ᠸᠠᠩ ᠸᠠᠩ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠬᠤ ᠳᠠᠭᠠᠨ | ᠴᠢᠬᠤᠯᠠᠴᠢᠯᠠᠭᠰᠠᠨ ᠨᠢ | | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠵᠤ ᠦᠢᠯᠡᠰ ᠪᠠ ᠬᠤᠲᠠ ᠶᠢᠨ | ᠠᠭᠤᠰᠤᠯᠴᠠᠯ ᠢ ᠠᠬᠢᠭᠤᠯᠵᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠢ ᠪᠤᠶᠢᠵᠢᠭᠤᠯᠤᠨ᠎ᠠ | 6 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ | ᠸᠠᠩ ᠱᠧᠩ ᠲᠥᠪ ᠬᠤᠲᠠ ᠲᠣᠭᠤᠷᠢᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠲᠤᠰᠬᠠᠶ | ᠰᠡᠳᠦᠪ ᠢᠶᠠᠷ ᠪᠠᠶᠢᠴᠠᠭᠠᠨ ᠰᠤᠳᠤᠯᠪᠠ᠃ ᠲᠡᠷᠡ᠂ ᠤᠯᠤᠰ ᠤᠨ ᠲᠥᠷᠥ ᠶᠢᠨ ᠪᠣᠳᠣᠯᠭ᠎ᠠ ᠶᠢᠨ ᠴᠣᠩᠬᠤᠷᠤᠭ | ᠬᠤᠭᠤᠴᠠᠭ᠎ᠠ ᠶᠢ ᠵᠠᠪᠳᠤᠨ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠤᠨ ᠪᠥᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ ᠬᠤᠲᠠ ᠶᠢᠨ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠬᠥᠲᠥᠯᠥᠨ ᠳᠠᠭᠠᠭᠤᠯᠵᠤ᠂ ᠠᠵᠤ ᠦᠢᠯᠡᠰ ᠪᠠ | ᠬᠤᠲᠠ ᠶᠢᠨ ᠠᠭᠤᠰᠤᠯᠴᠠᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠸᠠᠩ ᠸᠠᠩ ᠱᠧᠩ ᠤᠷᠢᠳ ᠬᠤᠵᠢᠳ ᠬᠠᠷᠠᠴᠢᠨ ᠬᠤᠰᠢᠭᠤ᠂ ᠬᠤᠩᠱᠠᠨ ᠲᠣᠭᠤᠷᠢᠭ᠂ | ᠰᠦᠩᠱᠠᠨ ᠲᠣᠭᠤᠷᠢᠭ ᠲᠤ ᠬᠦᠷᠴᠦ᠂ ᠭᠤᠷᠪᠠᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠭᠠᠵᠠᠷ ᠰᠣᠩᠭᠤᠭᠰᠠᠨ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠡᠯ᠎ᠡ ᠲᠥᠷᠥᠯ ᠤᠨ | ᠠᠰᠠᠭᠤᠳᠠᠯ ᠢ ᠨᠢᠭᠡᠳ ᠨᠢᠭᠡ ᠪᠠᠷ ᠡᠮᠬᠢᠯᠡᠵᠦ᠂ ᠡᠯ᠎ᠡ ᠬᠤᠰᠢᠭᠤ ᠲᠣᠭᠤᠷᠢᠭ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠳᠤ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ | ᠸᠠᠩ ᠸᠠᠩ ᠱᠧᠩ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠬᠤ ᠨᠢ ᠬᠤᠲᠠ ᠶᠢᠨ ᠨᠠᠮ ᠤᠨ | ᠬᠤᠷᠢᠶᠠᠨ ᠤ ᠳᠣᠯᠣᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠮᠥᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠢᠯᠡᠰ ᠪᠠ ᠬᠤᠲᠠ ᠶᠢᠨ | ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠪᠣᠳᠠᠲᠤ ᠱᠠᠭᠠᠷᠳᠠᠯᠭ᠎ᠠ ᠮᠥᠨ᠃ ᠡᠯ᠎ᠡ ᠬᠠᠮᠢᠶ᠎ᠠ ᠪᠦᠬᠦᠢ ᠭᠠᠵᠠᠷ | ᠣᠷᠣᠨ ᠪᠣᠯᠤᠨ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ | ᠪᠣᠯᠤᠨ ᠦᠢᠯᠡ ᠠᠵᠢᠯᠯᠠᠭ᠎ᠠ ᠪᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠤᠨ ᠤ | ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠡᠯ᠎ᠡ ᠭᠠᠵᠠᠷ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠡᠯ᠎ᠡ | ᠵᠦᠢᠯ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠸᠠᠩ ᠸᠠᠩ ᠱᠧᠩ᠂ ᠤᠯᠤᠰ ᠤᠨ | ᠲᠥᠷᠥ ᠶᠢᠨ ᠪᠣᠳᠣᠯᠭ᠎ᠠ ᠶᠢᠨ ᠴᠣᠩᠬᠤᠷᠤᠭ ᠬᠤᠭᠤᠴᠠᠭ᠎ᠠ ᠶᠢ ᠵᠠᠪᠳᠤᠨ ᠠᠳᠬᠤᠵᠤ᠂ ︽ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠬᠤ ᠲᠠᠢ ᠤᠶᠠᠯᠳᠤᠭᠤᠯᠤᠨ᠂ ᠬᠤᠲᠠ ᠪᠣᠯᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠥᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠵᠢᠱᠢᠶ᠎ᠡ ᠦᠵᠡᠭᠦᠯᠦᠨ ᠳᠠᠶᠢᠴᠢᠯᠠᠵᠤ᠂ ᠠᠵᠤ ᠦᠢᠯᠡᠰ ᠪᠠ ᠬᠤᠲᠠ ᠶᠢᠨ ᠠᠭᠤᠰᠤᠯᠴᠠᠨ ᠬᠥᠭᠵᠢᠬᠦ | ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ | ᠨᠡᠪᠴᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠳᠡᠭᠡᠷ᠎ᠡ ᠬᠦᠴᠦ | ᠲᠠᠯᠪᠢᠵᠤ᠂ ᠰᠢᠨ᠎ᠡ ᠶᠢ ᠡᠭᠦᠳᠬᠦ ᠪᠠᠷ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠠᠵᠤ ᠦᠢᠯᠡᠰ ᠢᠶᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠪᠣᠳᠠᠲᠠᠢ ᠨᠠᠶᠢᠳᠠᠪᠤᠷᠢᠵᠢᠭᠤᠯᠬᠤ ᠶᠢ ᠬᠦᠯᠢᠶᠡᠵᠦ ᠠᠪᠬᠤ ᠬᠡᠷᠡᠭᠲᠡᠢ᠃ ᠠᠵᠢᠯ ᠣᠯᠭᠤᠯᠲᠠ ᠶᠢ ᠳᠡᠭᠡᠭᠰᠢᠯᠡᠭᠦᠯᠬᠦ ᠪᠠ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠠᠢ ᠤᠶᠠᠯᠳᠤᠭᠤᠯᠤᠨ᠂ ᠬᠦᠷᠢᠶᠡᠯᠡᠩ | ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ | ᠤᠷᠢᠵᠤ ᠪᠡᠯᠡ ᠲᠠᠲᠠᠬᠤ ᠦᠷ᠎ᠡ ᠪᠦᠲᠦᠮᠵᠢ ᠶᠢ ᠴᠢᠩᠭᠠᠳᠬᠠᠵᠤ᠂ ᠵᠠᠰᠠᠭ ᠤᠨ ᠣᠷᠳᠣᠨ ᠠᠴᠠ ᠠᠬᠢᠭᠤᠯᠬᠤ᠂ | ᠲᠥᠯᠥᠪᠦᠷᠢ ᠲᠠᠢ ᠦᠢᠯᠡᠴᠢᠯᠡᠬᠦ᠂ ᠰᠠᠭᠤᠷᠢ ᠮᠥᠩᠭᠦ ᠪᠠᠷ ᠬᠥᠲᠥᠯᠥᠨ ᠵᠢᠯᠣᠭᠤᠳᠬᠤ ᠵᠡᠷᠭᠡ ᠣᠯᠠᠨ ᠠᠷᠭ᠎ᠠ ᠵᠠᠮ ᠢᠶᠠᠷ | ᠳᠠᠮᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠵᠦ᠂ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠵᠦ᠂ ᠠᠵᠤ ᠠᠬᠤᠶᠢᠯᠠᠯ ᠵᠢᠴᠢ ᠬᠦᠷᠢᠶᠡᠯᠡᠩ ᠲᠣᠭᠤᠷᠢᠭ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ | ᠬᠡᠷᠡᠭᠲᠡᠢ᠃ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ᠂ ᠲᠤᠰᠬᠠᠶ | ᠮᠡᠷᠭᠡᠵᠢᠯᠲᠡᠨ ᠴᠢᠳᠠᠪᠤᠷᠢᠲᠠᠨ ᠤ ᠨᠡᠶᠢᠲᠡ ᠶᠢᠨ ᠪᠠᠶᠢᠷᠢ᠂ ᠠᠵᠢᠯᠲᠠᠨ ᠠᠵᠢᠯᠴᠢᠨ ᠤ ᠣᠷᠣᠨ ᠰᠠᠭᠤᠴᠠ ᠵᠡᠷᠭᠡ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ ᠲᠡᠭᠦᠯᠳᠡᠷᠵᠢᠭᠦᠯᠵᠦ᠂ ᠬᠦᠷᠢᠶᠡᠯᠡᠩ | ᠲᠣᠭᠤᠷᠢᠭ ᠤᠨ ᠲᠠᠲᠠᠬᠤ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ | ᠂ ᠠᠵᠤ ᠠᠬᠤᠶᠢᠯᠠᠯ ᠤᠨ ᠬᠥᠭᠵᠢᠯᠲᠡ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ 5G ᠶᠢᠨ | ᠴᠠᠭ ᠦᠶ᠎ᠡ ᠶᠢᠨ ᠬᠦᠷᠴᠦ ᠢᠷᠡᠬᠦ ᠶᠢ ᠬᠠᠪᠰᠤᠷᠤᠨ ᠲᠡᠳᠬᠦᠬᠦ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠵᠤ᠂ | ᠰᠦᠯᠵᠢᠶᠡᠨ ᠳᠡᠭᠡᠷᠡᠬᠢ ᠨᠡᠷᠡᠲᠦ ᠠᠵᠤ ᠠᠬᠤᠶ ᠵᠡᠷᠭᠡ ᠳᠡᠯᠭᠡᠷᠡᠭᠦᠯᠬᠦ ᠬᠡᠯᠪᠡᠷᠢ ᠮᠠᠶ᠋ᠢᠭ ᠢ ᠭᠦᠢᠴᠡᠳ ᠠᠰᠢᠭᠯᠠᠵᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠪᠴᠠᠩ ᠲᠠᠢ ᠢᠳᠡᠪᠬᠢᠲᠡᠢ ᠵᠣᠯᠭᠠᠭᠤᠯᠵᠤ᠂ ᠠᠵᠤ | ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠬᠤᠲᠠ ᠪᠠᠷ ᠠᠵᠤ ᠦᠢᠯᠡᠰ ᠢᠶᠠᠨ ᠳᠠᠶᠢᠴᠢᠯᠠᠵᠤ᠂ ᠠᠵᠤ | ᠦᠢᠯᠡᠰ ᠢᠶᠠᠷ ᠬᠤᠲᠠ ᠪᠠᠨ ᠮᠠᠨᠳᠤᠭᠤᠯᠬᠤ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠵᠤ᠂ ᠪᠦᠬᠦ ᠬᠤᠲᠠ ᠶᠢᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠢ ᠪᠤᠶᠢᠵᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ ᠬᠤᠲᠠ ᠶᠢᠨ ᠤᠳᠤᠷᠢᠳᠤᠯᠭ᠎ᠠ ᠸᠠᠩ ᠰᠢᠶᠣᠤ ᠳ᠋ᠦᠩ᠂ ᠬᠡᠦ ᠴᠢᠩ ᠹᠧᠩ᠂ ᠬᠤᠲᠠ ᠶᠢᠨ | ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ᠂ ᠬᠠᠮᠢᠶ᠎ᠠ ᠪᠥᠬᠦᠶ ᠬᠤᠰᠢᠭᠤ ᠲᠣᠭᠤᠷᠢᠭ᠂ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ | | | |