᠶᠢᠨ᠎ᠠ︾ ᠭᠡᠵᠦ | ᠨᠢᠭᠡᠨ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠪᠦᠷᠢᠯᠳᠦᠬᠦᠨ ᠢᠩᠭᠢᠵᠦ ᠢᠯᠡᠳᠬᠡᠪᠡ᠃ | ᠰᠢᠢᠳᠪᠦᠷᠢᠲᠦ ᠪᠣᠳᠣᠯᠭ᠎ᠠ ᠲᠣᠭᠲᠠᠭᠠᠵᠤ ᠦᠬᠠᠨ ᠬᠤᠲᠠ ᠶᠢ ᠪᠢᠲᠡᠭᠦᠮᠵᠢᠯᠡᠬᠦ ᠠᠴᠠ ᠠᠪᠤᠭᠠᠳ ᠡᠮᠬᠢ | ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠶ᠋ᠯᠡᠳᠪᠦᠷᠢᠯᠡᠯ ᠢᠶᠠᠨ ᠰᠡᠷᠭᠦᠭᠡᠬᠦ ᠬᠦᠷᠲᠡᠯ᠎ᠡ᠂ ᠤᠯᠤᠰ ᠳᠠᠶᠠᠭᠠᠷ ᠤᠨ | ᠬᠦᠴᠦᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠢ ᠰᠠᠶᠢᠲᠤᠷ ᠬᠢᠬᠦ ᠠᠴᠠ ᠠᠪᠤᠭᠠᠳ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠠᠶᠢᠯᠠᠯᠳᠤᠭᠠᠨ ᠳᠤ ᠢᠯᠠᠯᠲᠠ ᠣᠯᠬᠤ ᠬᠦᠷᠲᠡᠯ᠎ᠡ ᠁ ᠣᠯᠠᠨ | ᠳᠠᠪᠬᠤᠴᠠᠭᠰᠠᠨ ᠬᠡᠯᠪᠡᠷᠢ ᠶᠢᠨ ᠲᠠᠭᠠᠷᠢᠯᠲᠠ ᠳᠤ ᠬᠠᠨᠳᠤᠵᠤ᠂ ᠶᠡᠷᠦᠩᠬᠡᠶ ᠱᠦᠵᠢ ᠰᠢ ᠶᠢᠨ ᠫᠢᠩ ᠶᠡᠷᠦ ᠪᠤᠰᠤ ᠶᠢᠨ | ᠠᠷᠭ᠎ᠠ ᠬᠡᠮᠵᠢᠶ᠎ᠡ ᠪᠠᠷ ᠶᠡᠷᠦ ᠪᠤᠰᠤ ᠶᠢᠨ ᠬᠦᠴᠢᠷᠳᠡᠯ ᠳᠤ ᠬᠠᠨᠳᠤᠵᠤ᠂ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠴᠠᠴᠠᠷ ᠲᠤ ᠰᠠᠭᠤᠵᠤ ᠰᠢᠶ᠋ᠳᠪᠦᠷᠢᠲᠦ | ᠠᠷᠭ᠎ᠠ ᠭᠠᠷᠭᠠᠨ᠂ ᠠᠮᠠᠯᠠᠯᠲᠠ ᠪᠠᠨ ᠪᠡᠶᠡᠯᠡᠭᠦᠯᠵᠦ᠂ ᠲᠡᠯᠡᠶ ᠶᠢ ᠰᠢᠩᠭᠡᠭᠡᠬᠦ ᠪᠢᠯᠢᠭᠲᠦ ᠡᠷᠳᠡᠮ ᠪᠣᠯᠤᠨ ᠤᠳᠤᠷᠢᠳᠬᠤ | ᠭᠤᠤᠯᠯᠠᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠶᠡᠭᠡ ᠰᠡᠳᠬᠢᠴᠡ ᠶᠡᠭᠡ ᠪᠠᠶᠢᠷᠢᠰᠢᠯᠠᠭᠤᠯᠤᠯᠲᠠ ᠪᠠᠷ ᠶᠡᠭᠡ | ᠬᠤᠪᠢᠰᠤᠯᠲᠠ ᠶᠢ ᠠᠷᠭᠠᠴᠠᠭᠠᠵᠤ᠂ ᠲᠥᠷᠥ ᠶᠢ ᠵᠠᠰᠠᠵᠤ ᠵᠠᠰᠠᠭ ᠢ ᠡᠷᠭᠢᠯᠡᠬᠦ ᠭᠠᠷᠮᠠᠭᠠᠶ ᠴᠢᠳᠠᠪᠤᠷᠢ ᠪᠠᠨ ᠳᠠᠬᠢᠨᠲᠠ | ᠢᠯᠡᠷᠡᠭᠦᠯᠪᠡ᠃ ︽ᠡᠨᠡ ᠵᠢᠯ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠣᠯ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠣᠳᠠᠲᠠᠢ | ᠦᠢᠯᠡᠳᠦᠯᠭᠡ ᠳᠤᠮᠳᠠ ᠣᠯᠣᠭᠰᠠᠨ ᠶᠡᠭᠡ ᠠᠮᠵᠢᠯᠲᠠ ᠪᠦᠲᠦᠮᠵᠢ᠂ ᠡᠯᠪᠡᠭ ᠪᠠᠶᠠᠯᠢᠭ ᠦᠷ᠎ᠡ ᠪᠦᠲᠦᠭᠡᠯ ᠪᠣᠯᠤᠨ᠎ᠠ︾ | ᠬᠡᠮᠡᠨ ᠬᠤᠷᠠᠯ ᠳᠤ ᠣᠷᠣᠯᠴᠠᠭᠰᠠᠨ ᠨᠥᠬᠦᠳ ᠳᠤᠭᠤᠶᠢᠯᠠᠩ ᠬᠤᠪᠢᠶᠠᠨ ᠶᠠᠷᠢᠯᠴᠠᠬᠤ ᠳᠤ ᠪᠠᠨ ᠦᠨᠡᠨ | ᠰᠡᠳᠬᠢᠯ ᠠᠴᠠ ᠪᠠᠨ ᠶᠠᠷᠢᠵᠠᠭᠠᠪᠠ᠃ ︽ᠠᠷᠠᠳ ᠲᠦᠮᠡᠨ ᠢ ᠳᠡᠭᠡᠳᠦᠯᠡᠬᠦ︾ ︽ᠪᠠᠶᠢᠭᠤᠯᠤᠯ ᠤᠨ ᠳᠠᠪᠠᠭᠤᠯᠢᠭ ᠢ | ᠪᠠᠳᠠᠷᠠᠭᠤᠯᠬᠤ︾ ︽ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠪᠦᠲᠦᠭᠡᠯᠴᠢ | ᠴᠢᠨᠠᠷᠲᠠᠢ ᠠᠷᠭᠠᠴᠠᠭᠠᠬᠤ︾ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠥᠪᠡᠷ ᠢ ᠪᠠᠨ ᠬᠦᠴᠦᠷᠬᠡᠭᠵᠢᠭᠦᠯᠬᠦ︾ ᠁ ︽ᠦᠨᠳᠦᠰᠦᠨ︾ ᠨᠢᠭᠡᠪᠦᠷᠢ ᠳᠤ ᠴᠥᠮ ᠰᠡᠩᠬᠡᠷᠡᠭᠦᠯᠦᠯ ᠠᠭᠤᠯᠵᠤ | ᠪᠤᠢ᠃ ᠡᠳᠡᠭᠡᠷ ᠡᠷᠬᠢᠮ ᠨᠠᠨᠳᠢᠨ ᠲᠤᠷᠰᠢᠯᠭ᠎ᠠ ᠨᠢ ᠬᠥᠮᠦᠰ ᠤᠨ ᠢᠮᠠᠭᠲᠠ ᠡᠷᠡᠯᠬᠡᠭᠯᠡᠨ ᠲᠡᠮᠡᠴᠡᠬᠦ ᠶᠢ ᠵᠣᠷᠢᠭᠵᠢᠭᠤᠯᠵᠤ | ᠂ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠳᠦᠯᠥᠨ ᠳᠠᠭᠠᠭᠤᠯᠵᠤ ᠰᠠᠭᠠᠳ ᠦᠭᠡᠢ | ᠤᠷᠤᠭᠰᠢᠯᠠᠭᠤᠯᠤᠮᠤᠢ᠃ ᠰᠠᠷᠠᠨ ᠪᠦᠮᠪᠦᠷᠴᠡᠭ ᠢ ᠬᠠᠶᠢᠨ ᠰᠢᠨᠵᠢᠯᠡᠵᠦ᠂ ᠵᠡᠭᠦᠳᠦ ᠪᠠᠨ ᠲᠡᠷᠭᠡᠯᠰᠢᠭᠦᠯᠦᠨ | ᠤᠷᠤᠭᠰᠢᠯᠠᠵᠠᠭᠠᠶ᠎ᠠ᠃ ︽ᠡᠨᠡ ᠪᠣᠯ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠭᠰᠠᠨ ᠪᠠᠶᠢᠭᠤᠯᠤᠯ ᠤᠨ ᠳᠠᠪᠠᠭᠤᠯᠢᠭ ᠢ | ᠪᠠᠳᠠᠷᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠭᠠᠳ ᠣᠯᠤᠭᠰᠠᠨ ᠪᠠᠰᠠ ᠨᠢᠭᠡᠨ ᠴᠢᠬᠤᠯᠠ ᠶᠡᠭᠡ ᠠᠮᠵᠢᠯᠲᠠ | ᠪᠣᠯᠣᠨ᠎ᠠ︾᠂ 12 ᠳ᠋ᠤᠭᠠᠷ ᠰᠠᠷ᠎ᠠ ᠶᠢᠨ 17 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠡᠮᠦᠨ᠎ᠡ ᠠᠴᠠ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠲᠠᠪᠤᠳᠤᠭᠠᠷ ᠤᠨ ᠡᠭᠦᠷᠭᠡ | ᠲᠡᠭᠦᠰ ᠠᠮᠵᠢᠯᠲᠠ ᠣᠯᠤᠭᠰᠠᠨ ᠳᠤ ᠪᠠᠶᠠᠷ ᠬᠦᠷᠭᠡᠪᠡ᠃ | ᠬᠤᠷᠠᠯ ᠤᠨ ᠬᠤᠭᠤᠴᠠᠭᠠᠨ ᠳᠤ᠂ 2 ᠺᠢᠯᠣᠭ᠍ᠷᠠᠮ ᠣᠷᠴᠢᠮ ᠤᠨ ᠰᠠᠷᠠᠨ ᠪᠦᠮᠪᠦᠷᠴᠡᠭ ᠤᠨ ᠬᠥᠷᠥᠰᠥ ᠶᠢ | ᠲᠡᠭᠡᠭᠡᠭᠰᠡᠨ ᠴᠠᠩ ᠧ ᠲᠠᠪᠤᠳᠤᠭᠠᠷ ᠬᠠᠶᠢᠭᠤᠷ ᠠᠮᠵᠢᠯᠲᠠ ᠲᠠᠢ ᠪᠠᠷ ᠪᠤᠴᠠᠵᠤ ᠢᠷᠡᠭᠰᠡᠨ ᠨᠢ ᠬᠤᠷᠠᠯ ᠳᠤ | ᠣᠷᠣᠯᠴᠠᠭᠰᠠᠳ ᠤᠨ ᠠᠩᠬᠠᠷᠤᠯ ᠪᠠ ᠬᠠᠯᠠᠭᠤᠨ ᠶᠠᠷᠢᠯᠴᠠᠭ᠎ᠠ ᠶᠢ ᠲᠠᠲᠠᠭᠰᠠᠨ ᠪᠠᠶᠢᠨ᠎ᠠ᠃ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠪᠣᠯ ᠬᠥᠭᠵᠢᠯᠲᠡ ᠶᠢᠨ | ᠶᠡᠭᠡ ᠲᠠᠯ᠎ᠠ ᠶᠢ ᠠᠬᠢᠭᠤᠯᠬᠤ ᠦᠨᠳᠦᠰᠦᠨ ᠲᠦᠰᠢᠭ ᠲᠤᠯᠭᠠᠭᠤᠷᠢ ᠮᠥᠨ᠂ ᠡᠭᠦᠨ ᠢ ᠪᠢᠳᠡ ᠨᠡᠩ ᠭᠦᠨᠵᠡᠭᠡᠶ | ᠣᠶᠢᠯᠠᠭᠠᠪᠠ︾᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠠᠴᠠ ᠢᠷᠡᠭᠰᠡᠨ ᠬᠤᠷᠠᠯ ᠳᠤ | ᠣᠷᠣᠯᠴᠠᠭᠰᠠᠨ ᠨᠢᠭᠡᠨ ᠨᠥᠬᠦᠷ ᠢᠯᠡᠳᠬᠡᠭᠰᠡᠨ ᠨᠢ᠂ ︽ᠲᠡᠮᠡᠴᠡᠭᠴᠢ︾ ᠨᠡᠷᠡᠮᠵᠢᠲᠦ ᠲᠦᠮᠡᠨ ᠮᠧᠳ᠋ᠷ ᠤᠨ ᠭᠦᠨ | ᠳᠠᠯᠠᠶ ᠳᠤ ᠱᠤᠩᠭᠤᠬᠤ ᠲᠤᠷᠰᠢᠯᠲᠠ ᠠᠴᠠ ᠠᠪᠤᠭᠠᠳ ︽ᠵᠢᠦ ᠵᠠᠩ︾ ᠺᠸᠠᠨ᠋ᠲ ᠺᠣᠮᠫᠢᠦ᠋ᠲ᠋ᠧᠷ ᠢ ᠰᠤᠳᠤᠯᠤᠨ | ᠦᠢᠯᠡᠳᠬᠦ ᠠᠵᠢᠯ ᠴᠢᠬᠤᠯᠠ ᠠᠬᠢᠯᠲᠠ ᠲᠠᠢ ᠪᠣᠯᠣᠭᠰᠠᠨ ᠬᠦᠷᠲᠡᠯ᠎ᠡ᠂ ᠠᠯᠢ ᠣᠯᠠᠨ ᠰᠢᠨ᠎ᠡ ᠡᠭᠦᠳᠦᠯᠲᠡ ᠶᠢᠨ ᠦᠷ᠎ᠡ | ᠪᠦᠲᠦᠮᠵᠢ ᠨᠢ ᠵᠢᠯ ᠤᠨ ᠡᠴᠦᠰ ᠲᠤ ᠭᠡᠷᠡᠯ ᠰᠠᠴᠤᠷᠠᠩᠭᠤᠢ ᠪᠠᠷ ᠢᠯᠡᠷᠡᠨ ᠳᠣᠳᠤᠷᠠᠵᠤ᠂ ᠳᠤᠮᠳᠠᠳᠤ ᠤᠯᠤᠰ ᠤᠨ | ᠴᠢᠨᠠᠷ ᠰᠠᠶᠢᠲᠠᠢ ᠬᠥᠭᠵᠢᠯᠲᠡ ᠶᠢᠨ ᠢᠳᠡᠷᠡᠭᠦᠨ ᠠᠯᠬᠤᠭ᠎ᠠ ᠶᠢ ᠭᠡᠷᠡᠴᠢᠯᠡᠬᠦ ᠪᠣᠯᠣᠨ᠎ᠠ᠃ ︽ᠤᠳᠠᠭ᠎ᠠ ᠪᠦᠷᠢ | ᠬᠤᠷᠠᠯ ᠳᠤ ᠣᠷᠣᠯᠴᠠᠨ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠂ ᠠᠵᠢᠯ ᠤᠨ ᠪᠠᠶᠢᠷᠢᠯᠠᠭᠤᠯᠤᠯᠲᠠ ᠶᠢ | ᠰᠣᠨᠣᠰᠬᠤ ᠪᠦᠷᠢ ᠢᠲᠡᠭᠡᠯ ᠨᠡᠩ ᠪᠠᠲᠤ ᠴᠢᠩᠭ᠎ᠠ ᠪᠣᠯᠳᠠᠭ︕︾ ︽ᠶᠡᠭᠡ ᠳᠠᠶᠢᠯᠠᠯᠳᠤᠭᠠᠨ ᠶᠡᠭᠡ ᠰᠢᠯᠭᠠᠯᠲᠠ ᠳᠤ | ᠭᠤᠣᠯᠳᠠᠯᠭ᠎ᠠ ᠶᠢ ᠨᠢ ᠠᠵᠢᠵᠤ᠂ ᠡᠷᠡᠰ ᠴᠢᠩᠭ᠎ᠠ ᠲᠦᠰᠢᠭ ᠲᠤᠯᠭᠠᠭᠤᠷᠢ ᠨᠢ ᠬᠥᠮᠥᠨ ᠢ ᠪᠢᠰᠢᠷᠡᠭᠦᠯᠳᠡᠭ︕︾ | ᠬᠤᠷᠠᠯ ᠳᠤ ᠣᠷᠣᠯᠴᠠᠭᠰᠠᠨ ᠨᠥᠬᠦᠳ ᠴᠥᠮ ᠡᠶᠢᠮᠦ ᠭᠦᠨᠵᠡᠭᠡᠶ ᠲᠥᠷᠥᠭᠳᠡᠯ ᠲᠠᠢ ᠪᠣᠯᠵᠤ᠂ ᠰᠢ ᠶᠢᠨ ᠫᠢᠩ | ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠬ᠎ᠠ ᠤᠳᠤᠷᠢᠳᠤᠯᠭ᠎ᠠ ᠪᠠᠶᠢᠬᠤ ᠪᠣᠯᠬᠤᠷ | ︽ᠲᠠᠪᠤᠨ ᠦᠨᠳᠦᠰᠦᠨ︾ ᠵᠢᠮ᠎ᠡ ᠶᠣᠰᠤᠴᠢ ᠲᠤᠷᠰᠢᠯᠭ᠎ᠠ ᠶᠢ ᠭᠦᠨᠵᠡᠭᠡᠶ ᠣᠶᠢᠯᠠᠭᠠᠵᠤ ᠲᠤᠭᠤᠰᠢᠯᠠᠭᠤᠯᠪᠠᠯ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠯᠠᠪᠲᠠᠶ ᠢᠯᠠᠭᠳᠠᠰᠢ ᠦᠭᠡᠢ ᠪᠠᠶᠢᠷᠢᠨ ᠳᠤ | ᠰᠡᠬᠦ᠋ᠢᠵᠦ᠂ ᠨᠡᠩ ᠶᠡᠭᠡ ᠰᠢᠨ᠎ᠡ ᠭᠠᠶᠢᠬᠠᠮᠰᠢᠭ ᠢ ᠲᠠᠰᠤᠷᠠᠯᠳᠠ ᠦᠭᠡᠢ ᠡᠭᠦᠳᠦᠨ ᠪᠦᠲᠦᠭᠡᠵᠦ ᠴᠢᠳᠠᠬᠤ ᠶᠤᠮ᠃ | ᠰᠢᠨ᠎ᠡ ᠪᠠᠶᠢᠳᠠᠯ ᠢ ᠡᠭᠦᠳᠬᠦ — ᠰᠢᠨ᠎ᠡ ᠡᠬᠢᠯᠡᠯᠲᠡ ᠰᠢᠨ᠎ᠡ ᠲᠡᠮᠡᠴᠡᠯ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠳᠤ ᠢᠷᠡᠬᠦ ᠵᠢᠯ ᠠᠩᠬᠠᠨ ᠤ ᠠᠯᠬᠤᠮ ᠢᠶᠠᠨ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠲᠠᠢ | ᠪᠣᠯᠬᠤ ᠬᠡᠷᠡᠭᠲᠡᠶ ᠰᠠᠯᠬᠢ ᠳᠠᠪᠠᠯᠭᠠᠨ ᠢ ᠰᠦᠷᠦᠨ ᠣᠷᠣᠭᠰᠢᠯᠠᠵᠤ᠂ ᠳᠤᠮᠳᠠᠳᠤ ᠤᠯᠤᠰ ᠤᠨ ᠠᠵᠤ ᠠᠬᠤᠢ ᠶᠢᠨ | ᠬᠥᠯᠭᠡ ᠣᠩᠭᠤᠴᠠ ᠠᠭᠤᠳᠠᠮ ᠳᠠᠯᠠᠢ ᠶᠢᠨ ᠰᠢᠨ᠎ᠡ ᠣᠷᠣᠨ ᠢᠶᠠᠷ ᠠᠶᠠᠯᠠᠬᠤ ᠪᠣᠯᠣᠨ᠎ᠠ᠃ 2021 ᠣᠨ ᠪᠣᠯ ᠮᠠᠨ ᠤ | ᠤᠯᠤᠰ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠠᠬᠢ ᠣᠨᠴᠠᠭᠠᠶ ᠴᠢᠬᠤᠯᠠ ᠴᠢᠨᠠᠷ ᠪᠦᠬᠦᠢ | ᠨᠢᠭᠡ ᠵᠢᠯ ᠪᠣᠯᠬᠤ — ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠮᠥᠨ᠃ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠡᠬᠢᠯᠡᠬᠦ ᠪᠣᠯᠣᠨ᠎ᠠ᠃ | ᠭᠡᠪᠡᠴᠦ ᠤᠷᠤᠭᠰᠢᠯᠠᠬᠤ ᠵᠠᠮ ᠪᠣᠯ ᠲᠡᠶᠢᠮᠦ ᠲᠡᠭᠰᠢ ᠳᠠᠷᠳᠠᠩ ᠪᠢᠰᠢ ᠶᠤᠮ᠂ ᠢᠯᠠᠯᠲᠠ ᠶᠢᠨ ᠲᠡᠷᠲᠡᠭᠡ ᠡᠷᠭᠢ ᠳᠤ | ᠬᠡᠳᠦᠢ ᠣᠶᠢᠷᠠᠳᠬᠤ ᠲᠤᠰᠤᠮ ᠤᠯᠠᠮ ᠬᠠᠲᠠᠭᠤ ᠰᠢᠯᠭᠠᠯᠲᠠ ᠲᠤᠯᠭᠠᠷᠠᠵᠤ᠂ ᠲᠤᠬᠰᠢᠠ ᠰᠢᠷᠦᠭᠦᠨ ᠤᠷᠤᠰᠬᠠᠯ ᠤᠨ | ᠠᠶᠤᠯ ᠳᠤ ᠤᠴᠠᠷᠠᠬᠤ ᠨᠢ ᠵᠠᠶᠢᠯᠠᠰᠢ ᠤᠢᠭᠡᠢ ᠶᠤᠮ᠃ ᠳᠡᠯᠡᠬᠡᠢ ᠳ᠋ᠠᠬᠢᠨ ᠢ ᠪᠠᠷᠠᠯᠠᠬᠤᠶ᠎ᠠ᠂ ᠬᠡᠪ ᠤᠨ ᠪᠤᠰᠤ ᠰᠡᠳᠡᠯᠲᠡ | ᠥᠭᠬᠦ ᠲᠥᠷᠥ ᠶᠢᠨ ᠪᠣᠳᠣᠯᠭ᠎ᠠ᠂ ᠳᠣᠤᠷ᠎ᠠ ᠰᠠᠭᠤᠷᠢ ᠲᠤᠭ᠎ᠠ ᠪᠣᠯᠤᠨ ᠸᠠᠺᠼᠢᠨ ᠤ ᠠᠬᠢᠴᠠ ᠵᠡᠷᠭᠡ ᠡᠯᠧᠮᠧᠨ᠋ᠲ ᠤᠨ | ᠬᠠᠮᠲᠤ ᠶᠢᠨ ᠦᠢᠯᠡᠳᠦᠯ ᠳᠣᠤᠷ᠎ᠠ ᠢᠷᠡᠬᠦ ᠵᠢᠯ ᠳᠡᠯᠡᠬᠡᠶ ᠶᠢᠨ ᠠᠵᠤ ᠠᠬᠤᠶ ᠰᠡᠷᠭᠦᠯᠲᠡ ᠶᠢᠨ ᠴᠢᠨᠠᠷᠲᠠᠶ ᠨᠡᠮᠡᠭᠳᠡᠯ | ᠭᠠᠷᠬᠤ ᠪᠣᠯᠤᠮᠵᠢ ᠲᠠᠢ ᠪᠠᠶᠢᠨ᠎ᠠ᠂ ᠭᠡᠪᠡᠴᠦ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ | ᠪᠠᠶᠢᠳᠠᠯ ᠲᠦᠷᠭᠡᠨ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠪᠠᠶᠢᠳᠠᠯ ᠮᠥᠨ ᠬᠦ ᠡᠭᠡᠳᠡᠷᠡᠭᠡᠨ | ᠪᠤᠳᠤᠯᠢᠶᠠᠨᠲᠠᠶ ᠪᠠᠶᠢᠵᠤ᠂ ᠬᠢᠵᠢᠭ ᠤᠨ ᠪᠠᠶᠢᠳᠠᠯ ᠤᠨ ᠳᠠᠭᠠᠷᠢᠯᠲᠠ ᠠᠴᠠ ᠪᠣᠯᠤᠭᠰᠠᠨ ᠡᠯ᠎ᠡ ᠵᠦᠢᠯ ᠤᠨ ᠡᠭᠦᠰᠦᠮᠡᠯ | ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠤᠰᠢ ᠥᠬᠡᠶ ᠪᠠᠶᠢᠨ᠎ᠠ᠃ | ᠤᠯᠤᠰ ᠤᠨ ᠳᠣᠲᠣᠭᠠᠳᠤ ᠶᠢᠨ ᠪᠠᠶᠢᠳᠠᠯ ᠢ ᠡᠷᠭᠢᠨ ᠬᠠᠷᠠᠬᠤ ᠳᠤ᠂ ᠳᠤᠮᠳᠠᠳᠤ ᠤᠯᠤᠰ ᠤᠨ ᠠᠵᠤ ᠠᠬᠤᠶ | ᠦᠷᠭᠦᠯᠵᠢᠯᠡᠨ ᠰᠡᠷᠭᠦᠵᠦ᠂ ᠪᠠᠶᠢᠳᠠᠯ ᠰᠠᠶᠢᠨ ᠪᠠᠶᠢᠨ᠎ᠠ᠂ ᠭᠡᠪᠡᠴᠦ ᠬᠢᠵᠢᠭ ᠤᠨ ᠬᠤᠪᠢᠷᠠᠯᠲᠠ ᠪᠣᠯᠤᠨ ᠭᠠᠳᠠᠭᠠᠳᠤ | ᠣᠷᠴᠢᠨ ᠲᠣᠭᠤᠷᠢᠨ ᠳᠤ ᠮᠠᠰᠢ ᠣᠯᠠᠨ ᠲᠣᠭᠲᠠᠪᠤᠷᠢᠲᠤ ᠪᠣᠰᠤ ᠴᠢᠨᠠᠷ ᠣᠷᠣᠰᠢᠵᠤ᠂ ᠠᠵᠤ ᠠᠬᠤᠢ ᠶᠢᠨ | ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ ᠢᠷᠡᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠳᠤ ᠤᠷᠢᠳ ᠢᠶᠠᠷ ᠲᠦᠷᠭᠡᠨ ᠰᠡᠭᠦᠯᠡᠷ ᠨᠢ ᠤᠳᠠᠭᠠᠰᠢᠷᠠᠬᠤ ᠪᠠᠶᠢᠳᠠᠯ ᠢᠯᠡᠷᠡᠵᠦ ᠮᠡᠳᠡᠬᠦ ᠶᠤᠮ᠂ ᠠᠵᠤ | ᠠᠬᠤᠢ ᠶᠢᠨ ᠠᠵᠢᠯᠯᠠᠭᠠᠨ ᠢ ᠬᠡᠷᠬᠢᠨ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠪᠣᠯ ᠨᠢᠭᠡᠨ ᠶᠡᠭᠡ ᠰᠢᠯᠭᠠᠯᠲᠠ | ᠪᠣᠯᠤᠨ᠎ᠠ᠃ ︽ᠨᠠᠷᠢᠨ ᠪᠤᠳᠤᠯᠢᠶᠠᠨᠲᠠᠶ ᠪᠥᠭᠡᠳ ᠬᠠᠲᠠᠭᠤ ᠪᠡᠷᠬᠡ ᠭᠠᠳᠠᠭᠠᠳᠤ ᠣᠷᠴᠢᠨ ᠨᠥᠬᠦᠴᠡᠯ ᠳᠤ ᠬᠠᠨᠳᠤᠬᠤ ᠳᠤ | ᠂ ᠵᠠᠩᠭᠢᠯᠠᠭ᠎ᠠ ᠨᠢ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠳᠤ ᠪᠣᠶ︾᠃ ︽ᠪᠢᠳᠡ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠴᠢᠩᠭᠠᠳᠬᠠᠨ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠠᠬᠤᠶ ᠶᠢᠨ | ᠦᠷᠭᠦᠯᠵᠢᠯᠡᠨ ᠰᠡᠷᠭᠦᠬᠦ ᠪᠠ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠬᠡᠷᠡᠭᠲᠡᠢ︾᠃ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠶᠠᠷᠢᠶ᠎ᠠ ᠥᠨᠳᠥᠷ ᠲᠤ ᠵᠣᠭᠰᠣᠨ | ᠠᠯᠤᠰ ᠢ ᠪᠠᠷᠠᠯᠠᠵᠥ᠂ ᠠᠶᠠᠯᠠᠯ ᠤᠨ ᠴᠢᠭᠯᠡᠯ ᠢ ᠵᠢᠯᠣᠭᠤᠳᠤᠨ᠂ ᠢᠷᠡᠬᠦ ᠵᠢᠯ ᠤᠨ ᠠᠵᠤ ᠠᠬᠤᠢ ᠶᠢᠨ ᠠᠵᠢᠯ ᠳᠤ | ᠶᠡᠷᠦᠩᠬᠡᠢ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠴᠢᠭᠯᠡᠯ ᠢ ᠳᠤᠷᠠᠳᠪᠠ — ᠲᠣᠭᠲᠠᠭᠤᠨ ᠪᠠᠶᠢᠯᠭᠠᠬᠤ | ᠮᠥᠷᠲᠡᠭᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ | ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ | ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ | ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠲᠠ ᠪᠣᠯᠭᠠᠬᠤ ᠬᠡᠷᠡᠭᠲᠡᠢ ᠁ ᠬᠤᠷᠸ᠎ᠠ ᠲᠦᠷᠦ ᠶᠢᠨ | ᠪᠤᠳᠤᠯᠭ᠎ᠠ ᠨᠢ ᠦᠷᠭᠦᠯᠵᠢᠯᠡᠯᠲᠦ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠭᠦ᠋ᠢᠴᠡ ᠴᠢᠨᠠᠷ ᠢ ᠪᠠᠲᠤᠯᠠᠬᠤ | ᠬᠡᠷᠡᠭᠲᠡᠶ᠃ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠣᠨ ᠤ ᠲᠣᠭᠲᠠᠭᠤᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶ ᠶᠢᠨ ᠰᠡᠷᠭᠦᠯᠲᠡ ᠳᠤ ᠦᠵᠡᠭᠦᠯᠬᠦ ᠴᠢᠬᠤᠯᠠ | ᠳᠡᠮᠵᠢᠯᠭᠡ ᠶᠢᠨ ᠡᠷᠴᠢᠮ ᠢ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠠᠵᠢᠯᠯᠠᠭᠠᠨ ᠤ ᠲᠠᠯ᠎ᠠ ᠪᠠᠷ ᠨᠡᠩ ᠣᠨᠣᠪᠴᠢᠲᠠᠶ | ᠪᠦᠲᠦᠮᠵᠢᠲᠡᠶ ᠪᠠᠶᠢᠬᠤ᠂ ᠪᠠᠴᠢᠮ ᠡᠷᠭᠢᠯᠲᠡ ᠭᠠᠷᠭᠠᠬᠤ ᠦᠭᠡᠢ ᠪᠠᠶᠢᠵᠤ᠂ ᠲᠦᠷᠦ ᠶᠢᠨ ᠪᠤᠳᠤᠯᠭ᠎ᠠ ᠶᠢᠨ ᠴᠠᠭ | ᠬᠤᠭᠤᠴᠠᠭᠠᠨ ᠤ ᠦᠷ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠢ ᠁ | ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ — ᠡᠨᠡ ᠪᠣᠯ ᠲᠤᠰ ᠤᠳᠠᠭ᠎ᠠ ᠶᠢᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠠᠵᠢᠯ ᠤᠨ ᠳᠤᠮᠳᠠᠬᠢ ᠢᠯᠡ ᠲᠣᠳᠣ ᠴᠢᠭᠯᠡᠯ ᠪᠣᠯᠤᠨ᠎ᠠ | ᠃ ︽ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ | ᠲᠣᠭᠤᠷᠢᠨ ᠳᠤ ᠥᠷᠨᠢᠭᠦᠯᠬᠦ ᠬᠡᠷᠡᠭᠲᠡᠢ︾᠃ ᠶᠡᠷᠦᠩᠬᠡᠢ ᠱᠦᠵᠢ ᠰᠢ ᠶᠢᠨ ᠫᠢᠩ ᠬᠤᠷᠠᠯ ᠳᠡᠭᠡᠷ᠎ᠡ᠂ ︽ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠳᠠᠷᠠᠭ᠎ᠠ ᠵᠢᠯ ᠠᠩᠬᠠᠨ ᠤ ᠠᠯᠬᠤᠮ ᠢ ᠰᠠᠶᠢᠲᠤᠷ ᠠᠯᠬᠤᠵᠤ᠂ ᠰᠢᠨ᠎ᠡ | ᠳᠦᠷᠰᠦ ᠪᠠᠶᠢᠳᠠᠯ ᠲᠠᠢ ᠪᠣᠯᠭᠠᠬᠤ ᠬᠡᠷᠡᠭᠲᠡᠢ︾ ᠭᠡᠵᠦ ᠲᠣᠳᠤᠷᠬᠠᠢ ᠱᠠᠭᠠᠷᠳᠠᠪᠠ᠃ ᠬᠤᠷᠠᠯ ᠠᠴᠠ᠂ ᠤᠯᠤᠰ ᠤᠨ | ᠳᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠭᠴᠠ ᠪᠤᠯᠭᠠᠵᠦ᠂ ᠤᠯᠤᠰ ᠤᠨ ᠳᠤᠳᠤᠭᠠᠳᠤ ᠭᠠᠳᠠᠭᠠᠳᠤ ᠶᠢᠨ | ᠬᠤᠤᠰ ᠤᠷᠴᠢᠯ ᠬᠠᠷᠢᠯᠴᠠᠨ ᠠᠬᠢᠭᠤᠯᠤᠭᠰᠠᠨ ᠰᠢᠨ᠎ᠠ ᠬᠦᠭᠵᠢᠯᠳᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠬᠤ ᠳᠤ | ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠡᠨᠡ ᠬᠦ ᠭᠤᠤᠯ ᠰᠢᠵᠢᠮ ᠢ ᠴᠢᠩᠭ᠎ᠠ | ᠠᠳᠬᠤᠵᠤ᠂ ᠬᠡᠷᠡᠭᠴᠡᠭᠡᠨ ᠤ ᠲᠠᠯ᠎ᠠ ᠶᠢᠨ ᠬᠠᠮᠢᠶᠠᠷᠤᠯᠳᠠ ᠶᠢ ᠠᠩᠬᠠᠷᠤᠨ ᠴᠢᠬᠤᠯᠠᠴᠢᠯᠠᠵᠤ᠂ ᠲᠦᠭᠵᠢᠷᠡᠯ ᠢ | ᠨᠡᠪᠳᠡᠷᠡᠭᠦᠯᠵᠦ᠂ ᠳᠤᠳᠠᠭᠤᠳᠠᠯ ᠢ ᠨᠦᠬᠦᠪᠦᠷᠢᠯᠡᠨ᠂ ᠦᠢᠯᠡᠳᠪᠦᠷᠢᠯᠡᠯ᠂ ᠬᠤᠪᠢᠶᠠᠷᠢᠯᠠᠯᠳᠠ᠂ ᠭᠦᠢᠯᠭᠡᠭᠡ᠂ ᠬᠡᠷᠡᠭᠯᠡᠭᠡ | ᠵᠡᠷᠭᠡ ᠡᠯ᠎ᠠ ᠭᠤᠭᠴᠤᠭ᠎ᠠ ᠶᠢ ᠨᠡᠪᠳᠡᠷᠡᠭᠦᠯᠵᠤ᠂ ᠬᠡᠷᠡᠭᠴᠡᠭᠡ ᠪᠠᠷ ᠬᠠᠩᠭᠠᠯᠭ᠎ᠠ ᠶᠢ ᠬᠦᠳᠦᠯᠬᠦ᠂ ᠬᠠᠩᠭᠠᠯᠭ᠎ᠠ ᠪᠠᠷ | ᠬᠡᠷᠡᠭᠴᠡᠭᠡ ᠶᠢ ᠡᠭᠦᠳᠬᠦ ᠨᠡᠩ ᠦᠨᠳᠦᠷ ᠲᠦᠪᠰᠢᠨ ᠤ ᠬᠦᠳᠡᠯᠦᠩᠭᠦᠢ ᠲᠡᠩᠴᠡᠭᠦᠷᠢ ᠶᠢ ᠪᠦᠷᠢᠯᠳᠦᠭᠦᠯᠬᠦ ᠬᠡᠷᠡᠭᠲᠡᠢ | ᠭᠡᠵᠦ ᠳᠤᠷᠠᠳᠪᠠ᠃ ᠰᠢᠨ᠎ᠡ ᠬᠦᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠷ ᠶᠡᠷᠦᠩᠬᠡᠢ ᠬᠦᠲᠦᠴᠢ ᠪᠣᠯᠭᠠᠵᠤ᠂ | ᠬᠤᠷᠠᠯ ᠠᠴᠠ ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠨᠠᠢᠮᠠᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠄ | ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ | ᠴᠢᠩᠭᠠᠷᠠᠭᠤᠯᠤᠨ᠎ᠠ︔ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ | ᠴᠢᠳᠠᠪᠤᠷᠢ ᠶᠢ ᠴᠢᠩᠭᠠᠳᠬᠠᠨ᠎ᠠ︔ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ | ᠰᠠᠭᠤᠷᠢ ᠴᠡᠭ ᠢ ᠪᠠᠷᠢᠮᠲᠠᠯᠠᠨ᠎ᠠ︔ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ︔ ᠦᠷ᠎ᠡ ᠪᠠ | ᠲᠠᠷᠢᠶᠠᠨ ᠭᠠᠵᠠᠷ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ︔ ᠭᠠᠭᠴᠠᠭᠠᠷ ᠡᠵᠡᠮᠰᠢᠯ ᠢ ᠡᠰᠡᠷᠭᠦᠴᠡᠬᠦ ᠪᠠ | ᠬᠦᠷᠦᠩᠭᠡ ᠶᠢᠨ ᠡᠮᠬᠢ ᠵᠠᠮᠪᠠᠷᠠᠭ᠎ᠠ ᠦᠭᠡᠢ ᠦᠷᠭᠡᠳᠬᠦ ᠶᠢ ᠬᠤᠷᠢᠭᠯᠠᠨ ᠵᠣᠭᠰᠤᠭᠠᠬᠤ ᠶᠢ ᠴᠢᠩᠭᠠᠳᠬᠠᠨ᠎ᠠ︔ ᠶᠡᠭᠡ | ᠬᠤᠳᠠ ᠶᠢᠨ ᠣᠷᠣᠨ ᠰᠠᠭᠤᠴᠠ ᠶᠢᠨ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ︔ | ᠨᠡᠭᠦᠷᠡᠰᠦᠲᠥ᠋ᠷᠥᠭᠴᠢ ᠶᠢ ᠣᠷᠭᠢᠯ ᠬᠡᠮᠵᠢᠶᠡᠨ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ | ᠰᠠᠶᠢᠲᠤᠷ ᠬᠢᠨ᠎ᠡ᠃ ᠬᠤᠷᠠᠯ ᠳᠤ ᠣᠷᠣᠯᠴᠠᠭᠰᠠᠨ ᠨᠥᠬᠦᠳ ᠤᠨ ᠦᠵᠡᠬᠦ ᠪᠠᠷ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠭᠦᠨ ᠭᠦᠨᠵᠡᠭᠡᠶ | ᠪᠠᠶᠢᠵᠤ᠂ ᠴᠢᠭᠯᠡᠯ ᠢ ᠵᠢᠭᠠᠭᠰᠠᠨ ᠢᠶᠠᠷ ᠪᠠᠷᠠᠬᠤ ᠥᠬᠡᠶ ᠪᠠᠰᠠ ᠠᠷᠭ᠎ᠠ ᠵᠠᠮ ᠢ ᠲᠣᠳᠣᠷᠬᠠᠶᠢᠯᠠᠵᠤ᠂ ᠪᠥᠬᠦ ᠲᠠᠯ᠎ᠠ ᠶᠢ | ᠬᠠᠮᠤᠷᠠᠭᠰᠠᠨ ᠢᠶᠠᠷ ᠪᠠᠷᠠᠬᠤ ᠥᠬᠡᠶ ᠪᠠᠰᠠ ᠭᠤᠣᠯᠳᠠᠯᠭ᠎ᠠ ᠶᠢ ᠳᠣᠪᠤᠶᠢᠯᠭᠠᠵᠤ᠂ ᠠᠯᠢ ᠣᠯᠠᠨ ᠴᠢᠭᠯᠡᠯᠲᠦ ᠴᠢᠨᠠᠷᠲᠠᠶ᠂ | ᠦᠨᠳᠦᠰᠦᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠪᠡ᠃ ︽ | ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠬᠤ | ︾ ᠶᠢ ᠨᠠᠢᠮᠠᠨ ᠶᠡᠭᠡ ᠭᠤᠣᠯᠳᠠᠯᠭ᠎ᠠ ᠲᠠᠢ ᠡᠭᠦᠷᠭᠡ ᠶᠢᠨ ᠲᠡᠷᠢᠭᠦᠨ ᠳᠤ ᠲᠠᠯᠪᠢᠪᠠ᠃ ᠡᠭᠦᠨ ᠠᠴᠠ ᠡᠮᠦᠨ᠎ᠡ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ᠪᠠᠰᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠡᠯ᠎ᠡ ᠵᠦᠢᠯ ᠤᠨ ᠡᠭᠦᠷᠭᠡ ᠶᠢᠨ ᠲᠡᠷᠢᠭᠦᠨ ᠪᠠᠶᠢᠷᠢᠨ ᠳᠤ ᠲᠠᠯᠪᠢᠪᠠ᠃ ᠡᠳᠦᠷ | ᠢᠷᠡᠬᠦᠶ᠎ᠡ ᠰᠢᠷᠦᠭᠦᠰᠴᠦ ᠪᠠᠶᠢᠭ᠎ᠠ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠥᠷᠢᠰᠥᠯᠳᠦᠭᠡᠨ ᠳᠤ ᠬᠠᠨᠳᠤᠭᠤᠯᠵᠤ᠂ ᠬᠤᠷᠠᠯ ᠠᠴᠠ ᠤᠯᠤᠰ ᠨᠢ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠠ ᠶᠢ ᠡᠭᠦᠳᠬᠦ ᠵᠤᠬᠢᠶᠠᠨ ᠪᠠᠶᠢᠭᠤᠯᠤᠭᠴᠢ ᠪᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠭᠯᠡᠯ ᠪᠠ ᠭᠤᠤᠯᠳᠠᠯᠭ᠎ᠠ ᠶᠢ ᠲᠤᠭᠳᠠᠭᠠᠵᠤ᠂ ᠤᠯᠤᠰ ᠤᠨ | ᠬᠦᠭᠵᠢᠯᠳᠡ ᠪᠠ ᠠᠮᠤᠷ ᠲᠦᠪᠰᠢᠨ ᠢ ᠬᠢᠵᠠᠭᠠᠷᠯᠠᠵᠤ ᠪᠠᠶᠢᠭ᠎ᠠ ᠴᠢᠬᠤᠯᠠ ᠶᠡᠭᠡ ᠬᠦᠴᠢᠷ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠴᠢᠳᠠᠪᠤᠷᠢᠲᠠᠨ ᠪᠠ ᠲᠣᠭᠲᠠᠴᠠ ᠭᠡᠬᠦ ᠬᠤᠶᠠᠷ ᠵᠠᠩᠭᠢᠯᠠᠭ᠎ᠠ ᠶᠢᠨ ᠴᠡᠭ ᠢ ᠰᠠᠶᠢᠲᠤᠷ ᠠᠳᠬᠤᠬᠤ | ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠠᠮᠤᠷ ᠲᠣᠭᠲᠠᠭᠤᠨ | ᠪᠠᠶᠢᠯᠭᠠᠬᠤ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠰᠠᠭᠤᠷᠢ ᠮᠥᠨ᠃ ᠬᠤᠷᠠᠯ ᠠᠴᠠ᠂ | ᠵᠠᠩᠭᠢᠯᠠᠭ᠎ᠠ ᠶᠢᠨ ᠭᠤᠤᠯᠯᠠᠭᠴᠢ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠭᠦᠯᠵᠤ᠂ | ᠨᠢᠭᠡ ᠪᠦᠯᠦᠭ ︽ᠪᠤᠭᠤᠮᠢ︾ ᠪᠤᠯᠵᠦ ᠪᠠᠶᠢᠭ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠤ᠂ ᠠᠵᠤ ᠦᠢᠯᠡᠰ ᠤᠨ | ᠳᠠᠪᠠᠭᠤᠯᠢᠭ ᠬᠦᠷᠢᠶᠡᠨ ᠳᠤ ᠠᠵᠢᠯ ᠢᠶᠠᠨ ᠨᠠᠷᠢᠯᠢᠭ ᠬᠢᠵᠤ᠂ ᠨᠡᠩ ᠤᠯᠠᠨ ᠭᠤᠴᠤ ᠮᠡᠷᠭᠡᠵᠢᠯ ᠢ ᠡᠭᠦᠳᠬᠦ ᠬᠡᠷᠡᠭᠳᠠᠢ ᠁ | ᠳᠤᠲᠠᠭᠤᠳᠠᠯ ᠲᠠᠯ᠎ᠠ ᠪᠠᠨ ᠨᠥᠬᠦᠪᠥᠷᠢᠯᠡᠨ ᠳᠠᠪᠠᠭᠤᠯᠢᠭ ᠲᠠᠯ᠎ᠠ ᠪᠠᠨ ᠳᠠᠪᠲᠠᠨ ᠪᠣᠯᠪᠠᠰᠤᠷᠠᠭᠤᠯᠵᠤ᠂ ᠣᠨᠤᠪᠴᠢᠲᠠᠢ ᠪᠠᠷ | ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠪᠠ᠃ | ︽ᠦᠷ᠎ᠡ ᠪᠠ ᠲᠠᠷᠢᠶᠠᠨ ᠭᠠᠵᠠᠷ ᠤᠨ ᠠᠰᠠᠭᠤᠳᠠᠯ︾ ᠢ ᠤᠷᠢᠳᠤ ᠭᠠᠷᠤᠭ᠎ᠠ ᠤᠢᠭᠡᠢ ᠴᠢᠬᠤᠯᠠᠴᠢᠯᠠᠨ ᠦᠵᠡᠪᠡ᠃ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ᠂ ᠬᠤᠷᠠᠯ ᠠᠴᠠ | ᠦᠷ᠎ᠡ ᠶᠢᠨ ᠡᠬᠢ ᠰᠤᠷᠪᠤᠯᠵᠢ ᠶᠢᠨ ︽ᠪᠤᠭᠤᠮᠢ︾ ᠪᠤᠯᠵᠦ ᠪᠠᠶᠢᠭ᠎ᠠ ᠮᠡᠷᠭᠡᠵᠢᠯ ᠤᠨ ᠰᠢᠪᠳᠤᠯᠤᠯᠳᠠ ᠶᠢ ᠦᠷᠨᠢᠭᠦᠯᠵᠤ᠂ | ᠦᠷ᠎ᠠ ᠶᠢᠨ ᠦᠢᠯᠡᠰ ᠤᠨ ᠬᠤᠪᠢᠰᠤᠯᠲᠠ ᠶᠢᠨ ᠲᠠᠶᠢᠨ ᠢ ᠵᠤᠷᠢᠭᠳᠠᠢ ᠬᠢᠬᠦ ᠬᠡᠷᠡᠭᠳᠠᠢ᠂ 18 ᠳ᠋ᠦᠩᠰᠢᠭᠤᠷ ᠮᠦ | ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠳᠤ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾ | ᠪᠣᠯᠭᠠᠬᠤ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ︾ ᠪᠤᠯᠭᠠᠬᠤ ᠶᠢ ᠡᠷᠡᠰ ᠰᠡᠷᠭᠡᠶᠢᠯᠡᠵᠤ᠂ ᠲᠠᠷᠢᠶᠠᠨ | ᠭᠠᠵᠠᠷ ᠤᠨ ᠡᠵᠡᠯᠡᠯᠲᠡ ᠨᠦᠬᠦᠪᠦᠷᠢ ᠶᠢ ᠲᠡᠩᠴᠡᠭᠦᠷᠢᠳᠠᠢ ᠪᠤᠯᠭᠠᠬᠤ ᠶᠢ ᠵᠢᠷᠤᠮᠵᠢᠭᠤᠯᠬᠤ ᠬᠡᠷᠡᠭᠳᠠᠢ ᠭᠡᠵᠦ | ᠴᠢᠬᠤᠯᠠᠴᠢᠯᠠᠪᠠ᠃ ︽ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠬᠦᠷᠦᠩᠭᠡ ᠶᠢᠨ ᠡᠮᠬᠢ ᠵᠠᠮᠪᠠᠷᠠᠭ᠎ᠠ ᠦᠭᠡᠢ | ᠦᠷᠭᠡᠳᠬᠦ ᠶᠢ ᠬᠤᠷᠢᠭᠯᠠᠨ ᠵᠣᠭᠰᠤᠭᠠᠬᠤ ᠶᠢ ᠴᠢᠩᠭᠠᠳᠬᠠᠬᠤ︾ ᠨᠢ ᠠᠯᠤᠰ ᠬᠡᠲᠦ ᠶᠢᠨ ᠬᠤᠯᠪᠤᠭᠳᠠᠯ ᠲᠠᠢ ᠪᠠᠶᠢᠵᠤ᠂ | ᠤᠯᠠᠨ ᠤ ᠠᠩᠬᠠᠷᠤᠯ ᠢ ᠥᠷᠭᠡᠨ ᠢᠶᠠᠷ ᠲᠠᠲᠠᠵᠤ ᠪᠠᠶᠢᠨ᠎ᠠ᠃ ᠬᠤᠷᠠᠯ ᠠᠴᠠ᠂ ᠭᠠᠭᠴᠠᠭᠠᠷ ᠡᠵᠡᠮᠰᠢᠯ ᠢ ᠡᠰᠡᠷᠭᠦᠴᠡᠬᠦ᠂ | ᠲᠦᠪ ᠪᠤᠰᠤ ᠦᠷᠢᠰᠦᠯᠲᠦᠭᠡᠡ ᠢ ᠡᠰᠡᠷᠭᠦᠴᠡᠬᠦ ᠪᠤᠯ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠦ ᠠᠬᠤᠢ ᠶᠢᠨ | ᠪᠠᠶᠢᠭᠤᠯᠤᠮᠵᠢ ᠶᠢ ᠪᠦᠷᠢᠨᠰᠢᠭᠦᠯᠵᠤ᠂ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠲᠤᠲᠤᠭᠠᠲᠤ ᠱᠠᠭᠠᠷᠲᠠᠯᠭ᠎ᠠ | ᠮᠦᠨ ᠭᠡᠵᠦ ᠲᠣᠳᠤᠷᠬᠠᠢ ᠵᠢᠭᠠᠵᠤ ᠭᠠᠷᠭᠠᠪᠠ᠃ ᠤᠯᠤᠰ ᠠᠴᠠ ᠲᠠᠪᠴᠠᠩᠳᠦ ᠠᠵᠦ ᠠᠬᠤᠢᠢᠯᠠᠯ ᠤᠨ ᠰᠢᠨ᠎ᠠ ᠶᠢ | ᠡᠭᠦᠳᠴᠤ ᠬᠦᠭᠵᠢᠬᠦ ᠶᠢ ᠨᠢ ᠳᠡᠮᠵᠢᠬᠦ᠂ ᠤᠯᠠᠠ ᠤᠯᠤᠰ ᠤᠨ ᠦᠷᠢᠰᠦᠯᠲᠦᠬᠦ ᠬᠦᠴᠦᠨ ᠢ ᠴᠢᠩᠭᠠᠳᠬᠠᠬᠤ ᠶᠢ | ᠲᠣᠳᠤᠷᠬᠠᠶᠢᠯᠠᠭᠰᠠᠨ ᠤ ᠬᠠᠮᠲᠤ ᠳᠦᠷᠢᠮ ᠲᠤᠭᠲᠠᠭᠠᠯ ᠢ ᠴᠢᠩᠭᠠᠳᠬᠠᠠ᠂ ᠬᠢᠨᠠᠯᠲᠠ ᠬᠠᠮᠢᠶᠠᠷᠤᠯᠲᠠ ᠶᠢᠨ ᠴᠢᠲᠠᠪᠤᠷᠢ ᠶᠢ | ᠲᠡᠭᠡᠭᠰᠢᠯᠡᠭᠦᠯᠵᠦ᠂ ᠭᠠᠭᠴᠠᠭᠠᠷ ᠡᠵᠡᠮᠰᠢᠯ ᠪᠠ ᠲᠦᠪ ᠪᠤᠰᠤ ᠦᠷᠢᠰᠦᠯᠲᠦᠭᠡᠡ ᠤ ᠠᠵᠢᠯᠯᠠᠭ᠎ᠠ ᠶᠢ ᠡᠷᠡᠰ | ᠡᠰᠡᠷᠭᠦᠴᠡᠬᠦ ᠶᠢ ᠴᠢᠩᠭᠠᠳᠬᠠᠬᠤ ᠬᠡᠷᠡᠭᠲᠡᠢ ᠭᠡᠪᠡ᠃ ︽ᠶᠡᠭᠡ ᠬᠤᠳᠠ ᠶᠢᠨ ᠣᠷᠣᠨ ᠰᠠᠭᠤᠴᠠ ᠶᠢᠨ ᠲᠤᠪᠤᠶᠢᠮ᠎ᠠ | ᠠᠰᠠᠭᠤᠳᠠᠯ ᠢ ᠰᠠᠶᠢᠲᠤᠷ ᠰᠢᠢᠳᠪᠦᠷᠢᠯᠡᠬᠦ︾ ᠨᠢ ᠠᠷᠠᠳ ᠤᠯᠠᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠃ ᠡᠨᠡ | ᠤᠳᠠᠭ᠎ᠠ ᠶᠢᠨ ᠬᠤᠷᠠᠯ ᠠᠴᠠ ︽ᠭᠡᠷ ᠪᠠᠶᠢᠰᠢᠩ ᠨᠢ ᠰᠠᠭᠤᠬᠤ ᠳᠤ ᠵᠣᠷᠢᠭᠤᠯᠤᠭᠰᠠᠨ ᠶᠤᠮ᠂ ᠰᠠᠷᠢᠭᠠᠯᠠᠬᠤ ᠳᠤ | ᠵᠣᠷᠢᠭᠤᠯᠤᠭᠰᠠᠨ ᠪᠢᠰᠢ︾ ᠭᠡᠳᠡᠭ ᠲᠦᠷᠦ ᠶᠢᠨ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠬᠤ ᠶᠢᠨ | ᠬᠠᠮᠲᠤ ᠤᠢᠢᠷ᠎ᠠ ᠶᠢᠨ ᠬᠤᠭᠤᠴᠠᠭᠠᠨ ᠤ ︽ᠳ᠋ᠠᠨ ᠺᠧ ᠨᠡᠶᠢᠲᠡ ᠶᠢᠨ ᠰᠠᠭᠤᠴᠠ︾ ᠵᠡᠷᠭᠡ ᠠᠰᠠᠭᠤᠳᠠᠯ ᠳᠤ | ᠣᠨᠤᠪᠴᠢᠲᠠᠢ ᠴᠢᠭᠯᠡᠭᠦᠯᠵᠦ᠂ ᠭᠡᠷ ᠪᠠᠶᠢᠰᠢᠩ ᠢ ︽ᠤᠷᠲᠤ ᠬᠤᠭᠤᠴᠠᠭ᠎ᠠ ᠪᠠᠷ ᠲᠦᠷᠢᠶᠡᠰᠦᠯᠡᠬᠦ ᠲᠦᠷᠦ ᠶᠢᠨ | ᠪᠤᠲᠤᠯᠭ᠎ᠠ ᠶᠢ ᠲᠦᠷᠭᠡᠡ ᠪᠦᠷᠢᠨᠰᠢᠭᠦᠯᠵᠦ᠂ ᠲᠦᠷᠢᠶᠡᠰᠦᠯᠡᠬᠦ ᠬᠤᠲᠠᠯᠲᠤᠨ ᠠᠪᠬᠤ ᠤᠷᠤᠨ ᠰᠠᠭᠤᠴᠠ ᠶᠢ ᠠᠯᠬᠤᠮ | ᠠᠯᠬᠤᠮ ᠢᠶᠠᠷ ᠤᠯᠠᠠ ᠨᠡᠶᠢᠲᠡ ᠶᠢᠨ ᠦᠢᠯᠡᠴᠢᠯᠡᠭᠡ ᠶᠢ ᠡᠳ᠋ᠯᠡᠬᠦ ᠲᠠᠯ᠎ᠠ ᠪᠠᠷ ᠡᠷᠭᠡ ᠲᠡᠭᠰᠢ ᠡᠷᠭᠡ ᠲᠠᠢ ᠪᠤᠯᠭᠠᠵᠦ᠂ | ᠤᠷᠲᠤ ᠬᠤᠭᠤᠴᠠᠭ᠎ᠠ ᠪᠠᠷ ᠲᠦᠷᠢᠶᠡᠰᠦᠯᠡᠬᠦ ᠭᠡᠷ ᠪᠠᠶᠢᠰᠢᠩ ᠤᠨ ᠵᠠᠬ᠎ᠠ ᠲᠡᠯᠭᠡᠬᠦᠷ ᠤᠨ ᠬᠦᠭᠵᠢᠯᠲᠠ ᠶᠢ | ᠵᠢᠷᠤᠮᠵᠢᠭᠤᠯᠬᠤ ᠭᠡᠷᠡᠭᠲᠡᠢ︾ ᠭᠡᠵᠦ ᠲᠣᠳᠤᠷᠬᠠᠢ ᠳᠤᠷᠠᠳᠤᠨ ᠭᠠᠷᠭᠠᠪᠠ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ | ᠡᠨᠡ ᠬᠦ ᠪᠠᠶᠢᠯᠳᠤᠬᠤ ᠪᠤᠳᠤᠯᠭ᠎ᠠ ᠶᠢᠨ ᠰᠠᠭᠤᠷᠢ ᠴᠡᠭ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠡᠳᠡᠭᠡᠷ ᠠᠯᠢ ᠤᠯᠠᠨ ᠭᠤᠣᠯᠳᠠᠯᠭ᠎ᠠ ᠲᠠᠢ ᠡᠭᠦᠷᠭᠡ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠡᠷᠴᠢᠮᠲᠡᠢ ᠬᠠᠷᠢᠭᠤᠯᠲᠠ ᠥᠭᠴᠡᠢ᠃ ᠳᠤᠭᠤᠶᠢᠯᠠᠩ ᠬᠤᠪᠢᠶᠠᠨ ᠶᠠᠷᠢᠯᠴᠠᠬᠤ ᠳᠤᠮᠳᠠ᠂ ᠬᠤᠷᠠᠯ ᠳᠤ | ᠣᠷᠣᠯᠴᠠᠭᠰᠠᠨ ᠨᠥᠬᠦᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠠᠶᠢᠷᠢᠯᠠᠭᠤᠯᠤᠯᠲᠠ | ᠡᠭᠦᠷᠭᠡ ᠶᠢᠨ ᠲᠣᠭᠤᠷᠢᠨ ᠳᠤ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠲᠣᠰ ᠲᠣᠰ ᠤᠨ ᠲᠤᠰᠬᠠᠶ ᠮᠡᠷᠭᠡᠵᠢᠯ ᠤᠨ | ᠬᠠᠷᠠᠭᠠᠰᠤ ᠠᠴᠠ ᠲᠠᠷᠠᠭ᠎ᠠ ᠵᠢᠯ ᠤᠨ ᠠᠵᠤ ᠠᠬᠤᠶ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠬᠡᠷᠬᠢᠨ | ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠠᠭᠤᠵᠢᠷᠠᠲᠠᠯ᠎ᠠ ᠶᠠᠷᠢᠯᠴᠠᠵᠤ᠂ ᠬᠤᠷᠠᠯ ᠤᠨ ᠲᠠᠯᠠᠪᠠᠶ ᠬᠥᠷ ᠬᠥᠭᠵᠢᠶᠡᠨ ᠢᠶᠠᠷ | ᠪᠢᠯᠬᠠᠵᠤ ᠪᠠᠶᠢᠯ᠎ᠠ᠃ ᠬᠤᠷᠠᠯ ᠳᠤ ᠣᠷᠣᠯᠴᠠᠭᠰᠠᠨ ᠨᠥᠬᠦᠳ ᠠᠴᠠ ᠢᠯᠡᠳᠬᠡᠬᠦ ᠳᠤ ᠪᠠᠨ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠨᠢ ᠨᠠᠷᠢᠨ ᠪᠤᠳᠤᠯᠢᠶᠠᠨᠲᠠᠶ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠡᠵᠡᠮᠳᠡᠯ᠂ | ᠬᠥᠭᠵᠢᠯᠲᠡ ᠶᠢᠨ ᠵᠢᠮ᠎ᠡ ᠶᠣᠰᠣ ᠶᠢᠨ ᠲᠤᠬᠠᠢ ᠭᠦᠨᠵᠡᠭᠡᠶ ᠠᠵᠢᠭᠯᠠᠯᠲᠠ᠂ ᠬᠥᠭᠵᠢᠯᠲᠡ ᠶᠢᠨ ᠬᠠᠷᠠᠯᠲᠠ ᠶᠢᠨ ᠲᠤᠬᠠᠢ | ᠣᠨᠤᠪᠴᠢᠲᠠᠢ ᠲᠦᠯᠦᠪᠯᠡᠭᠡ ᠶᠢ ᠲᠤᠰᠬᠠᠵᠤ᠂ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ | ᠦᠨᠳᠦᠰᠦᠨ ᠵᠢᠷᠤᠮᠯᠠᠯ ᠬᠠᠩᠭᠠᠵᠤ᠂ ᠳᠠᠷᠠᠭ᠎ᠠ ᠵᠢᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ︽ | ᠠᠩᠬᠠᠨ ᠤ ᠠᠯᠬᠤᠮ ᠢ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠢ ᠨᠡᠭᠡᠭᠡᠬᠦ︾ ᠴᠢᠭᠯᠡᠯ ᠢ ᠲᠣᠳᠣᠷᠬᠠᠶ | ᠵᠢᠭᠠᠵᠤ ᠥᠭᠴᠡᠶ ᠭᠡᠪᠡ᠃ | ᠭᠤᠣᠯ ᠲᠤᠯᠭᠠᠭᠤᠷᠢᠯᠠᠬᠤ ᠬᠦᠴᠦᠨ — ᠲᠦᠭ ᠲᠦᠮᠡᠨ ᠢᠶᠠᠷ ᠢᠶᠠᠨ ᠰᠡᠳᠬᠢᠯ ᠠᠯᠬᠤᠭ᠎ᠠ ᠪᠠᠨ ᠨᠢᠭᠡᠳᠬᠡᠵᠦ᠂ | ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠦᠨᠡᠨ ᠬᠦ | ᠠᠳᠬᠤᠵᠤ ᠰᠢᠷᠭᠠᠭᠤ ᠠᠵᠢᠯᠯᠠᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠠᠵᠤ | ᠠᠬᠤᠢ ᠶᠢᠨ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ ᠰᠢᠨ᠎ᠡ ᠠᠶᠠᠯᠠᠯ ᠢ ᠡᠬᠢᠯᠡᠭᠦᠯᠬᠦ ᠳᠤ | ᠶᠠᠭᠤᠨ ᠳᠤ ᠲᠥᠰᠢᠭᠯᠡᠵᠦ᠂ ᠲᠤᠬᠰᠢᠨ ᠳᠠᠪᠠᠯᠭᠠᠨ ᠰᠢᠷᠦᠭᠦᠨ ᠤᠷᠤᠰᠬᠠᠯ ᠢ ᠠᠷᠭᠠᠴᠠᠭᠠᠵᠤ ᠴᠤᠴᠠᠯᠲᠠ ᠦᠭᠡᠢ | ᠤᠷᠤᠭᠰᠢᠯᠠᠬᠤ ᠪᠤᠢ︖ ᠨᠠᠮ ᠤᠨ ᠤᠳᠤᠷᠢᠳᠤᠯᠭ᠎ᠠ ᠪᠣᠯ ᠨᠠᠮ ᠪᠠ ᠤᠯᠤᠰ ᠣᠷᠣᠨ ᠤ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠠᠯᠢᠪᠠ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ | ᠢᠯᠠᠨ ᠳᠠᠪᠠᠭ᠋ᠤ ᠶᠢᠨ ︽ᠷᠢᠳᠢ ᠰᠢᠳᠢ︾ ᠮᠥᠨ᠃ ᠶᠡᠷᠦᠩᠬᠡᠢ ᠱᠦᠵᠢ ᠰᠢ ᠶᠢᠨ ᠫᠢᠩ ᠡᠨᠡ ᠤᠳᠠᠭ᠎ᠠ ᠶᠢᠨ ᠬᠤᠷᠠᠯ | ᠳᠡᠭᠡᠷ᠎ᠡ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠬᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠡᠷᠬᠡᠪᠰᠢ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠤᠳᠤᠷᠢᠳᠬᠤ ᠪᠠᠶᠢᠭᠤᠯᠤᠯ ᠲᠣᠭᠲᠠᠴᠠ ᠶᠢ ᠪᠠᠷᠢᠮᠲᠠᠯᠠᠨ ᠪᠦᠷᠢᠨᠰᠢᠭᠦᠯᠵᠦ᠂ ᠪᠦᠬᠦ ᠨᠠᠮ ᠤᠨ ᠠᠯᠬᠤᠭ᠎ᠠ ᠨᠢᠭᠡᠳᠦᠯᠲᠡᠢ | ᠪᠠᠶᠢᠬᠤ ᠶᠢ ᠪᠠᠲᠤᠯᠠᠬᠤ ᠬᠡᠷᠡᠭᠲᠡᠢ ᠭᠡᠪᠠ᠃ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠪᠣᠯ ᠮᠠᠨ ᠤ ᠨᠠᠮ ᠤᠨ | ᠲᠦᠷᠦ ᠶᠢ ᠵᠠᠰᠠᠬᠤ ᠶᠢᠨ ᠴᠢᠬᠤᠯᠠ ᠶᠡᠭᠡ ᠡᠭᠦᠷᠭᠡ ᠮᠥᠨ᠃ ︽ᠨᠠᠮ ᠤᠨ ᠤᠳᠤᠷᠢᠳᠤᠯᠭ᠎ᠠ ᠲᠤᠬᠰᠢᠨ ᠳᠠᠪᠠᠯᠭᠠᠨ | ᠰᠢᠷᠦᠭᠦᠨ ᠤᠷᠤᠰᠬᠠᠯ ᠤᠨ ᠳᠤᠮᠳᠠ ᠬᠠᠳᠠ ᠴᠢᠯᠠᠭᠤ ᠮᠡᠲᠦ ᠪᠠᠲᠤ ᠪᠠᠬᠢ ᠶᠤᠮ︾ ︽ᠶᠡᠷᠦ ᠪᠤᠰᠤ ᠶᠢᠨ ᠠᠮᠵᠢᠯᠲᠠ | ᠪᠦᠲᠦᠮᠵᠢ ᠶᠢᠨ ᠠᠷᠤ ᠳᠤ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠶᠢᠨ᠎ᠠ᠂ ᠨᠠᠮ ᠤᠨ | ᠤᠳᠤᠷᠢᠳᠤᠯᠭ᠎ᠠ ᠳᠣᠣᠷ᠎ᠠ ᠬᠦᠴᠦᠷᠬᠡᠭ ᠶᠡᠭᠡ ᠲᠠᠶᠢᠴᠢᠨ ᠬᠦᠴᠦᠨ ᠢ ᠪᠦᠷᠢᠯᠳᠦᠭᠦᠯᠵᠡᠢ︾ ︽︿ᠳᠤᠮᠳᠠᠳᠤ | ᠤᠯᠤᠰ ᠤᠨ ᠵᠠᠰᠠᠯᠲᠠ﹀ ᠶᠢᠨ ᠢᠯᠡᠳᠲᠡ ᠳᠠᠪᠠᠭᠤᠯᠢᠭ ᠢ ᠪᠦᠬᠦ ᠲᠠᠯ᠎ᠠ ᠪᠠᠷ ᠲᠤᠰᠬᠠᠪᠠ︾ ᠁ ᠬᠤᠷᠠᠯ ᠤᠨ | ᠬᠤᠭᠤᠴᠠᠭᠠᠨ ᠳᠤ᠂ ︽ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠬᠤ︾ ᠨᠢ ᠡᠯ᠎ᠡ ᠳᠤᠭᠤᠶᠢᠯᠠᠩ ᠤᠨ ᠶᠠᠷᠢᠯᠴᠠᠭᠠᠨ ᠤ ᠬᠠᠮᠲᠤ ᠶᠢᠨ ᠲᠠᠨᠢᠯᠲᠠ ᠪᠣᠯᠪᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠷᠠᠯᠠᠨ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠬᠠᠷᠠᠬᠤᠶ᠎ᠠ᠂ ᠪᠢᠳᠡ ᠦᠷᠭᠦᠯᠵᠢᠯᠡᠨ ᠡᠷᠡᠮᠡᠬᠡᠶᠢᠯᠡᠨ ᠲᠡᠮᠡᠴᠡᠵᠦ᠂ ᠰᠢᠨ᠎ᠡ ᠶᠢ ᠡᠭᠦᠳᠦᠨ | ᠤᠷᠤᠭᠰᠢᠯᠠᠬᠤ ᠴᠢᠬᠤᠯᠠᠲᠠᠢ ᠪᠠᠶᠢᠨ᠎ᠠ᠃ ᠪᠠᠶᠢᠳᠠᠯ ᠬᠡᠳᠦᠢ ᠨᠠᠷᠢᠨ ᠪᠤᠳᠤᠯᠢᠶᠠᠨᠲᠠᠢ ᠡᠭᠦᠷᠭᠡ ᠬᠡᠳᠦᠢ ᠪᠡᠷᠬᠡ | ᠬᠠᠲᠠᠭᠤᠵᠢᠯᠲᠠᠢ ᠪᠣᠯᠬᠤ ᠳᠣᠲᠣᠮ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠨᠡ ᠬᠦ ᠴᠢᠭᠯᠡᠯ ᠵᠢᠭᠠᠭᠰᠠᠨ | ᠵᠦᠭᠯᠡᠭᠦᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠲᠦᠰᠢᠭ ᠲᠤᠯᠭᠠᠭᠤᠷᠢ ᠠᠴᠠ ᠤᠯᠠᠮ ᠰᠠᠯᠵᠤ | ᠪᠣᠯᠬᠤ ᠦᠭᠡᠢ ᠪᠦᠭᠡᠳ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠤᠯᠠᠮ ᠪᠠᠷᠢᠮᠲᠠᠯᠠᠨ ᠴᠢᠩᠭᠠᠳᠬᠠᠬᠤ | ᠬᠡᠷᠡᠭᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ | 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ᠂ ᠠᠯᠢᠪᠠ ᠢᠳᠡᠪᠬᠢ ᠬᠦᠴᠦᠨ ᠵᠦᠶ᠋ᠯ ᠢ ᠭᠦᠶ᠋ᠴᠡᠳ ᠳᠠᠶᠢᠴᠢᠯᠠᠵᠤ᠂ ᠪᠦᠯᠬᠦᠮᠳᠡᠵᠦ | ᠪᠣᠯᠬᠤ ᠬᠦᠴᠦᠨ ᠪᠦᠬᠦᠨ ᠲᠠᠢ ᠥᠷᠭᠡᠨ ᠢᠶᠠᠷ ᠪᠦᠯᠬᠦᠮᠳᠡᠵᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠪᠠ᠃ ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ | ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠤᠯᠤᠰ ᠲᠦᠷᠦ ᠶᠢᠨ ᠤᠬᠠᠮᠰᠠᠷ ᠢᠶᠠᠨ ᠪᠠᠲᠤᠳᠬᠠᠨ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ — ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠠᠴᠠ ᠴᠢᠬᠤᠯᠠᠴᠢᠯᠠᠭᠰᠠᠨ ᠨᠢ᠂ ︽ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠵᠤ | ᠠᠬᠤᠢ ᠶᠢᠨ ᠠᠵᠢᠯ ᠢ ᠴᠢᠬᠤᠯᠠᠴᠢᠯᠠᠬᠤ ᠬᠡᠷᠡᠭᠲᠡᠢ︾ ︽ᠤᠯᠤᠰ ᠲᠦᠷᠦ ᠶᠢᠨ ᠬᠠᠷᠠᠴᠠ ᠪᠠᠷ ᠠᠵᠤ ᠠᠬᠤᠢ | ᠨᠡᠶᠢᠭᠡᠮ ᠤᠨ ᠠᠰᠠᠭᠤᠳᠠᠯ ᠢ ᠠᠵᠢᠭᠯᠠᠬᠤ ᠪᠠ ᠵᠠᠳᠠᠯᠬᠤ ᠳᠤ ᠴᠢᠳᠠᠮᠠᠭᠠᠢ ᠪᠠᠶᠢᠬᠤ ᠬᠡᠷᠡᠭᠲᠡᠢ︾ ︽ᠤᠯᠤᠰ ᠲᠦᠷᠦ ᠶᠢᠨ | ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ | ᠠᠵᠢᠯᠯᠠᠭᠠᠨ ᠤ ᠤᠯᠤᠰ ᠲᠦᠷᠦ ᠶᠢᠨ ᠦᠷ᠎ᠡ ᠳ᠋ᠦᠩ ᠢ ᠴᠢᠳᠠᠮᠠᠭᠠᠢ ᠠᠵᠢᠭᠯᠠᠬᠤ ᠬᠡᠷᠡᠭᠲᠡᠢ︾ ᠭᠡᠪᠠ᠃ ᠨᠢᠭᠡ | ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ ᠡᠷᠴᠢᠮᠲᠡᠢ | ᠨᠠᠶᠢᠳᠠᠪᠤᠷᠢᠵᠢᠭᠤᠯᠬᠤ ᠬᠡᠷᠡᠭᠲᠡᠢ᠂ ᠬᠤᠭᠤᠰᠣᠨ ᠤᠷᠢᠶ᠎ᠠ ᠬᠠᠰᠬᠢᠷᠤᠭᠠᠳ ᠨᠠᠶᠢᠳᠠᠪᠤᠷᠢᠵᠢᠭᠤᠯᠬᠤ ᠦᠭᠡᠢ ᠪᠠᠶᠢᠵᠤ | ᠪᠣᠯᠬᠤ ᠦᠭᠡᠢ᠂ ᠨᠡᠩ ᠴᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠭᠠᠷᠭᠠᠵᠤ ᠪᠣᠯᠬᠤ ᠦᠭᠡᠢ᠃ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠴᠢᠬᠤᠯᠠ ᠪᠦᠬᠦᠢ ᠰᠢᠮᠳᠠᠭᠤᠯᠤᠨ ᠪᠠᠶᠢᠴᠠᠭᠠᠵᠤ᠂ ᠰᠢᠮᠳᠠᠭᠤᠯᠤᠨ ᠵᠢᠯᠣᠭᠤᠳᠬᠤ ᠠᠵᠢᠯ ᠢ ᠥᠷᠨᠢᠭᠦᠯᠬᠦ | ᠬᠡᠷᠡᠭᠲᠡᠢ᠂ ᠭᠡᠪᠡᠴᠦ ᠬᠤᠯᠪᠣᠭᠳᠠᠯ ᠪᠦᠬᠦᠢ ᠠᠵᠢᠯ ᠢ ᠵᠢᠷᠤᠮᠵᠢᠭᠤᠨ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ | ᠬᠡᠷᠡᠭᠲᠡᠢ᠃ ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ | ᠲᠤᠰᠬᠠᠶᠢᠵᠢᠭᠰᠠᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠤᠳᠤᠷᠢᠳᠤᠨ | ᠪᠠᠶᠢᠭᠤᠯᠬᠤ ᠮᠡᠷᠭᠡᠵᠢᠯᠲᠡᠨ ᠪᠣᠯᠬᠤ ᠪᠠᠷ ᠴᠢᠷᠮᠠᠶᠢᠬᠤ ᠬᠡᠷᠡᠭᠲᠡᠢ — | ᠴᠢᠳᠠᠪᠤᠷᠢᠲᠠᠨ ᠴᠤᠭᠯᠠᠷᠠᠪᠠᠯ ᠨᠠᠮ ᠰᠠᠶ᠋ᠢ ᠬᠥᠭᠵᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠤᠯᠲᠠ ᠶᠢᠨ ᠬᠤᠷᠳᠤᠴᠠ ᠮᠠᠰᠢ ᠲᠦᠷᠭᠡᠰᠴᠦ᠂ ᠠᠵᠤ ᠠᠬᠤᠢ ᠨᠡᠶᠢᠭᠡᠮ ᠤᠨ ᠠᠵᠢᠯᠯᠠᠭᠠᠨ ᠤ ᠪᠤᠳᠤᠯᠢᠶᠠᠨᠲᠤ | ᠴᠢᠨᠠᠷ ᠪᠦᠬᠦ ᠲᠠᠯ᠎ᠠ ᠪᠠᠷ ᠳᠡᠭᠡᠭᠰᠢᠯᠡᠨ᠎ᠡ᠂ ᠬᠡᠷᠪᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠷᠠᠯᠲᠠ ᠶᠢᠨ | ᠬᠠᠨᠳᠤᠰᠢ ᠶᠢ ᠡᠵᠡᠮᠰᠢᠬᠦ ᠦᠭᠡᠢ᠂ ᠰᠢᠨ᠎ᠡ ᠪᠠᠷ ᠬᠥᠭᠵᠢᠭᠰᠡᠨ ᠬᠦᠷᠢᠶ᠎ᠡ ᠴᠠᠷᠠᠭ᠎ᠠ ᠶᠢᠨ ᠪᠠᠶᠢᠳᠠᠯ ᠢ ᠣᠶᠢᠯᠠᠭᠠᠬᠤ ᠦᠭᠡᠢ | ᠂ ᠤᠯᠠᠨ ᠲᠦᠮᠡᠨ ᠤ ᠬᠦᠰᠡᠯ ᠡᠷᠡᠮᠡᠯᠵᠡᠯ ᠪᠠ ᠬᠦᠰᠡᠯ ᠱᠠᠭᠠᠷᠳᠠᠯᠭ᠎ᠠ ᠶᠢᠨ ᠬᠤᠪᠢᠷᠠᠯᠲᠠ ᠳᠤ ᠰᠡᠷᠡᠭᠳᠡᠯ ᠦᠭᠡᠢ ᠪᠣᠯ | ᠠᠵᠤ ᠠᠬᠤᠢ ᠶᠢᠨ ᠠᠵᠢᠯ ᠢ ᠰᠠᠶᠢᠲᠤᠷ ᠵᠢᠯᠣᠭᠤᠳᠬᠤ ᠶᠢᠨ ᠠᠷᠭ᠎ᠠ ᠦᠭᠡᠢ ᠪᠥᠭᠡᠳ ᠣᠳᠣᠬᠢᠴᠢᠯᠠᠭᠰᠠᠨ ᠪᠦᠳᠦᠭᠡᠨ | ᠪᠠᠶᠢᠭᠤᠯᠤᠯᠲᠠ ᠶᠢ ᠴᠤ ᠤᠳᠤᠷᠢᠳᠬᠤ ᠶᠢᠨ ᠠᠷᠭ᠎ᠠ ᠦᠭᠡᠢ ᠶᠤᠮ᠃ ᠠᠵᠤ ᠠᠬᠤᠢ ᠶᠢᠨ ᠠᠵᠢᠯ ᠳᠠᠬᠢ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ | ᠰᠠᠶᠢᠲᠤᠷ ᠠᠳᠬᠤᠬᠤ ᠬᠡᠷᠡᠭᠲᠡᠢ — ᠰᠢᠨ᠎ᠡ ᠠᠶᠠᠨ ᠢ ᠡᠬᠢᠯᠡᠭᠦᠯᠵᠦ᠂ ᠮᠠᠨ ᠤ ᠤᠯᠤᠰ ᠤᠨ ᠬᠥᠭᠵᠢᠯᠲᠡ ᠠᠶᠤᠯ | ᠲᠦᠭᠰᠢᠭᠦᠷᠢ ᠠᠮᠠᠷᠬᠠᠨ ᠡᠭᠦᠰᠬᠦ ᠤᠯᠠᠨ ᠡᠭᠦᠰᠬᠦ ᠬᠤᠭᠤᠴᠠᠭᠠᠨ ᠳᠤ ᠣᠷᠣᠪᠠᠯ᠂ ᠡᠯ᠎ᠡ ᠵᠦᠢᠯ ᠤᠨ ᠵᠥᠷᠢᠴᠡᠯ ᠪᠠ | ᠠᠰᠠᠭᠤᠳᠠᠯ ᠬᠠᠷᠢᠯᠴᠠᠨ ᠰᠣᠯᠪᠢᠴᠠᠬᠤ ᠪᠣᠯᠣᠨ᠎ᠠ᠂ ᠠᠮᠤᠷ ᠲᠦᠪᠰᠢᠨ ᠬᠥᠭᠵᠢᠯᠲᠡ ᠶᠢᠨ ᠬᠥᠪᠴᠢ ᠶᠢ ᠴᠢᠩᠭᠠᠯᠠᠬᠤ | ᠬᠡᠷᠡᠭᠲᠡᠢ᠃ ᠤᠷᠤᠭᠰᠢᠯᠠᠯᠲᠠ ᠶᠢᠨ ᠵᠠᠮ ᠳᠡᠭᠡᠷᠡᠬᠢ ᠰᠢᠨ᠎ᠡ ᠥᠷᠢᠰᠥᠯᠳᠦᠭᠡᠨ ᠤ ᠡᠮᠦᠨ᠎ᠡ᠂ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠶᠡᠭᠡ ᠬᠠᠨᠳᠤᠰᠢ ᠶᠢ ᠪᠠᠶᠢᠩᠭᠤ ᠠᠵᠢᠭᠯᠠᠨ᠂ ᠶᠡᠭᠡ ᠲᠠᠯ᠎ᠠ ᠶᠢ ᠪᠠᠶᠢᠩᠭᠤ | ᠪᠣᠳᠣᠯᠬᠢᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠰᠠᠨᠠᠭᠠᠰᠢᠷᠠᠬᠤ ᠤᠬᠠᠮᠰᠠᠷ ᠢᠶᠠᠨ | ᠴᠢᠩᠭᠠᠳᠬᠠᠵᠤ᠂ ︽ᠰᠠᠯᠬᠢ ᠰᠥᠷᠴᠦ ᠣᠩᠭᠤᠴᠠ ᠰᠡᠯᠢᠬᠦ︾ ᠦᠵᠡᠯ ᠰᠠᠨᠠᠭ᠎ᠠ ᠪᠣᠯᠤᠨ ᠠᠵᠢᠯ ᠤᠨ ᠪᠡᠯᠡᠳᠬᠡᠯ ᠢ | ᠰᠠᠶᠢᠲᠤᠷ ᠬᠢᠵᠦ᠂ ᠤᠷᠢᠳᠴᠢᠯᠠᠵᠤ ᠪᠡᠯᠡᠳᠬᠡᠨ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠬᠦ ᠬᠡᠷᠡᠭᠲᠡᠢ᠃ ᠵᠠᠷᠢᠮ | ᠭᠤᠣᠯᠳᠠᠯᠭ᠎ᠠ ᠲᠠᠢ ᠬᠦᠷᠢᠶᠡᠨ ᠳᠠᠬᠢ ᠨᠦᠯᠦᠭᠡᠯᠡᠯ ᠶᠡᠬᠡᠲᠡᠢ ᠳᠠᠯᠳᠠ ᠬᠢᠮᠤᠷᠠᠯ ᠪᠠ ᠲᠥᠰᠥᠭᠡᠯᠡᠬᠦᠶ᠎ᠡ ᠪᠡᠷᠬᠡ ᠮᠦᠷᠲᠡᠭᠡᠨ | ᠶᠡᠷᠦ ᠪᠣᠰᠤ ᠶᠢᠨ ᠬᠡᠷᠡᠭ ᠢ ᠴᠢᠩᠭ᠎ᠠ ᠰᠡᠷᠭᠡᠶᠢᠯᠡᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ | ᠰᠡᠷᠭᠡᠶᠢᠯᠡᠨ ᠠᠷᠢᠯᠭᠠᠬᠤ ︽ᠪᠤᠯᠤᠳ ᠬᠡᠷᠡᠮ ᠲᠡᠮᠦᠷ ᠬᠠᠨ᠎ᠠ︾ ᠶᠢ ᠪᠠᠲᠤ ᠴᠣᠭᠴᠠᠯᠠᠬᠤ ᠬᠡᠷᠡᠭᠲᠡᠢ᠃ | ᠵᠢᠯ ᠤᠨ ᠡᠴᠦᠰ ᠣᠨ ᠤ ᠡᠬᠢᠨ ᠪᠣᠯᠬᠤ ᠳᠤ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ ᠪᠣᠳᠠᠲᠠᠢ | ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ︽ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ︾ | ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠴᠢᠩᠭ᠎ᠠ ᠰᠡᠷᠭᠡᠶᠢᠯᠡᠨ ᠰᠠᠬᠢᠵᠤ᠂ | ᠬᠡᠪᠴᠢᠶᠡᠲᠦ ᠴᠢᠨᠠᠷᠲᠠᠢ ᠪᠠᠷ ᠬᠠᠯᠳᠠᠪᠤᠷᠢᠯᠠᠨ ᠣᠷᠣᠵᠤ ᠢᠷᠡᠬᠦ ᠪᠠ ᠲᠠᠬᠢᠨ ᠳᠡᠯᠭᠡᠷᠡᠬᠦ ᠪᠠᠶᠢᠳᠠᠯ ᠭᠠᠷᠬᠤ ᠦᠭᠡᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ︔ ᠬᠤᠶᠠᠷ ᠪᠠᠶᠠᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ | ᠬᠠᠩᠭᠠᠯᠭ᠎ᠠ ᠶᠢ ᠰᠠᠶᠢᠲᠤᠷ ᠲᠤᠬᠢᠷᠠᠭᠤᠯᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠂ | ᠬᠦᠴᠢᠷᠳᠡᠯᠲᠡᠢ ᠬᠥᠮᠦᠰ ᠤᠨ ᠦᠨᠳᠦᠰᠦᠨ ᠵᠦᠢᠯ ᠢ ᠪᠠᠲᠤᠯᠠᠨ ᠳᠠᠭᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ ᠁ | ᠳᠤᠮᠳᠠᠳᠤ ᠤᠯᠤᠰ ᠤᠨ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠂ ᠬᠥᠮᠦᠨ ᠳᠤ ᠪᠠᠶᠢᠨ᠎ᠠ᠃ | ᠰᠢᠨ᠎ᠡ ᠠᠶᠠᠨ ᠤ ᠤᠷᠤᠭᠰᠢᠯᠠᠯᠲᠠ ᠶᠢᠨ ᠪᠦᠷᠢᠶ᠎ᠡ ᠨᠢᠭᠡᠨᠲᠡ ᠬᠠᠩᠭᠢᠨᠠᠯ᠎ᠠ᠃ ᠢᠷᠡᠬᠦ ᠵᠢᠯ ᠤᠨ ᠠᠵᠤ ᠠᠬᠤᠢ ᠶᠢᠨ | ᠠᠵᠢᠯ ᠢ ᠰᠠᠶᠢᠲᠤᠷ ᠬᠢᠬᠦ ᠡᠭᠦᠷᠭᠡ ᠮᠠᠰᠢ ᠬᠦᠨᠳᠦ ᠪᠠᠶᠢᠨ᠎ᠠ᠂ ᠪᠦᠬᠦ ᠨᠠᠮ ᠢᠶᠠᠷ ᠢᠶᠠᠨ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ 14 ᠳ᠋ᠦᠩᠰᠢᠭᠤᠷ | ᠳᠤᠮᠳᠠᠳᠤ ᠤᠯᠤᠰ ᠤᠨ ᠠᠷᠠᠳ ᠲᠦᠮᠡᠨ ᠤ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠤᠨ᠂ ᠰᠢᠯᠢᠳᠡᠭ | ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠥᠬᠦᠷᠡᠰᠢ ᠦᠭᠡᠢ ᠲᠡᠮᠡᠴᠡᠵᠡᠭᠡᠶ᠎ᠡ︕ | | ᠢᠷᠡᠯᠲᠡ᠄ ᠥᠪᠥᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ | ᠬᠠᠮᠢᠶ᠎ᠠ ᠪᠥᠬᠦᠢ ᠰᠤᠨᠢᠨ | 2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ | ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙 | ICP备16003084号-4号 | | |