ᠣᠶ ᠰᠢᠭᠤᠶ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2020/6/18
  ᠣᠶ ᠰᠢᠭᠤᠶ ᠨᠤᠲᠤᠭ ᠪᠡᠯᠴᠢᠭᠡᠷ ᠤᠨ ᠭᠠᠯ ᠴᠠᠭᠠᠵᠠᠯᠠᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ        ︹2020︺ 54 ᠳ᠋ᠦᠭᠡᠷ ᠲᠣᠭᠠᠲᠤ ᠣᠳᠣᠬᠠᠨ ᠳᠤ᠂ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠨᠢᠭᠡᠨᠲᠡ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠃ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠦᠬᠦ ᠬᠤᠲᠠ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠳᠦᠷᠢᠮ︾ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠄ ᠨᠢᠭᠡ᠂ ᠭᠠᠯ ᠴᠠᠭᠠᠵᠠᠯᠠᠬᠤ ᠴᠠᠭ᠄ 2020 ᠣᠨ ᠤ 3 ᠰᠠᠷ᠎ᠠ ᠶᠢᠨ 15 ᠤ ᠡᠳᠦᠷ — 6 ᠰᠠᠷ᠎ᠠ ᠶᠢᠨ 15 ᠤ ᠡᠳᠦᠷ᠂ 9 ᠰᠠᠷ᠎ᠠ ᠶᠢᠨ 15 ᠤ ᠡᠳᠦᠷ — 11 ᠰᠠᠷ᠎ᠠ ᠶᠢᠨ 15 ᠤ ᠡᠳᠦᠷ᠃ ᠬᠤᠶᠠᠷ᠂ ᠭᠠᠯ ᠴᠠᠭᠠᠵᠠᠯᠠᠬᠤ ᠬᠡᠪᠴᠢᠶ᠎ᠡ᠄ ᠪᠦᠬᠦ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠪᠦᠰᠡ᠃ ᠭᠤᠷᠪᠠ᠂ ᠭᠠᠯ ᠴᠠᠭᠠᠵᠠᠯᠠᠬᠤ ᠱᠠᠭᠠᠷᠳᠠᠯᠭ᠎ᠠ᠄ ᠭᠠᠯ ᠤᠨ ᠰᠤᠷᠪᠤᠯᠵᠢ ᠵᠢᠴᠢ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠢ ᠠᠪᠴᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠣᠷᠣᠬᠤ ᠶᠢ ᠴᠢᠩᠭ᠎ᠠ ᠴᠠᠭᠠᠵᠠᠯᠠᠨ᠎ᠠ᠃ ᠴᠠᠭᠠᠰᠤ ᠰᠢᠲᠠᠭᠠᠬᠤ᠂ ᠬᠦᠵᠢ ᠰᠢᠲᠠᠭᠠᠬᠤ᠂ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ ᠪᠠ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠠᠲᠠᠷ ᠭᠠᠯᠳᠠᠬᠤ᠂ ᠡᠰᠢ ᠰᠦᠷᠡᠯ ᠰᠢᠲᠠᠭᠠᠬᠤ᠂ ᠬᠠᠰᠢᠯᠭ᠎ᠠ ᠵᠠᠭᠠᠭ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢᠴᠢ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠠᠮᠠᠷᠬᠠᠨ ᠡᠭᠦᠰᠬᠡᠬᠦ ᠪᠤᠰᠤᠳ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠳᠥᠷᠪᠡ᠂ ᠲᠣᠰ ᠵᠠᠷᠯᠠᠯ ᠢ ᠵᠥᠷᠢᠴᠡᠪᠡᠯ᠂ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠴᠢᠩᠭ᠎ᠠ ᠰᠢᠢᠳᠬᠡᠨ ᠲᠣᠷᠭᠠᠨ᠎ᠠ᠃ ᠲᠠᠪᠤ᠂ ᠡᠯ᠎ᠡ ᠬᠤᠰᠢᠭᠤ ᠰᠢᠶᠠᠨ ᠲᠣᠭᠤᠷᠢᠭ ᠪᠠᠰᠠ ᠭᠠᠯ ᠴᠠᠭᠠᠵᠠᠯᠠᠬᠤ ᠵᠠᠷᠯᠠᠯ ᠨᠡᠶᠢᠲᠡᠯᠡᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠪᠦᠰᠡ ᠪᠣᠯᠤᠨ ᠭᠠᠯ ᠤᠨ ᠠᠶᠤᠯ ᠤᠨ ᠵᠡᠷᠭᠡ ᠳᠡᠰ ᠢ ᠬᠤᠪᠢᠶᠠᠷᠢᠯᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠥᠷᠭᠡᠨ ᠣᠯᠠᠨ ᠺᠠᠳ᠋ᠷ ᠣᠯᠠᠨ ᠲᠦᠮᠡᠨ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠪᠠ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠣᠯᠵᠤ ᠮᠡᠳᠡᠪᠡᠯ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠲᠠᠰᠤ ᠶᠢ ᠳᠠᠷᠦ᠋ᠢᠬᠠᠨ ᠤᠲᠠᠰᠤᠳᠠᠬᠤ ᠬᠡᠷᠡᠭᠲᠡᠶ᠄ 12119    
 
ᠢᠷᠡᠯᠲᠡ᠄ ᠤᠯᠠᠭᠠᠨᠬᠠᠳᠠ ᠬᠤᠳᠠ  ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号