ᠴᠧᠩ ᠪᠧᠶ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ᠨᠢ  ᠱᠧᠩ ᠽᠧ ᠨᠡᠶᠢᠭᠡᠮ ᠲᠣᠭᠤᠷᠢᠭ ᠂ ᠰᠢᠶᠠᠩ ᠤᠨ ᠳᠠᠷᠤᠭ᠎ᠠ ᠶᠢᠩᠽᠢ ᠂ ᠵᠢᠵᠢᠭ ᠭᠤᠳᠤᠮᠵᠢ ᠲᠤ ᠭᠦᠨᠵᠡᠭᠡᠶᠢᠷᠡᠨ ᠰᠠᠭᠤᠭᠠᠯᠢ ᠠᠷᠠᠳ ᠤᠨ ᠵᠢᠭᠤᠷᠠᠯᠳᠤᠭᠠᠨ ᠢ ᠣᠶᠢᠯᠠᠭᠠᠪᠠ
ᠨᠡᠶᠢᠲᠡᠯᠡᠭᠰᠡᠨ ᠴᠠᠭ᠄
2020-06-10
 ᠴᠧᠩ ᠪᠧᠶ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ᠨᠢ  ᠱᠧᠩ ᠽᠧ ᠨᠡᠶᠢᠭᠡᠮ ᠲᠣᠭᠤᠷᠢᠭ  ᠂ ᠰᠢᠶᠠᠩ ᠤᠨ ᠳᠠᠷᠤᠭ᠎ᠠ ᠶᠢᠩᠽᠢ  ᠂ ᠵᠢᠵᠢᠭ ᠭᠤᠳᠤᠮᠵᠢ ᠲᠤ ᠭᠦᠨᠵᠡᠭᠡᠶᠢᠷᠡᠨ ᠰᠠᠭᠤᠭᠠᠯᠢ ᠠᠷᠠᠳ ᠤᠨ ᠵᠢᠭᠤᠷᠠᠯᠳᠤᠭᠠᠨ ᠢ ᠣᠶᠢᠯᠠᠭᠠᠪᠠ    2020 ᠣᠨ ᠤ 6 ᠰᠠᠷ᠎ᠠ ᠶᠢᠨ 4 ᠤ ᠡᠳᠦᠷ᠂ ᠰᠢᠶᠠᠩ ᠤᠨ ᠳᠠᠷᠤᠭ᠎ᠠ ᠶᠢᠩᠽᠢ ᠶᠢᠨ ᠡᠮᠦᠨᠡᠬᠢ  ᠪᠠᠶᠢᠰᠢᠩ  ᠭᠡᠷ  ᠰᠠᠭᠤᠭᠠᠯᠢ ᠠᠷᠠᠳ᠂ ᠵᠢᠵᠢᠭ ᠭᠤᠳᠤᠮᠵᠢ ᠪᠠᠷ ᠤᠰᠤ ᠲᠠᠲᠠᠷᠠᠭᠤᠯᠬᠤ ᠠᠰᠠᠭᠤᠳᠠᠯ ᠤᠨ ᠲᠤᠬᠠᠶ ᠨᠡᠶᠢᠭᠡᠮ ᠲᠣᠭᠤᠷᠢᠭ ᠠᠴᠠ ᠠᠰᠠᠭᠤᠨ ᠯᠠᠪᠯᠠ  ᠰᠢᠶ᠋ᠳᠪᠦᠷᠢᠯᠡᠬᠦ ᠲᠥᠰᠦᠯ ᠡᠷᠢᠯᠬᠢᠯᠡᠪᠡ᠃    ᠨᠡᠶᠢᠭᠡᠮ ᠲᠣᠭᠤᠷᠢᠭ ᠯᠠᠪᠯᠠᠭ᠎ᠠ ᠶᠢ ᠣᠯᠤᠭᠰᠠᠨ ᠤ ᠳᠠᠷᠠᠭ᠎ᠠ ᠵᠡᠭᠡᠯᠢ ᠭᠤᠳᠤᠮᠵᠢ ᠲᠠᠢ ᠳᠠᠷᠦ᠋ᠢᠬᠠᠨ ᠬᠤᠯᠪᠣᠭ᠎ᠠ ᠠᠪᠬᠤ ᠶᠢᠨ ᠬᠠᠮᠲᠤ ᠴᠠᠭ ᠲᠤᠬᠠᠶ ᠳᠤᠨᠢ  ᠬᠠᠷᠢᠭᠤ ᠲᠤᠰᠬᠠᠯ  ᠭᠠᠷᠭᠠᠪᠠ  ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠦᠸᠧ ᠹᠧᠩ ᠡᠷᠬᠢᠯᠡᠭᠴᠢ᠂  ᠨᠡᠶᠢᠭᠡᠮ  ᠲᠤᠭᠤᠷᠠᠭ  ᠢ  ᠲᠠᠭᠠᠴᠢᠯᠠᠭᠰᠠᠨ  ᠤᠳᠤᠷᠢᠳᠤᠯᠭ᠎ᠠ ᠯᠢᠦ ᠬᠦᠢ ᠹᠠᠩ ᠡᠷᠬᠢᠯᠡᠭᠴᠢ᠂ ᠱᠧᠩ ᠽᠧ ᠨᠡᠶᠢᠭᠡᠮ ᠲᠣᠭᠤᠷᠢᠭ ᠤᠨ ᠯᠢ ᠶᠠ ᠫᠢᠩ ᠱᠦᠵᠢ ᠪᠣᠯᠤᠨ ᠨᠡᠶᠢᠭᠡᠮ ᠲᠣᠭᠤᠷᠢᠭ ᠤᠨ ᠠᠵᠢᠯᠲᠠᠳ 6 ᠰᠠᠷ᠎ᠠ ᠶᠢᠨ 4 ᠤ ᠦᠳᠡ ᠶᠢᠨ ᠡᠮᠦᠨ᠎ᠡ ᠰᠢᠶᠠᠩ ᠤᠨ ᠳᠠᠷᠤᠭ᠎ᠠ ᠶᠢᠩᠽᠢ ᠳᠤ ᠬᠦᠷᠴᠦ ᠪᠣᠳᠠᠲᠠᠢ ᠪᠠᠶᠢᠳᠠᠯ ᠢ ᠣᠶᠢᠯᠠᠭᠠᠪᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠵᠢᠭᠤᠷᠠᠯᠳᠤᠭᠠᠨ ᠪᠣᠯ ᠨᠠᠷᠢᠨ ᠭᠤᠳᠤᠮᠵᠢ ᠶᠢᠨ ᠵᠠᠮ ᠤᠨ ᠤᠰᠤ ᠲᠠᠳᠠᠷᠠᠭᠤᠯᠬᠤ  ᠳᠤ ᠬᠦᠴᠢᠷᠲᠡᠶ ᠪᠠᠶᠢᠬᠤ ᠪᠠ ᠡᠮᠦᠨ᠎ᠡ ᠮᠥᠷ ᠤᠨ ᠰᠠᠭᠤᠭ᠎ᠠ ᠡᠷᠦᠬᠡ ᠶᠢᠨ ᠬᠡᠷ ᠪᠠᠶᠢᠰᠢᠩ ᠢ ᠰᠢᠨ᠎ᠡ ᠪᠠᠷ  ᠪᠠᠶᠢᠭᠤᠯᠬᠤ  ᠵᠡᠷᠭᠡ ᠠᠯᠢ ᠣᠯᠠᠨ ᠠᠮᠢᠳᠤᠷᠠᠯ ᠤᠨ ᠠᠰᠠᠭᠤᠳᠠᠯ ᠠᠴᠠ ᠪᠣᠯᠤᠭᠰᠠᠨ ᠶᠤᠮ᠃ ᠯᠢᠦ ᠬᠦᠶ ᠹᠠᠩ ᠡᠷᠬᠢᠯᠡᠭᠴᠢ ᠪᠣᠯᠤᠨ ᠯᠢ ᠶᠠ ᠫᠢᠩ ᠱᠦᠵᠢ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠢ  ᠰᠤᠨᠤᠰᠤᠭᠠᠳ  ᠠᠰᠠᠭᠤᠳᠠᠯ ᠳᠤ ᠴᠢᠭᠯᠡᠭᠦᠯᠦᠨ ᠲᠤᠰ ᠲᠤᠰ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ  ᠲᠠᠶᠢᠯᠪᠤᠷᠢᠯᠯᠳᠠ  ᠬᠢᠭᠰᠡᠨ ᠤ ᠬᠠᠮᠲᠤ ᠡᠶᠡᠳᠡᠭᠦᠯᠭᠡ ᠬᠢᠪᠡ᠃    ᠲᠤᠰ ᠤᠳᠠᠭᠠᠨ ᠤ ᠡᠶᠡᠳᠡᠭᠦᠯᠭᠡ ᠨᠢ ᠰᠠᠭᠤᠭᠠᠯᠢ ᠠᠷᠠᠳ ᠤᠨ ᠬᠠᠲᠠᠭᠤ ᠬᠡᠷᠡᠭᠴᠡᠭᠡᠨ ᠤ ᠵᠥᠷᠢᠴᠡᠯ ᠤᠨ ᠡᠬᠢ ᠡᠭᠦᠰᠦᠯ ᠢ ᠭᠦᠢᠴᠡᠳ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠪᠣᠳᠠᠲᠠᠢ ᠡᠶᠡᠳᠡᠭᠦᠯᠭᠡ ᠬᠢᠭᠰᠡᠨ ᠨᠢ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ  ᠵᠦᠷᠢᠴᠡᠯ  ᠢ ᠨᠠᠮᠳᠠᠭᠤᠯᠤᠭᠰᠠᠨ ᠪᠥᠭᠡᠳ ᠠᠰᠠᠭᠤᠳᠠᠯ ᠢ ᠰᠢᠢᠳᠪᠦᠷᠢᠯᠡᠬᠦ ᠳᠤ ᠦᠨᠡᠨ ᠪᠣᠳᠠᠲᠠᠢ ᠪᠦᠲᠦᠮᠵᠢᠲᠡᠢ ᠮᠡᠳᠡᠭᠡ ᠵᠠᠩᠭᠢ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号