ᠯᠢᠨᠰᠢ ᠰᠢᠶᠠᠨ 2020 ᠣᠨ ᠤ ᠡᠮ ᠤᠨ  ᠵᠦᠢᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠲᠡᠭᠦᠰ  ᠠᠮᠵᠢᠯᠳᠠ ᠲᠠᠢ ᠪᠡᠶᠡᠯᠡᠭᠦᠯᠪᠡ᠃
ᠨᠡᠶᠢᠲᠡᠯᠡᠭᠰᠡᠨ ᠴᠠᠭ᠄
2020-06-18
ᠯᠢᠨᠰᠢ ᠰᠢᠶᠠᠨ 2020 ᠣᠨ ᠤ ᠡᠮ ᠤᠨ  ᠵᠦᠢᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠲᠡᠭᠦᠰ  ᠠᠮᠵᠢᠯᠳᠠ ᠲᠠᠢ ᠪᠡᠶᠡᠯᠡᠭᠦᠯᠪᠡ᠃             ᠨᠢᠭᠡ ᠳᠤ ᠰᠤᠭᠤᠴᠢᠨ ᠪᠠᠶᠢᠴᠠᠭᠠᠬᠤ ᠲᠥᠰᠦᠯ ᠲᠤᠭᠳᠠᠭᠠᠵᠠᠢ  ᠃ ᠡᠮ ᠤᠨ ᠵᠦᠢᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠰᠤᠭᠤᠯᠤᠨ ᠪᠠᠶᠢᠴᠠᠭᠠᠬᠤ ᠠᠵᠢᠯ ᠤᠨ ᠡᠮ ᠤᠨ  ᠵᠦᠢᠯ  ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠠᠶᠤᠯ ᠲᠦᠭᠰᠢᠭᠦᠷᠢ ᠶᠢ ᠬᠢᠨᠠᠨ ᠬᠡᠮᠵᠢᠬᠦ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠬᠤᠲᠠ ᠶᠢᠨ ᠲᠣᠪᠴᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ ᠡᠮ ᠤᠨ  ᠵᠦᠢᠯ ᠢ ᠰᠤᠭᠤᠴᠢᠨ ᠪᠠᠶᠢᠴᠠᠭᠠᠬᠤ ᠲᠥᠰᠦᠯ  ᠲᠣᠭᠲᠠᠭᠠᠵᠤ᠂ ᠦᠯᠢᠭᠡᠷ ᠠᠪᠬᠤ ᠡᠭᠦᠷᠭᠡ ᠪᠠ  ᠬᠠᠷᠢᠭᠤᠴᠠᠯᠭ᠎ᠠ  ᠶᠢ ᠲᠣᠳᠣᠷᠬᠠᠶᠢᠯᠠᠨ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ᠂ ᠠᠷᠠᠳ ᠠᠴᠠ ᠡᠵᠡᠩᠨᠡᠭᠰᠡᠨ ᠡᠮᠨᠡᠯᠭᠡ  ᠶᠢᠨ ᠬᠤᠷᠢᠶ᠎ᠠ᠂ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠡᠮᠴᠢᠯᠡᠭᠡᠨ ᠤ ᠭᠠᠵᠠᠷ ᠤᠨ ᠡᠮ ᠤᠨ ᠳᠡᠯᠭᠡᠭᠦᠷ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠦᠯᠢᠭᠡᠷ ᠠᠪᠬᠤ ᠭᠤᠤᠯᠳᠠᠯᠭ᠎ᠠ ᠲᠠᠢ ᠨᠢᠭᠡᠴᠡ ᠪᠤᠯᠭᠠᠵᠠᠢ  ᠃ ᠬᠤᠶᠠᠷ ᠲᠤ ᠠᠵᠢᠯ ᠤᠨ ᠬᠠᠷᠠᠯᠲᠠ ᠪᠠᠨ  ᠲᠤᠳᠤᠷᠬᠠᠶᠢᠯᠠᠪᠠ᠃ ᠡᠮ ᠤᠨ  ᠵᠦᠢᠯ ᠤᠨ ᠦᠯᠢᠭᠡᠷ ᠠᠪᠬᠤ ᠲᠥᠷᠥᠯ  ᠂ ᠦᠯᠢᠭᠡᠷ ᠠᠪᠬᠤ ᠲᠤᠭ᠎ᠠ ᠬᠡᠮᠵᠢᠶ᠎ᠡ᠂ ᠦᠯᠢᠭᠡᠷ ᠠᠪᠬᠤ ᠴᠠᠭ  ᠬᠤᠭᠤᠴᠠᠭᠠᠨ ᠤ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠬᠤᠭᠤᠴᠠᠭᠠᠨ ᠳᠣᠲᠣᠷ᠎ᠠ 40 ᠪᠦᠯᠦᠭ ᠰᠤᠭᠤᠴᠢᠨ ᠪᠠᠶᠢᠴᠠᠭᠠᠭᠰᠠᠨ ᠦᠯᠢᠭᠡᠷ ᠡᠳ᠋ ᠢ ᠤᠯᠠᠭᠠᠨᠬᠠᠳᠠ  ᠬᠤᠳᠠ  ᠶᠢᠨ ᠡᠮ ᠤᠨ  ᠵᠦᠢᠯ  ᠢ ᠰᠢᠯᠭᠠᠨ ᠪᠠᠶᠢᠴᠠᠭᠠᠬᠤ ᠭᠠᠵᠠᠷ ᠲᠤ ᠴᠠᠭ ᠲᠤᠬᠠᠶ ᠳᠤᠨᠢ ᠮᠡᠳᠡᠭᠦᠯᠦᠨ  ᠬᠦᠷᠭᠡᠪᠡ  ᠃ ᠭᠤᠷᠪᠠ ᠳᠤ ᠦᠯᠢᠭᠡᠷ ᠠᠪᠬᠤ ᠠᠷᠭ᠎ᠠ ᠶᠢ  ᠴᠢᠬᠤᠯᠠᠴᠢᠯᠠᠵᠠᠢ  ᠃ ︽ᠬᠢᠨᠠᠨ ᠪᠠᠶᠢᠴᠠᠭᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠯᠢᠭᠡᠷ ᠠᠪᠬᠤ ᠨᠢᠭᠡᠴᠡ ᠶᠢᠨ ᠬᠢᠷᠢ ᠬᠡᠮ᠂ ᠡᠮ ᠤᠨ ᠵᠦᠶ᠋ᠯ ᠢ ᠬᠠᠳᠠᠭᠠᠯᠠᠬᠤ ᠨᠥᠬᠦᠴᠡᠯ᠂ ᠬᠢᠵᠠᠭᠠᠷᠯᠠᠬᠤ  ᠠᠷᠭ᠎ᠠ  ᠬᠡᠮᠵᠢᠶ᠎ᠡ᠂ ᠬᠠᠳᠠᠭᠠᠯᠠᠬᠤ ᠲᠡᠮᠳᠡᠭ ᠲᠤ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠬᠢᠵᠦ᠂ ᠬᠢᠲᠠᠳ ᠡᠮ ᠤᠨ   ᠤᠭᠤᠤᠬᠤ ᠡᠮ ᠤᠨ ᠦᠯᠢᠭᠡᠷ ᠠᠪᠬᠤ ᠤᠤᠯ ᠤᠨ ᠪᠣᠭᠤᠳᠠᠯ ᠳᠣᠲᠣᠷ᠎ᠠ ᠪᠠᠶᠢᠬᠤ ᠶᠢ ᠦᠨᠡᠨᠬᠦ ᠪᠠᠲᠤᠯᠠᠨ᠎ᠠ᠃ ᠫᠢᠶᠣᠣ᠂ ᠳᠠᠩᠰᠠ᠂ ᠪᠠᠷᠠᠭ᠎ᠠ ᠲᠠᠢ ᠪᠠᠨ ᠬᠠᠷᠢᠯᠴᠠᠨ ᠨᠡᠶᠢᠴᠡᠭᠰᠡᠨ  ᠪᠠᠶᠢᠬᠤ  ᠬᠡᠷᠡᠭᠲᠡᠶ᠃ ᠳᠥᠷᠪᠡ ᠳᠤ ᠰᠤᠭᠤᠴᠢᠨ ᠪᠠᠶᠢᠴᠠᠭᠠᠬᠤ ᠭᠤᠤᠯᠳᠠᠯᠭ᠎ᠠ ᠶᠢ  ᠳᠤᠪᠤᠶᠢᠯᠭᠠᠪᠠ  ᠃ ᠳᠣᠤᠷ᠎ᠠ ᠳᠤᠯᠠᠭᠠᠨ ᠳᠤ ᠬᠦᠢᠲᠡᠨ ᠢᠶᠠᠷ ᠬᠠᠳᠠᠭᠠᠯᠠᠬᠤ᠂   ᠭᠦᠢᠯᠭᠡᠭᠡᠨ  ᠳᠤ ᠬᠡᠷᠡᠭᠯᠡᠬᠦ ᠭᠤᠭᠴᠣᠭᠠᠨ ᠳᠠᠬᠢ  ᠲᠦᠭᠰᠢᠭᠦᠷᠢ  ᠢᠶᠠᠷ ᠥᠨᠳᠥᠷ᠂ ᠡᠮᠴᠢᠯᠡᠭᠡᠨ ᠳᠤ ᠬᠡᠷᠡᠭᠯᠡᠬᠦ ᠬᠡᠮᠵᠢᠶ᠎ᠡ ᠪᠠᠷ ᠶᠡᠭᠡ᠂ ᠮᠠᠭᠤ ᠤᠷᠪᠠᠯ ᠢᠶᠠᠷ  ᠲᠦᠪᠯᠡᠷᠡᠭᠰᠡᠨ ᠵᠢᠴᠢ ᠳᠠᠭᠠᠭᠠᠴᠢᠯᠠᠯᠲᠠ ᠣᠯᠤᠭᠰᠠᠨ ᠦᠨ᠎ᠡ ᠬᠠᠩᠰᠢ ᠪᠠᠷ ᠳᠣᠤᠷ᠎ᠠ ᠪᠠᠶ᠋ᠭ᠎ᠠ ᠡᠮ ᠤᠨ ᠵᠦᠶ ᠳᠤ ᠭᠤᠤᠯᠳᠠᠯᠭ᠎ᠠ   ᠲᠠᠢ  ᠰᠤᠭᠤᠴᠢᠨ ᠪᠠᠶᠢᠴᠠᠭᠠᠯᠲᠠ   ᠬᠢᠵᠤ  ᠡᠮ ᠤᠨ ᠵᠦᠶ᠋ᠯ ᠤᠨ ᠰᠤᠭᠤᠴᠢᠨ ᠪᠠᠶᠢᠴᠠᠭᠠᠬᠤ  ᠬᠠᠷᠠᠯᠳᠠᠳᠤ  ᠴᠢᠨᠠᠷ  ᠢ  ᠴᠢᠩᠭᠠᠳᠬᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号