ᠬᠡᠰᠢᠭᠲᠡᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠠᠳᠬᠤᠵᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠢᠳᠡᠪᠭᠢᠲᠠᠢ ᠳᠡᠮᠵᠢᠪᠡ
ᠨᠡᠶᠢᠲᠡᠯᠡᠭᠰᠡᠨ ᠴᠠᠭ᠄
2020-06-15
ᠬᠡᠰᠢᠭᠲᠡᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠠᠮᠤᠷ ᠲᠦᠪᠰᠢᠨ ᠢ ᠰᠠᠶᠢᠲᠤᠷ ᠠᠳᠬᠤᠵᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠢᠳᠡᠪᠭᠢᠲᠠᠢ ᠳᠡᠮᠵᠢᠪᠡ      ᠪᠣᠯᠪᠠᠰᠤᠨ ᠬᠤᠲᠠ ᠶᠢᠨ ᠪᠠᠶᠢᠩᠭᠤᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ ᠂ ᠬᠡᠰᠢᠭᠲᠡᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠦᠯᠳᠠ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠢᠳᠡᠭᠡᠨ ᠤᠮᠳᠠᠭᠠᠨ ᠤ ᠠᠵᠢᠯ ᠲᠥᠷᠥᠯ ᠢ ᠴᠡᠪᠡᠷ ᠲᠡᠭᠰᠢ ᠪᠠᠷ ᠥᠪᠡᠷ ᠢ ᠪᠠᠨ ᠱᠠᠭᠠᠷᠳᠠᠬᠤ ᠦᠨᠳᠦᠰᠦᠨ ᠪᠠᠷᠢᠮᠵᠢᠶ᠎ᠠ ᠪᠤᠯᠭᠠᠬᠤ ᠶᠢ ᠱᠠᠭᠠᠷᠳᠠᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠢᠳᠡᠭᠡᠨ ᠤᠮᠳᠠᠭᠠᠨ ᠤ ᠠᠮᠤᠷ ᠲᠦᠪᠰᠢᠨ ᠢ ᠴᠢᠩᠭᠠᠳᠬᠠᠵᠤ᠂ ᠬᠡᠰᠢᠭᠲᠡᠨ ᠬᠤᠰᠢᠭᠤᠨ ᠤ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠢ ᠢᠳᠡᠪᠭᠢᠲᠠᠢ ᠳᠡᠮᠵᠢᠪᠡ᠃ ᠬᠡᠰᠢᠭᠲᠡᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠤᠭᠤᠯᠠᠨ ᠰᠢᠷᠡᠭᠡᠨ ᠤ ᠪᠤᠯᠪᠠᠰᠦᠨ ᠶᠤᠰᠦ ᠵᠢᠷᠤᠮ ᠢ ᠤᠬᠠᠭᠤᠯᠬᠤ᠂ ᠢᠳᠡᠭᠡᠨ ᠪᠤᠯᠪᠠᠰᠦᠷᠠᠭᠤᠯᠬᠤ ᠡᠵᠡᠩᠨᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠳᠠᠮᠵᠢᠨ᠂ ᠪᠣᠯᠪᠠᠰᠤᠨ ᠢᠶᠠᠷ ᠬᠤᠭᠤᠯᠠ ᠢᠳᠡᠬᠦ ᠬᠡᠪ ᠰᠤᠷᠲᠠᠯ ᠢ ᠪᠣᠶ ᠪᠤᠯᠭᠠᠵᠦ᠂ ᠴᠡᠪᠡᠷ ᠳᠡᠭᠰᠢ ᠢᠳᠡᠭᠡᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠤᠯᠠᠨ ᠲᠦᠮᠡᠨ ᠤ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠤᠨ ᠲᠤᠬᠠᠢ ᠣᠷᠣᠯᠴᠠᠬᠤ ᠨᠣᠷᠮ᠎ᠠ ᠪᠣᠯᠤᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠢ ᠬᠠᠮᠲᠤ ᠪᠠᠷ ᠳᠡᠮᠵᠢᠪᠡ᠃    
 
ᠢᠷᠡᠯᠲᠡ᠄ ᠬᠡᠰᠢᠭᠳᠡᠨ ᠬᠤᠰᠢᠭᠤᠨ  ᠤ ᠵᠠᠰᠠᠭ  ᠤᠨ ᠤᠷᠳᠤᠨ  ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号