ᠯᠢᠨᠰᠢ ᠰᠢᠶᠠᠨ ᠤ ︽ᠳᠦᠷᠪᠡᠵᠢᠭᠦᠯᠦᠯᠲᠡ︾ ᠶᠢᠨ ᠠᠷᠭ᠎ᠠ ᠬᠡᠮᠵᠢᠶ᠎ᠡ ᠨᠢ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃
ᠨᠡᠶᠢᠲᠡᠯᠡᠭᠰᠡᠨ ᠴᠠᠭ᠄
2020-06-19
ᠯᠢᠨᠰᠢ ᠰᠢᠶᠠᠨ ᠤ ︽ᠳᠦᠷᠪᠡᠵᠢᠭᠦᠯᠦᠯᠲᠡ︾ ᠶᠢᠨ ᠠᠷᠭ᠎ᠠ ᠬᠡᠮᠵᠢᠶ᠎ᠡ ᠨᠢ ︽ᠬᠠᠮᠤᠭ ᠤᠨ ᠬᠦᠴᠦᠷᠬᠡᠭ ᠨᠠᠮ ᠤᠨ ᠡᠭᠦᠷ ︾ ᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃    ᠨᠢᠭᠡ ᠳᠤ ᠬᠠᠷᠠᠯᠲᠠ ᠡᠭᠦᠷᠭᠡ ᠶᠢ ᠪᠣᠳᠠᠲᠠᠶᠢᠵᠢᠭᠤᠯᠪᠠ᠃ ᠨᠠᠮ ᠤᠨ ᠬᠤᠷᠢᠶ᠎ᠠ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠵᠤ᠂ ᠪᠦᠬᠦ ᠤᠯᠤᠰ  ᠤᠨ ᠨᠠᠮ ᠤᠨ  ᠭᠡᠰᠢᠭᠦᠨ  ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠬᠦᠷᠢᠶ᠎ᠡ ᠴᠠᠷᠠᠭ᠎ᠠ᠂ ᠬᠤᠲᠠ ᠶᠢᠨ ᠬᠦᠷᠢᠶ᠎ᠡ ᠴᠠᠷᠠᠭ᠎ᠠ᠂ ᠠᠯᠪᠠᠨ ᠪᠠᠶᠢᠭᠤᠯᠭ᠎ᠠ ᠠᠵᠢᠯ  ᠦᠢᠯᠡᠰ  ᠤᠨ ᠨᠢᠭᠡᠴᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠬᠦᠷᠢᠶ᠎ᠡ ᠬᠡᠪᠴᠢᠶ᠎ᠡ ᠶᠢ ᠲᠤᠭᠳᠠᠭᠠᠵᠤ  ᠂ ᠤᠷᠢᠳᠠᠪᠠᠷ ᠬᠢᠯᠪᠠᠷ   ᠠᠴᠠ  ᠬᠦᠴᠢᠷ   ᠵᠦᠭ᠂ ᠯᠠᠪᠳᠠᠭᠤᠨ ᠢᠶᠠᠷ ᠳᠡᠭᠡᠭᠰᠢᠯᠡᠭᠦᠯᠬᠦ ᠵᠠᠷᠴᠢᠮ ᠶᠣᠰᠣᠭᠠᠷ᠂ ᠨᠠᠮ ᠤᠨ ᠡᠭᠦᠷ ᠢᠶᠠᠷ ᠨᠢᠭᠡᠴᠢ ᠪᠣᠯᠭᠠᠵᠤ᠂ ᠬᠤᠭᠤᠴᠠᠭᠠᠨ ᠳᠣᠲᠣᠷ᠎ᠠ ᠡᠭᠦᠳᠦᠨ ᠪᠠᠶᠢᠭᠤᠯᠬᠤ ᠲᠥᠯᠥᠪᠵᠢᠭᠦᠯᠪᠡ ᠪᠠ  ᠡᠭᠦᠳᠦᠨ ᠪᠠᠶᠢᠭᠤᠯᠬᠤ ᠲᠥᠯᠥᠪᠯᠡᠭᠡ  ᠲᠤᠭᠳᠠᠭᠭᠠᠵᠤ  ᠂ ᠦᠨᠳᠦᠰᠦᠨ ᠱᠠᠲᠤᠨ ᠤ ᠨᠠᠮ ᠤᠨ ᠬᠤᠷᠢᠶ᠎ᠠ ᠠᠴᠠ ᠳᠠᠩᠰᠠᠯᠠᠨ ᠬᠠᠮᠢᠶᠠᠷᠴᠤ᠂ 2020 ᠣᠨ ᠳᠤ ᠪᠥᠬᠦ ᠰᠢᠶᠠᠨ ᠢᠶᠠᠷ ᠢᠶᠠᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ  ᠬᠠᠷᠢᠴᠠᠯ  ᠨᠢ 20% ᠪᠣᠯᠤᠨ᠎ᠠ᠃    ᠬᠤᠶᠠᠷ ᠲᠤ ᠪᠠᠷᠢᠮᠵᠢᠶ᠎ᠠ ᠶᠢᠨ ᠲᠣᠬᠢᠷᠠᠭᠤᠯᠤᠯᠲᠠ ᠶᠢ ᠱᠠᠲᠤᠯᠢᠭ ᠪᠣᠯᠭᠠᠨ᠎ᠠ᠃ ︽ᠦᠨᠳᠦᠰᠦᠨ ᠪᠠᠶᠢᠷᠢᠯᠠᠭᠤᠯᠤᠯᠲᠠ ᠶᠢ ᠳᠦᠷᠢᠮᠵᠢᠭᠦᠯᠵᠦ᠂ ᠦᠨᠳᠦᠰᠦᠨ ᠡᠩᠨᠡᠭᠡ ᠶᠢ ᠪᠠᠶᠢᠭᠤᠯᠵᠤ᠂ ᠦᠨᠳᠦᠰᠦᠨ ᠳᠦᠷᠢᠮ ᠢ ᠨᠠᠶᠢᠳᠠᠪᠤᠷᠢᠵᠢᠭᠤᠯᠵᠤ᠂ ᠦᠨᠳᠦᠰᠦᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠦᠨᠳᠦᠰᠦᠨ  ᠦᠢᠯᠡᠳᠦᠯ  ᠢ  ᠪᠠᠳᠠᠷᠠᠭᠤᠯᠬᠤ︾ ᠪᠠᠷ ᠪᠠᠷᠢᠮᠵᠢᠶᠠᠵᠢᠭᠰᠠᠨ ᠵᠢᠷᠤᠮᠵᠢᠭᠤᠯᠤᠭᠰᠠᠨ ᠨᠠᠮ ᠤᠨ ᠡᠭᠦᠷ ᠤᠨ ᠰᠠᠭᠤᠷᠢ ᠨᠥᠬᠦᠴᠡᠯ ᠪᠣᠯᠭᠠᠵᠠᠶ᠃ ︽ᠤᠯᠤᠰ ᠲᠥᠷᠥ ᠶᠢᠨ ᠴᠢᠳᠠᠮᠵᠢ ᠴᠢᠩᠭ᠎ᠠ᠂ ᠡᠩᠨᠡᠭᠡᠨ ᠤ ᠪᠠᠶᠢᠭᠤᠯᠤᠯᠲᠠ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠴᠢᠩᠭ᠎ᠠ᠂ ᠦᠢᠯᠡᠳᠦᠯ ᠪᠠᠳᠠᠷᠠᠭᠰᠠᠨ︾ ᠲᠠᠢ ᠬᠠᠷᠢᠴᠠᠭᠤᠯᠵᠤ᠂ ᠬᠥᠳᠡᠭᠡ ᠲᠣᠰᠬᠤᠨ ᠂ ᠨᠡᠶᠢᠭᠡᠮ ᠲᠣᠭᠤᠷᠢᠭ᠂ ᠪᠠᠶᠢᠭᠤᠯᠭ᠎ᠠ᠂ ᠤᠯᠤᠰ ᠠᠴᠠ ᠥᠮᠴᠢᠯᠡᠯᠲᠡ ᠠᠵᠤ ᠠᠬᠤᠶᠢᠯᠠᠯ᠂  ᠨᠡᠶᠢᠲᠡ  ᠶᠢᠨ ᠪᠤᠰᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠶᠢᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠲᠣᠰ ᠲᠣᠰ ᠲᠣᠭᠲᠠᠭᠠᠵᠤ᠂ ᠨᠠᠮ ᠤᠨ ᠡᠭᠦᠷ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠱᠠᠲᠤᠯᠠᠨ ᠲᠡᠰ ᠳᠡᠪᠰᠢᠭᠦᠯᠬᠦ ᠶᠢ ᠠᠬᠢᠭᠤᠯᠤᠨ᠎ᠠ᠃       ᠭᠤᠷᠪᠠ ᠳᠤ ᠰᠢᠯᠭᠠᠨ ᠦᠨᠡᠯᠡᠬᠦ ᠰᠢᠯᠭᠠᠨ ᠠᠪᠬᠤ  ᠶᠢ ᠲᠠᠷᠠᠭᠠᠯᠠᠯ ᠲᠠᠢ  ᠪᠤᠯᠭᠠᠪᠠ  ᠃ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠪᠣᠯᠤᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠳᠠ   ᠶᠢᠨ ︽ᠠᠷᠪᠠᠨ ᠣᠳᠣᠨ ᠳᠡᠰ︾ ᠤᠨ ᠬᠠᠮᠢᠶᠠᠷᠤᠯᠲᠠ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ︽ᠭᠤᠷᠪᠠᠨ ᠱᠠᠲᠤ ᠶᠢ ᠬᠡᠮᠵᠢᠶᠡᠵᠢᠭᠦᠯᠬᠦ︾ ᠬᠢᠨᠠᠨ ᠰᠢᠯᠭᠠᠯᠲᠠ ᠵᠡᠷᠭᠡ ᠦᠨᠳᠦᠰᠦᠨ ᠱᠠᠲᠤᠨ ᠤ ᠨᠠᠮ ᠤᠨ ᠪᠠᠶᠢᠭᠤᠯᠤᠯᠳᠠ  ᠶᠢᠨ ᠠᠵᠢᠯ ᠤᠨ ᠠᠴᠢᠶᠠᠯᠠᠪᠤᠷᠢ ᠶᠢ ᠣᠷᠭᠠᠨᠢᠭ ᠢᠶᠠᠷ ᠤᠶᠠᠯᠳᠤᠭᠤᠯᠵᠤ᠂ ︽ᠨᠠᠮ ᠤᠨ ᠡᠭᠦᠷ ᠤᠨ ᠭᠤᠶᠤᠴᠢᠯᠠᠯ ᡺ ᠦᠨᠳᠦᠰᠦᠨ ᠱᠠᠲᠤᠨ ᠤ ᠨᠠᠮ ︵ ᠠᠵᠢᠯ︶ ᠤᠨ ᠨᠠᠮ ᠤᠨ ᠬᠤᠷᠢᠶᠠᠨ ᠤ ᠰᠢᠯᠭᠠᠨ ᠦᠨᠡᠯᠡᠬᠦ ᡺ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠰᠢᠯᠭᠠᠨ ᠠᠪᠬᠤ︾ ᠳᠡᠰ ᠳᠠᠷᠠᠭᠠᠯᠠᠯ ᠶᠣᠰᠣᠭᠠᠷ᠂ ᠨᠠᠮ ᠤᠨ ᠡᠭᠦᠷ ᠨᠢᠭᠡᠪᠦᠷᠢ ᠶᠢ ᠦᠨᠡᠯᠡᠨ ᠰᠢᠯᠭᠠᠵᠤ᠂ ᠦᠨᠡᠯᠡᠭᠰᠡᠨ ᠦᠷ᠎ᠡ ᠳ᠋ᠦᠩ ᠢ ᠰᠢᠯᠭᠠᠨ ᠪᠠᠶᠢᠴᠠᠭᠠᠵᠤ  ᠲᠡᠶᠢᠯᠬᠦ ᠶᠢ ᠦᠨᠡᠨ ᠬᠦ  ᠪᠠᠳᠠᠤᠯᠠᠪᠠ  ᠃     ᠲᠦᠷᠪᠡ ᠳᠤ  ᠦᠢᠯᠡᠴᠢᠯᠡᠭᠡᠨ ᠤ ᠪᠠᠲᠤᠯᠠᠭ᠎ᠠ  ᠶᠢ  ᠰᠢᠰᠲ᠋ᠧᠮ   ᠲᠠᠢ ᠪᠤᠯᠭᠠᠪᠠ  ᠃ ᠬᠠᠷᠠᠭᠠᠯᠵᠠᠯ ᠢ ᠪᠠᠲᠤᠯᠠᠬᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ︽ᠬᠠᠮᠤᠭ ᠤᠨ ᠴᠢᠩᠭ᠎ᠠ ᠨᠠᠮ ᠤᠨ ᠡᠭᠦᠷ︾ ᠨᠢ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ  ᠪᠦᠷᠢᠯᠳᠤᠭᠦᠨ  ᠤ 2020 ᠣᠨ ᠤ ᠣᠯᠭᠤᠮᠵᠢ ᠬᠠᠷᠠᠮᠵᠢ ᠶᠢᠨ ᠪᠥᠬᠦ ᠲᠣᠭᠠᠨ ᠤ 10% ᠪᠠᠷ ᠨᠢᠭᠡ ᠯᠡ ᠤᠳᠠᠭ᠎ᠠ ᠶᠢᠨ  ᠲᠤᠰᠬᠠᠶ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠯ ᠣᠯᠭᠤᠨ᠎ᠠ︔ ᠡᠭᠦᠨ ᠤ ᠬᠠᠮᠲᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠩ ᠤᠨ ᠪᠠᠲᠤᠯᠠᠭ᠎ᠠ ᠶᠢᠨ ᠪᠠᠷᠢᠮᠵᠢᠶ᠎ᠠ 9 ᠲᠦᠮᠡᠨ ᠲᠥᠭᠦᠷᠢᠭ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠡᠩ ᠤᠨ ᠪᠠᠲᠤᠯᠠᠭ᠎ᠠ ᠶᠢᠨ ᠪᠠᠷᠢᠮᠵᠢᠶ᠎ᠠ 8 ᠲᠦᠮᠡᠨ ᠲᠥᠭᠦᠷᠢᠭ᠂ ᠪᠤᠰᠤᠳ ᠬᠦᠷᠢᠶ᠎ᠡ ᠴᠠᠷᠠᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠡᠩ ᠤᠨ  ᠪᠠᠳᠤᠯᠠᠭ᠎ᠠ ᠶᠢᠨ ᠪᠠᠷᠢᠮᠵᠢᠶ᠎ᠠ ᠨᠢ 5000 ᠲᠥᠭᠦᠷᠢᠭ ᠠᠴᠠ ᠳᠤᠲᠠᠭᠤ ᠥᠬᠡᠶ ᠪᠠᠶᠢᠬᠤ ᠰᠠᠭᠤᠷᠢᠨ ᠳᠡᠭᠡᠷ᠎ᠡ᠂ 30% ᠪᠠᠷ ᠥᠰᠬᠡᠵᠦ ᠬᠡᠯᠪᠠᠶᠢᠯᠭᠡᠨ᠎ᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号