ᠯᠢᠨᠰᠢ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠪ ᠤᠨ 2019 ᠣᠨ ᠤ ︽ᠴᠢᠬᠡᠴᠢ ᠺᠠᠳ᠋ᠷ︾ ᠤᠨ ᠨᠡᠷᠡᠰ ᠢ ᠠᠩᠬ᠎ᠠ ᠠᠯᠬᠤᠮ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/3/23
      ︽2019 ᠣᠨ ᠤ ᠯᠢᠨᠰᠢ ᠰᠢᠶᠠᠨ ᠤ ︽ᠴᠢᠬᠡᠴᠢ ᠺᠠᠳ᠋ᠷ︾ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠬᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ᠲᠤ 2019 ᠣᠨ ᠤ ︽ᠴᠢᠬᠡᠴᠢ ᠺᠠᠳ᠋ᠷ︾ ᠢ ᠰᠢᠯᠭᠠᠷᠠᠭᠤᠯᠬᠤ ᠠᠵᠢᠯ ᠢ ᠥᠷᠨᠢᠭᠦᠯᠪᠡ᠃ ᠡᠮᠦᠨᠡᠬᠢ ᠬᠤᠭᠤᠴᠠᠭᠠᠨ ᠤ ᠬᠦᠮᠦᠵᠢᠯ᠂ ᠤᠬᠠᠭᠤᠯᠤᠨ ᠳᠠᠶᠢᠴᠢᠯᠠᠬᠤ ᠪᠠᠷ ᠳᠠᠮᠵᠢᠭᠤᠯᠤᠨ᠂ ᠠᠷᠠᠳᠴᠢᠯᠠᠯ ᠢᠶᠠᠷ ᠰᠢᠯᠭᠠᠨ ᠦᠨᠡᠯᠡᠬᠦ᠂ ᠬᠠᠮᠲᠤ ᠪᠠᠷ ᠲᠠᠨᠢᠯᠴᠠᠭᠤᠯᠬᠤ᠂ ᠤᠳᠤᠷᠢᠳᠬᠤ ᠪᠠᠭ ᠢᠶᠠᠷ ᠰᠤᠳᠤᠯᠬᠤ ᠵᠠᠷᠴᠢᠮ ᠢ ᠪᠠᠷᠢᠮᠳᠠᠯᠠᠨ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠪᠡ᠃ ᠰᠢᠶᠠᠨ ᠤ ︽ᠴᠢᠬᠡᠴᠢ ᠺᠠᠳ᠋ᠷ︾ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠢᠨ ᠠᠩᠬ᠎ᠠ ᠬᠢᠨᠠᠯᠲᠠ ᠶᠢ ᠬᠢᠵᠦ᠂ ︽ ᠴᠢᠬᠡᠴᠢ ᠺᠠᠳ᠋ᠷ︾ ᠤᠨ ᠨᠡᠷᠡᠰ ᠢ 2 ᠲᠣᠭᠲᠠᠭᠠᠵᠤ᠂ ᠤᠳᠤ ᠨᠡᠶᠢᠲᠡᠯᠡᠶ᠎ᠡ᠂ ᠨᠠᠮ ᠤᠨ ᠭᠡᠰᠢᠭᠦᠨ ᠺᠠᠳ᠋ᠷ ᠪᠣᠯᠤᠨ ᠨᠡᠶᠢᠭᠡᠮ ᠤᠨ ᠣᠯᠠᠨ ᠲᠦᠮᠡᠨ ᠬᠢᠨᠠᠯᠲᠠ ᠲᠠᠯᠪᠢᠬᠤ ᠪᠣᠯᠪᠠᠤ᠃      ᠢᠯᠡ ᠨᠡᠶᠢᠲᠡᠯᠡᠬᠦ ᠴᠠᠭ ᠨᠢ 2020 ᠣᠨ ᠤ 3 ᠰᠠᠷ᠎ᠠ ᠶᠢᠨ 17 ᠤ ᠡᠳᠦᠷ ᠠᠴᠠ 3 ᠰᠠᠷ᠎ᠠ ᠶᠢᠨ 23 ᠤ ᠡᠳᠦᠷ ᠪᠣᠯᠲᠠᠯ᠎ᠠ᠂ ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠢᠯᠡ ᠨᠡᠶᠢᠳᠡᠯᠡᠬᠦ ᠡᠲᠡᠭᠡᠳ ᠲᠤ ᠣᠨᠳᠣᠤ ᠰᠠᠨᠠᠯ ᠲᠠᠢ ᠪᠣᠯ ᠴᠥᠮ ᠵᠠᠬᠢᠳᠠᠯ ᠪᠤᠶᠤ ᠴᠠᠬᠢᠯᠭᠠᠨ ᠮᠡᠳᠡᠭᠡ ᠢᠷᠡᠬᠦᠯᠵᠤ ᠯᠢᠨᠰᠢ ᠰᠢᠶᠠᠨ ᠤ ︽ᠴᠢᠬᠡᠴᠢ ᠺᠠᠳ᠋ᠷ︾ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠲᠤᠰᠬᠠᠵᠤ ᠪᠣᠯᠤᠨ᠎ᠠ᠃       ᠬᠢᠨᠠᠯᠲᠠ ᠲᠠᠯᠪᠢᠬᠤ ᠤᠲᠠᠰᠤ᠄ 0476 — 5355080᠃ ᠪᠠᠶᠢᠳᠠᠯ ᠢ ᠲᠤᠰᠬᠠᠬᠤ ᠳᠠᠭᠠᠨ ᠦᠨᠡᠨ ᠢ ᠪᠠᠷᠢᠮᠲᠠᠯᠠᠵᠤ᠂ ᠦᠨᠡᠨ ᠪᠣᠳᠠᠲᠠᠶ ᠣᠨᠣᠪᠴᠢᠲᠠᠶ ᠪᠠᠶᠢᠬᠤ ᠬᠡᠷᠡᠭᠲᠡᠶ᠃                   2019 ᠣᠨ ᠤ ᠯᠢᠨᠰᠢ ᠰᠢᠶᠠᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠪ        ︽ᠴᠢᠬᠡᠴᠢ ᠺᠠᠳ᠋ᠷ︾ ᠤᠨ ᠡᠩᠨᠡᠭᠡᠨ ᠤ ᠬᠥᠮᠦᠰ ᠤᠨ ᠨᠡᠷᠡᠰᠯᠢᠦᠶ ᡁᠢ ᠭᠦᠸᠧ       ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠪ ᠤᠨ ᠳᠡᠳ᠋ ᠡᠷᠬᠢᠯᠡᠭᠴᠢᠭᠦᠩ ᠸᠧᠢ ᠳ᠋ᠦᠩ      ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠥᠪ ᠤᠨ ᠲᠤᠬᠠᠶᠢᠯᠠᠭᠰᠠᠨ ᠠᠵᠢᠯ ᠤᠨ ᠭᠤᠷᠪᠠᠳᠤᠭᠠᠷ ᠲᠠᠰᠤᠭ ᠤᠨ ᠳᠠᠷᠤᠭ᠎ᠠ 
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号