ᠸᠠᠩ ᠸᠠᠩ ᠱᠧᠩ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠤᠨ ᠲᠤᠬᠠᠶ ᠭᠠᠵᠠᠷ ᠲᠤᠨᠢ ᠠᠯᠪᠠᠯᠠᠬᠤ ᠬᠤᠷᠠᠯ ᠢ ᠡᠷᠭᠢᠯᠡᠨ ᠬᠤᠷᠠᠯᠳᠤᠭᠤᠯᠪᠠ | | 6 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠸᠠᠩ ᠸᠠᠩ ᠱᠧᠩ ᠪᠦᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ | ᠲᠤᠬᠠᠶ ᠭᠠᠵᠠᠷ ᠲᠤᠨᠢ ᠠᠯᠪᠠᠯᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠲᠤᠰ ᠱᠠᠲᠤᠨ ᠤ ᠪᠠ ᠡᠯ᠎ᠡ | ᠬᠤᠰᠢᠭᠤ ᠰᠢᠶᠠᠨ ᠲᠣᠭᠤᠷᠢᠭ ᠤᠨ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ | ᠠᠬᠢᠴᠠ ᠶᠢᠨ ᠪᠠᠶᠢᠳᠠᠯ ᠢ ᠰᠣᠨᠤᠰᠴᠤ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠢᠭᠡᠳ ᠨᠢᠭᠡ ᠪᠠᠷ | ᠰᠤᠳᠤᠯᠤᠨ ᠰᠢᠢᠳᠪᠦᠷᠢᠯᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ | ᠳᠤᠷᠠᠳᠪᠠ᠃ ᠸᠠᠩ ᠸᠠᠩ ᠱᠧᠩ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠪᠦᠬᠦ | ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠰᠠᠶᠢᠲᠤᠷ ᠬᠢᠬᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠴᠢᠬᠤᠯᠠ | ᠲᠤᠯᠭᠠᠭᠤᠷᠢᠯᠠᠯ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠡᠷᠬᠡᠪᠰᠢ ᠲᠠᠨᠢᠯᠲᠠ ᠪᠠᠨ ᠳᠠᠬᠢᠨ | ᠳᠡᠭᠡᠭᠰᠢᠯᠡᠭᠦᠯᠵᠦ᠂ ᠠᠵᠢᠯᠯᠠᠭ᠎ᠠ ᠪᠠᠨ ᠳᠠᠬᠢᠨ ᠲᠦᠷᠭᠡᠳᠬᠡᠵᠦ᠂ ᠡᠷᠴᠢᠮ ᠢᠶᠠᠨ ᠳᠠᠬᠢᠨ ᠨᠡᠮᠡᠭᠳᠡᠭᠦᠯᠵᠦ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠢᠶᠠᠷ ᠰᠢᠪᠲᠤᠯᠤᠯᠲᠠ ᠶᠢᠨ ᠴᠢᠨᠠᠷᠲᠠᠶ ᠠᠬᠢᠭᠤᠯᠤᠯᠲᠠ ᠲᠠᠢ | ᠪᠣᠯᠭᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠨᠣᠷᠮ᠎ᠠ᠂ ᠠᠵᠢᠯ ᠡᠬᠢᠯᠡᠭᠦᠯᠬᠦ | ᠨᠣᠷᠮ᠎ᠠ᠂ ᠪᠡᠯᠡ ᠣᠷᠣᠭᠤᠯᠤᠯᠲᠠ ᠶᠢᠨ ᠨᠣᠷᠮ᠎ᠠ ᠶᠢ ᠦᠨᠡᠨᠬᠦ ᠳᠡᠭᠡᠭᠰᠢᠯᠡᠭᠦᠯᠬᠦ᠂ ᠪᠡᠯᠡ ᠣᠷᠣᠭᠤᠯᠤᠯᠲᠠ ᠶᠢ | ᠲᠣᠭᠲᠠᠪᠤᠷᠢᠵᠢᠭᠤᠯᠬᠤ᠂ ᠨᠥᠭᠡᠴᠡ ᠬᠦᠴᠦᠨ ᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ | ᠭᠡᠵᠦ ᠵᠢᠭᠠᠵᠤ ᠭᠠᠷᠭᠠᠪᠠ᠃ ᠸᠠᠩ ᠸᠠᠩ ᠱᠧᠩ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠭᠤᠤᠯ | ᠤᠳᠤᠷᠢᠳᠤᠯᠭ᠎ᠠ ᠤᠳ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠡᠶ᠎ᠡ ᠪᠠᠷ ᠢᠶᠠᠨ ᠬᠢᠵᠦ᠂ | ᠪᠡᠶ᠎ᠡ ᠪᠠᠷ ᠢᠶᠠᠨ ᠠᠩᠬᠠᠷᠴᠤ᠂ ᠡᠴᠦᠰ ᠲᠤᠨᠢ ᠲᠤᠯᠲᠠᠯ᠎ᠠ ᠠᠳᠬᠤᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠪᠣᠳᠠᠲᠠᠶᠢᠵᠢᠭᠤᠯᠵᠤ᠂ ᠳᠡᠭᠡᠳᠦ ᠬᠡᠮᠵᠢᠶ᠎ᠡ ᠪᠠᠷ ᠲᠦᠯᠬᠢᠨ ᠠᠬᠢᠭᠤᠯᠬᠤ ᠠᠵᠢᠯ ᠤᠨ ᠪᠠᠶᠢᠷᠢᠰᠢᠯ ᠢ ᠪᠤᠢ ᠪᠣᠯᠭᠠᠬᠤ | ᠬᠡᠷᠡᠭᠲᠡᠶ᠃ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠦᠢᠯᠡᠴᠢᠯᠡᠭᠡᠨ ᠤ ᠦᠵᠡᠯ ᠤᠬᠠᠮᠰᠠᠷ ᠪᠠ | ᠴᠢᠳᠠᠪᠤᠷᠢ ᠪᠠᠨ ᠳᠡᠭᠡᠭᠰᠢᠯᠡᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠥᠪᠯᠡᠷᠡᠭᠦᠯᠦᠨ | ᠠᠵᠢᠯᠯᠠᠬᠤ᠂ ᠨᠡᠶᠢᠯᠡᠭᠦᠯᠦᠨ ᠬᠤᠯᠪᠤᠭᠠᠯᠠᠵᠤ ᠬᠢᠨᠠᠨ ᠵᠥᠪᠰᠢᠶᠡᠷᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠲᠥᠷᠦᠯ ᠤᠨ ᠠᠵᠢᠯ ᠢ ᠥᠨᠳᠥᠷ ᠦᠷ᠎ᠡ ᠪᠦᠲᠦᠮᠵᠢᠲᠡᠶ ᠭᠦᠢᠴᠡᠳᠭᠡᠬᠦ ᠶᠢ | ᠦᠨᠡᠨᠬᠦ ᠪᠠᠲᠤᠯᠠᠬᠤ ᠬᠡᠷᠡᠭᠲᠡᠶ᠃ ᠲᠣᠬᠢᠷᠠᠭᠤᠯᠬᠤ ᠤᠳᠠᠭ᠎ᠠ ᠪᠠᠨ ᠨᠢᠭᠲᠠᠷᠠᠭᠤᠯᠵᠤ᠂ ᠬᠢᠨᠠᠨ ᠵᠢᠯᠣᠭᠤᠳᠬᠤ | ᠡᠷᠴᠢᠮ ᠢᠶᠠᠨ ᠴᠢᠩᠭᠠᠷᠠᠭᠤᠯᠤᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠳᠤ ᠣᠷᠣᠰᠢᠵᠤ ᠪᠠᠶᠢᠭ᠎ᠠ | ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠪᠦᠬᠦ ᠶᠠᠪᠤᠴᠠ ᠳᠤ ᠲᠥᠷᠥᠯ | ᠵᠦᠢᠯ ᠤᠨ ᠠᠵᠢᠯ ᠡᠬᠢᠯᠡᠬᠦ ᠶᠢ ᠪᠠᠲᠤᠯᠠᠨ ᠬᠠᠮᠠᠭᠠᠯᠠᠵᠤ᠂ ᠡᠮᠦᠨᠡᠬᠢ ᠬᠤᠭᠤᠴᠠᠭᠠᠨ ᠤ ᠭᠠᠷᠳᠠᠮ ᠨᠢ ᠪᠦᠷᠢᠨ ᠲᠡᠭᠦᠯᠳᠡᠷ | ᠂ ᠠᠵᠢᠯ ᠡᠬᠢᠯᠡᠬᠦ ᠨᠥᠬᠦᠴᠡᠯ ᠨᠢ ᠪᠦᠷᠢᠯᠳᠦᠭᠦᠯᠦᠭᠰᠡᠨ ᠪᠠᠶᠢᠪᠠᠯ᠂ ᠠᠵᠢᠯ ᠡᠬᠢᠯᠡᠬᠦ ᠠᠬᠢᠴᠠ ᠶᠢ ᠨᠢ ᠲᠦᠷᠭᠡᠳᠬᠡᠵᠦ᠂ | ᠡᠮᠬᠢ ᠵᠢᠷᠤᠮ ᠲᠠᠢ ᠪᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠨᠡᠩ ᠤᠯᠠᠨ ᠪᠡᠯᠡ ᠣᠷᠣᠭᠤᠯᠤᠯᠲᠠ ᠶᠢᠨ | ᠬᠡᠮᠵᠢᠶ᠎ᠡ᠂ ᠠᠵᠢᠯ ᠤᠨ ᠬᠡᠮᠵᠢᠶ᠎ᠡ ᠪᠠ ᠪᠣᠳᠠᠲᠤ ᠪᠣᠳᠠᠰ ᠤᠨ ᠬᠡᠮᠵᠢᠶ᠎ᠡ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃ ᠠᠮᠢ | ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠣᠯᠤᠨ ᠪᠡᠯᠡ ᠮᠥᠩᠭᠦ ᠶᠢᠨ ᠣᠷᠣᠭᠤᠯᠤᠯᠲᠠ ᠶᠢᠨ | ᠬᠠᠨᠳᠤᠰᠢ ᠶᠢ ᠴᠢᠩᠭ᠎ᠠ ᠠᠩᠬᠠᠷᠴᠤ᠂ ᠲᠥᠷᠥᠯ ᠵᠦᠢᠯ ᠤᠨ ᠨᠥᠭᠡᠴᠡ ᠶᠢ ᠤᠷᠢᠳᠴᠢᠯᠠᠨ ᠲᠥᠯᠦᠪᠯᠡᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ | ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠲᠠ ᠶᠢᠨ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ | ᠠᠷᠠᠳ ᠤᠨ ᠠᠮᠢᠳᠤᠷᠠᠯ ᠢ ᠰᠠᠢᠵᠢᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ | ᠬᠦᠷᠢᠶᠡᠨ ᠤ ᠠᠯᠤᠰ ᠬᠡᠲᠦ ᠶᠢᠨ ᠡᠷᠡᠭᠦᠯ ᠢᠶᠠᠷ ᠬᠥᠭᠵᠢᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠸᠠᠩ ᠸᠠᠩ ᠱᠧᠩ ᠴᠢᠬᠤᠯᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢᠶᠠᠷ | ᠰᠢᠪᠲᠤᠯᠤᠯᠲᠠ ᠪᠣᠯᠭᠠᠵᠤ᠂ ᠠᠵᠢᠯ ᠢᠶᠠᠨ ᠠᠬᠢᠭᠤᠯᠬᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠮᠡᠳᠡᠭᠡ | ᠵᠠᠩᠭᠢᠴᠢᠯᠠᠯᠲᠠ ᠶᠢᠨ ᠬᠢᠨᠠᠨ ᠬᠠᠮᠢᠶᠠᠷᠤᠯᠲᠠ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ᠠᠵᠢᠯ ᠢ ᠬᠡᠮᠵᠢᠶᠡᠵᠢᠭᠦᠯᠬᠦ | ᠂ ᠨᠠᠷᠢᠯᠢᠭᠵᠢᠭᠤᠯᠬᠤ᠂ ᠪᠠᠷᠢᠮᠵᠢᠶᠠᠵᠢᠭᠤᠯᠬᠤ᠂ ᠤᠶᠤᠨᠵᠢᠭᠤᠯᠬᠤ ᠶᠢ ᠪᠡᠶᠡᠯᠡᠭᠦᠯᠵᠦ᠂ ᠨᠠᠶᠢᠳᠠᠪᠤᠷᠢᠵᠢᠭᠤᠯᠬᠤ ᠦᠷ᠎ᠡ | ᠪᠦᠲᠦᠮᠵᠢ ᠪᠣᠯᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠵᠤᠨ ᠤ ᠤᠯᠠᠷᠢᠯ ᠤᠨ ᠦᠶᠡᠷ ᠢ ᠰᠡᠷᠭᠡᠶᠢᠯᠡᠬᠦ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠵᠡᠷᠭᠡ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠪᠡ᠃ ᠬᠤᠲᠠ ᠶᠢᠨ | ᠤᠳᠤᠷᠢᠳᠤᠯᠭ᠎ᠠ ᠱᠧᠩ ᠰᠢᠶᠣᠣ ᠶᠢᠤ᠂ ᠬᠤᠸᠠᠩ ᠭᠦᠸᠧ ᠸᠧᠨ᠂ ᠯᠢ ᠶᠠᠨ ᠷᠦ᠋᠂ ᠬᠤᠲᠠ ᠶᠢᠨ ᠵᠠᠰᠠᠭ ᠤᠨ | ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠬᠤᠷᠠᠯ ᠳᠤ ᠣᠷᠣᠯᠴᠠᠪᠠ᠃ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠵᠢᠴᠢ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠭᠤᠣᠯ | ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ | | |