6 ᠰᠠᠷ᠎ᠠ ᠶᠢᠨ 11᠎ ᠤ ᠡᠳᠦᠷ᠂ ᠮᠠᠨ ᠤ ᠰᠢᠶᠠᠨ ᠬᠤᠪᠸᠢ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2020-06-15
6 ᠰᠠᠷ᠎ᠠ ᠶᠢᠨ 11᠎ ᠤ ᠡᠳᠦᠷ᠂ ᠮᠠᠨ ᠤ ᠰᠢᠶᠠᠨ ᠬᠤᠪᠸᠢ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠡᠷᠭᠢᠯᠡᠪᠡ    ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ ᠭᠡᠨᠡᠳᠲᠡ ᠭᠠᠷᠤᠭᠰᠠᠨ ᠰᠢᠨ᠎ᠡ ᠲᠢᠲᠢᠮᠲᠦ ᠬᠢᠵᠢᠭ ᠤᠨ ᠎ ᠤᠨ ᠡᠮᠦᠨ᠎ᠡ᠂ ᠨᠠᠮ ᠤᠨ ᠲᠥᠪ ᠬᠤᠷᠢᠶ᠎ᠠ ᠪᠣᠯᠤᠨ ᠲᠦᠷᠥ  ᠶᠢᠨ ᠶᠠᠪᠤᠳᠠᠯ ᠤᠨ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠤ ᠡᠷᠡᠰ ᠰᠢᠭᠤᠷᠬᠠᠶ ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠣᠲᠣᠭᠠᠳᠤ  ᠳᠤ  ᠲᠠᠷᠬᠠᠬᠤ  ᠶᠢ  ᠰᠡᠷᠭᠡᠶᠢᠯᠡᠵᠦ᠂  ᠭᠠᠳᠠᠭᠠᠳᠤ  ᠠᠴᠠ   ᠤᠷᠤᠵᠤ ᠢᠷᠡᠬᠦ  ᠶᠢ  ᠰᠡᠷᠭᠡᠶᠢᠯᠡᠵᠤ ᠰᠢᠨ᠎ᠡ ᠲᠢᠲᠢᠮ ᠬᠢᠵᠢᠭ ᠎ ᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ  ᠲᠠᠶᠢᠨ  ᠤ ᠢᠯᠠᠯᠲᠠ ᠶᠢ ᠣᠯᠬᠤ ᠶᠢᠨ ᠲᠥᠯᠥᠭᠡ᠂ ᠯᠢᠨᠰᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠳᠠᠷᠦ᠋ᠢᠬᠠᠨ ᠲᠤᠰᠬᠠᠯ ᠭᠠᠷᠭᠠᠵᠤ᠂ ᠰᠢᠶᠠᠨ ᠤ ᠡᠮᠨᠡᠯᠭᠡ ᠶᠢᠨ ᠬᠤᠷᠢᠶᠠᠨ ᠤ 14 ᠴᠠᠭᠠᠨ ᠬᠤᠪᠴᠠᠰᠤᠲᠤ  ᠠᠨᠵᠧᠯ ᠢᠶᠠᠷ ᠪᠦᠷᠢᠯᠳᠦᠭᠰᠡᠨ ᠬᠤᠪᠧᠶ ᠶᠢ ᠲᠤᠰᠠᠯᠠᠬᠤ ᠡᠮᠨᠡᠯᠭᠡ ᠶᠢᠨ ᠠᠩᠭᠢ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠦᠬᠠᠨ ᠢ ᠲᠤᠰᠠᠯᠠᠪᠠ᠃  ᠲᠡᠳᠡᠨᠠᠷ  ᠯᠢᠨᠰᠢ ᠶᠢᠨ ᠠᠷᠠᠳ ᠲᠦᠮᠡᠨ ᠤ ᠬᠦᠰᠡᠯ ᠨᠠᠶᠢᠳᠠᠯᠭ᠎ᠠ ᠪᠠᠷ ᠵᠢᠶᠠᠩ ᠴᠧᠩ ᠬᠤᠲᠠ ᠳᠤ ᠬᠦᠷᠴᠦ ᠦᠬᠠᠨ ᠤ  ᠠᠭᠤᠰᠬᠢᠨ  ᠤ ᠰᠠᠯᠠᠭᠠᠨ ᠤ ᠡᠮᠨᠡᠯᠭᠡ ᠶᠢᠨ ᠬᠤᠷᠢᠶᠠᠨ ᠤ ᠬᠦᠨᠳᠦ ᠡᠪᠡᠳᠴᠢᠨ ᠤ  ᠲᠤᠭᠤᠷᠢᠭ  ᠲᠤ ᠴᠠᠭ ᠮᠥᠴᠡ ᠲᠠᠢ  ᠤᠷᠤᠯᠳᠤᠨ᠂ ᠦᠬᠦᠯ ᠤᠨ ᠰᠠᠬᠢᠭᠤᠯᠰᠤᠨ ᠲᠠᠢ ᠠᠰ ᠲᠤᠯᠵᠤ  ᠂ 43 ᠡᠳᠦᠷ ᠪᠠᠶᠢᠯᠳᠤᠭᠠᠳ  ᠂  ᠦᠬᠠᠨ  ᠢ  ᠲᠤᠰᠠᠯᠠᠬᠤ ᠡᠭᠦᠷᠭᠡ ᠪᠠᠨ ᠠᠮᠵᠢᠯᠲᠠ ᠲᠠᠢ  ᠪᠡᠶᠡᠯᠡᠬᠦᠯᠵᠠᠢ  ᠃    ᠮᠡᠳᠡᠭᠦᠯᠦᠯᠲᠡ ᠶᠢᠨ ᠬᠤᠷᠠᠯ ᠳᠡᠭᠡᠷ᠎ᠡ ᠡᠩ ᠲᠡᠷᠢᠭᠦᠨ ᠳᠤ ᠬᠤᠪᠸᠢ ᠶᠢ ᠲᠤᠰᠠᠯᠠᠬᠤ ᠡᠮᠨᠡᠯᠭᠡ ᠶᠢᠨ ᠠᠩᠭᠢ ᠶᠢᠨ VCR ᠸᠢᠳᠢᠣ᠋ ᠶᠢ ᠨᠡᠪᠲᠡᠷᠡᠭᠦᠯᠵᠦ᠂  ᠦᠬᠠᠨ ᠢ ᠲᠤᠰᠠᠯᠠᠬᠤ ᠡᠮᠨᠡᠯᠭᠡ ᠶᠢᠨ ᠠᠩᠭᠢ ᠶᠢᠨ ᠠᠶᠠᠨ ᠳᠠᠶᠢᠨ ᠪᠣᠯᠤᠨ ᠢᠯᠠᠯᠲᠠ ᠶᠢᠨ ᠬᠤᠭᠤᠴᠠᠭᠠᠨ ᠳᠤ  ᠬᠦᠮᠦᠰ ᠤᠨ ᠰᠡᠳᠬᠢᠯ  ᠢ ᠳᠣᠭᠳᠣᠯᠤᠭᠤᠯᠤᠮ᠎ᠠ ᠪᠠᠶᠢᠳᠠᠯ ᠢ ᠡᠷᠭᠢᠴᠡᠭᠦᠯᠵᠡᠶ᠃ ᠯᠢ ᠼᠠᠢ ᠳ᠋ᠦᠩ᠂ ᠵᠤᠤ ᠶᠠᠨ ᠵᠢᠶᠧ᠂ ᠯᠢᠦ ᠷᠦᠢ ᠶᠢᠨ ᠵᠡᠷᠭᠡ ᠬᠤᠪᠸᠢ ᠶᠢ ᠲᠤᠰᠠᠯᠠᠬᠤ ᠭᠤᠷᠪᠠᠨ ᠡᠮᠨᠡᠯᠭᠡ ᠶᠢᠨ  ᠠᠩᠭᠡᠢ ᠎ ᠶᠢᠨ ᠲᠥᠯᠥᠭᠡᠯᠡᠭᠴᠢ ᠮᠡᠳᠡᠭᠦᠯᠦᠯᠲᠡ ᠬᠢᠪᠡ᠃ ᠬᠤᠷᠠᠯ ᠳᠤ ᠣᠷᠣᠯᠴᠠᠭᠰᠠᠳ ᠬᠥᠮᠦᠰ ᠢ ᠳᠣᠭᠳᠣᠯᠤᠭᠤᠯᠤᠮ᠎ᠠ ᠲᠡᠷᠢᠭᠦᠨ ᠤ ᠦᠢᠯᠡ ᠠᠵᠢᠯᠯᠠᠭ᠎ᠠ ᠶᠢ ᠰᠣᠨᠣᠰᠴᠤ᠂ ᠬᠤᠪᠸᠢ  ᠶᠢ  ᠲᠤᠰᠠᠯᠠᠭᠰᠠᠨ  ᠪᠠᠭᠠᠲᠤᠷᠴᠤᠳ ᠤᠨ ᠠᠵᠢᠯ ᠦᠢᠯᠡᠰ ᠢᠶᠠᠨ ᠳᠡᠭᠡᠳᠦᠯᠡᠬᠦ ᠡᠷᠬᠢᠮ ᠳᠡᠭᠡᠳᠦ ᠵᠣᠷᠢᠭ ᠰᠠᠨᠠᠭ᠎ᠠ ᠪᠣᠯᠤᠨ ᠡᠷᠬᠢᠮ ᠳᠡᠭᠡᠳᠦ ᠵᠠᠩ ᠴᠢᠨᠠᠷ ᠢ ᠬᠠᠮᠲᠤ ᠪᠠᠷ ᠣᠶᠢᠯᠠᠭᠠᠪᠠ᠃    ᠬᠤᠷᠠᠯ ᠳᠡᠭᠡᠷ᠎ᠡ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠯᠢᠨᠰᠢ ᠰᠢᠶᠠᠨ ᠤ ᠬᠤᠪᠸᠢ ᠶᠢ  ᠲᠤᠰᠠᠯᠠᠭᠰᠠᠨ ᠡᠮᠴᠢᠯᠡᠭᠡᠨ ᠤ ᠠᠩᠭᠢ ᠶᠢᠨ 14  ᠡᠮᠴᠢ  ᠳᠤ ᠴᠡᠴᠡᠭ ᠬᠦᠷᠭᠡᠵᠦ ᠬᠦᠨᠳᠦᠳᠬᠡᠯ ᠳᠡᠪᠰᠢᠭᠦᠯᠪᠡ᠃ ᠯᠢᠨᠰᠢ ᠰᠢᠶᠠᠨ ᠤ ᠬᠠᠮ ᠵᠠᠭᠤᠴᠢᠯᠠᠭᠤᠷ ᠤᠨ ᠲᠥᠪ ᠮᠡᠳᠡᠭᠦᠯᠦᠯᠲᠡ ᠶᠢᠨ ᠬᠤᠷᠠᠯ ᠳᠤ ᠰᠢᠭᠤᠳ ᠨᠡᠪᠲᠡᠷᠡᠭᠦᠯᠪᠡ ᠬᠢᠪᠡ  ᠃ ᠮᠡᠳᠡᠭᠦᠯᠦᠯᠲᠡ ᠶᠢᠨ ᠬᠤᠷᠠᠯ ᠨᠢ ᠪᠠᠰᠠ ᠡᠯ᠎ᠡ ᠪᠠᠶᠢᠭᠤᠯᠭ᠎ᠠ ᠨᠢᠭᠡᠴᠢ᠂ ᠰᠤᠷᠭᠠᠭᠤᠯᠢ ᠵᠡᠷᠭᠡ ᠳᠤ ᠬᠤᠪᠢᠶᠠᠷᠢ  ᠲᠠᠯᠠᠪᠠᠢ ᠭᠠᠷᠭᠠᠵᠤ᠂ ᠪᠦᠬᠦ ᠰᠢᠶᠠᠨ ᠤ ᠡᠯ᠎ᠡ ᠠᠵᠢᠯ ᠲᠦᠷᠦᠯ ᠪᠠᠶᠢᠷᠢ  ᠳᠤ ᠪᠠᠭᠠᠲᠤᠷᠯᠢᠭ ᠦᠯᠢᠬᠡᠷ ᠢ  ᠰᠤᠨᠤᠰᠬᠠᠵᠤ  ᠂ ᠡᠷᠡᠯᠬᠡᠭᠯᠡᠨ ᠤᠷᠤᠭᠰᠢᠯᠠᠬᠤ  ᠡᠷᠴᠢ ᠵᠣᠷᠢᠭ ᠢ  ᠎ ᠨᠢ  ᠬᠥᠭᠵᠢᠭᠡᠪᠡ  ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号