ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2020/6/19
ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ    ︵2008 ᠣᠨ ᠤ 12 ᠳ᠋ᠤᠭᠠᠷ ᠰᠠᠷ᠎ᠠ ᠶᠢᠨ 31 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 163 ᠳ᠋ᠤᠭᠠᠷ ᠲᠣᠭᠠᠲᠤ ᠪᠠᠷ ᠨᠡᠶᠢᠲᠡᠯᠡᠪᠡ 2018 ᠣᠨ ᠤ 1 ᠳ᠋ᠤᠭᠡᠷ ᠰᠠᠷ᠎ᠠ ᠶᠢᠨ 16 ᠤ ᠡᠳᠦᠷ ︽ᠵᠠᠰᠠᠭ ᠤᠨ ᠣᠷᠳᠣᠨ ᠤ ᠬᠡᠰᠡᠭ ᠳᠦᠷᠢᠮ ᠲᠣᠭᠲᠠᠭᠠᠯ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠨ ᠵᠠᠰᠠᠪᠤᠷᠢ ᠣᠷᠣᠭᠤᠯᠪᠠ︶ ᠨᠢᠭᠡᠳᠦᠭᠡᠷ ᠵᠦᠢᠯ ᠲᠠᠯ᠎ᠠ ᠨᠤᠲᠤᠭ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠠᠵᠢᠯᠯᠠᠭ᠎ᠠ ᠶᠢ ᠵᠢᠷᠤᠮᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠶᠢᠨ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠤᠳᠠᠳᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠠᠵᠢᠯᠯᠠᠭ᠎ᠠ ᠬᠢᠬᠦ ᠳᠤ ᠲᠤᠰ ᠠᠷᠭ᠎ᠠ ᠶᠢ ᠵᠢᠷᠤᠮᠯᠠᠨ ᠰᠠᠬᠢᠬᠤ ᠬᠡᠷᠡᠭᠲᠡᠢ᠃ ᠭᠤᠷᠪᠠᠳᠤᠭᠠᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠳᠤ ᠵᠦᠢ ᠵᠣᠬᠢᠰᠲᠠᠢ ᠲᠡᠭᠦᠵᠦ ᠴᠤᠭᠯᠠᠭᠤᠯᠬᠤ᠂ ᠦᠷᠬᠦᠯᠵᠢᠯᠡᠭᠦᠯᠦᠨ ᠠᠰᠢᠭᠯᠠᠬᠤ ᠵᠠᠷᠴᠢᠮ ᠢ ᠵᠢᠷᠤᠮᠯᠠᠬᠤ ᠬᠡᠷᠡᠭᠲᠡᠢ᠃ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠤᠲᠤᠭ ᠪᠡᠯᠴᠢᠭᠡᠷ ᠲᠤ ᠬᠢᠨᠠᠯᠲᠠ ᠲᠠᠯᠪᠢᠵᠤ ᠬᠠᠮᠢᠶᠠᠷᠬᠤ ᠪᠠᠶᠢᠭᠤᠯᠤᠮᠵᠢ ᠨᠤᠭᠤᠳ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠳᠤ ᠪᠤᠳᠠᠲᠠᠢ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ᠃ ᠲᠠᠪᠤᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠬᠤᠳᠠᠯᠳᠤᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠮ ᠬᠠᠷᠢᠯᠴᠠᠭ᠎ᠠ᠂ ᠢᠳᠡᠭᠡᠨ ᠪᠠ ᠡᠮ ᠤᠨ ᠵᠦᠢᠯ ᠳᠤ ᠬᠢᠨᠠᠯᠲᠠ ᠲᠠᠯᠪᠢᠬᠤ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠲᠠᠯ᠎ᠠ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠰᠠᠶᠢᠳᠤᠷ ᠬᠢᠬᠦ ᠬᠡᠷᠡᠭᠲᠡᠢ᠃ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠵᠢᠴᠢ ᠤᠷᠭᠤᠯᠲᠠ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ᠃ ᠶᠠᠮᠠᠷᠪᠠ ᠨᠢᠭᠡᠴᠡ ᠪᠠ ᠬᠤᠪᠢ ᠬᠥᠮᠥᠨ ᠭᠡᠳ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠬᠤ ᠪᠤᠶᠤ ᠤᠷᠭᠤᠯᠲᠠ ᠶᠢᠨ ᠣᠷᠴᠢᠨ ᠲᠣᠭᠤᠷᠢᠨ ᠢ ᠡᠪᠳᠡᠬᠦ ᠶᠢ ᠴᠠᠭᠠᠵᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠢ ᠬᠠᠮᠠᠭᠠᠯᠠᠬᠤ ᠬᠡᠷᠡᠭᠴᠡᠭᠡ ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠨᠡᠷᠡᠰ ᠤᠨ ᠲᠡᠭᠦᠪᠦᠷᠢ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠬᠦ ᠬᠡᠷᠡᠭᠲᠡᠢ᠃ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠱᠠᠲᠤᠨ ᠤ ᠪᠠᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠬᠤ ᠲᠥᠯᠥᠪᠵᠢᠭᠦᠯᠭᠡ ᠪᠠᠨ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠠᠷᠠᠭ᠎ᠠ ᠨᠢᠭᠡ ᠵᠢᠯ ᠤᠨ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠵᠢᠯ ᠪᠦᠷᠢ ᠶᠢᠨ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ᠂ ᠠᠰᠢᠭᠯᠠᠬᠤ ᠲᠥᠯᠥᠪᠵᠢᠭᠦᠯᠭᠡ ᠪᠣᠯᠣᠨ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠱᠠᠲᠤ ᠳᠠᠷᠠᠭᠠᠯᠠᠨ ᠳᠡᠭᠡᠭᠰᠢ ᠮᠡᠳᠡᠭᠦᠯᠦᠭᠰᠡᠨ ᠲᠡᠭᠦᠵᠦ ᠴᠤᠭᠯᠠᠭᠤᠯᠬᠤ ᠲᠥᠯᠥᠪᠯᠡᠭᠡ ᠶᠢ ᠦᠨᠳᠦᠰᠦᠯᠡᠨ᠂ ᠲᠤᠰ ᠣᠨ ᠳᠠᠬᠢ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠬᠦ ᠬᠡᠷᠡᠭᠲᠡᠢ᠃ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠠᠮᠢᠳᠤ ᠪᠣᠳᠠᠰ ᠤᠨ ᠤᠬᠠᠭᠠᠨ ᠤ ᠣᠨᠴᠠᠯᠢᠭ ᠰᠢᠨᠵᠢ ᠪᠣᠯᠣᠨ ᠡᠬᠢ ᠪᠠᠶᠠᠯᠢᠭ ᠤᠨ ᠨᠡᠮᠡᠭᠳᠡᠯ ᠬᠠᠰᠤᠭᠳᠠᠯ ᠤᠨ ᠪᠠᠶᠢᠳᠠᠯ ᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠲᠡᠭᠦᠬᠦ ᠶᠢ ᠴᠠᠭᠠᠵᠠᠯᠠᠬᠤ ᠬᠤᠭᠤᠴᠠᠭ᠎ᠠ ᠪᠣᠯᠣᠨ ᠲᠡᠭᠦᠬᠦ ᠶᠢ ᠴᠠᠭᠠᠵᠠᠯᠠᠬᠤ ᠣᠷᠣᠨ ᠢ ᠲᠣᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠢᠶᠠᠨ ᠵᠥᠪᠰᠢᠶᠡᠷᠡᠭᠦᠯᠦᠭᠡᠳ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠲᠡᠭᠦᠬᠦ ᠶᠢ ᠴᠠᠭᠠᠵᠠᠯᠠᠬᠤ ᠬᠤᠭᠤᠴᠠᠭ᠎ᠠ ᠪᠣᠯᠣᠨ ᠲᠡᠭᠦᠬᠦ ᠶᠢ ᠴᠠᠭᠠᠵᠠᠯᠠᠬᠤ ᠣᠷᠣᠨ ᠳᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠲᠡᠭᠦᠬᠦ ᠶᠢ ᠴᠠᠭᠠᠵᠠᠯᠠᠨ᠎ᠠ᠃ ᠶᠢᠰᠦᠳᠦᠭᠡᠷ ᠵᠦᠢᠯ ᠴᠥᠯᠯᠡᠷᠬᠡᠭ᠂ ᠬᠠᠭᠠᠰ ᠴᠦᠯᠯᠡᠷᠬᠡᠭ ᠪᠠ ᠬᠥᠨᠳᠦ ᠨᠣᠴᠢᠲᠠᠢ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠴᠦᠯᠯᠡᠷᠬᠡᠭᠵᠢᠭᠰᠡᠨ ᠪᠠ ᠬᠥᠷᠥᠰᠥ ᠰᠢᠷᠤᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠲᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠲᠡᠭᠦᠵᠦ ᠴᠤᠭᠯᠠᠭᠤᠯᠬᠤ ᠶᠢ ᠴᠠᠭᠠᠵᠠᠯᠠᠨ᠎ᠠ᠃ ᠠᠷᠪᠠᠳᠤᠭᠠᠷ ᠵᠦᠢᠯ ᠪᠤᠰᠤᠳ ᠤᠨ ᠳᠠᠭᠠᠭᠠᠴᠢᠯᠠᠭᠰᠠᠨ ᠪᠤᠶᠤ ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠳᠤ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠪᠤᠶᠤ ᠨᠤᠲᠤᠭ ᠪᠡᠯᠴᠢᠭᠡᠷ ᠤᠨ ᠬᠡᠷᠡᠭᠯᠡᠭᠴᠢ ᠶᠢᠨ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠢ᠃ ᠠᠷᠪᠠᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠳ ᠨᠤᠲᠤᠭ ᠪᠡᠯᠴᠢᠭᠡᠷ ᠲᠤ ᠤᠬᠤᠵᠤ ᠮᠠᠯᠲᠠᠭᠰᠠᠨ ᠨᠦᠬᠡ ᠪᠠᠨ ᠴᠠᠭ ᠲᠤᠬᠠᠢ ᠳᠤᠨᠢ ᠪᠥᠭᠯᠡᠬᠦ ᠬᠡᠷᠡᠭᠲᠡᠢ᠃ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠳᠤ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠲᠠ ᠶᠢ ᠰᠡᠷᠭᠦᠭᠡᠬᠦ ᠰᠦᠢᠳᠬᠡᠯ ᠢ ᠬᠠᠤᠯᠢ ᠶᠣᠰᠣᠭᠠᠷ ᠲᠤᠰᠢᠶᠠᠬᠤ ᠬᠡᠷᠡᠭᠲᠡᠢ᠃ ᠠᠷᠪᠠᠨ ᠬᠤᠶᠠᠳᠤᠭᠠᠷ ᠵᠦᠢᠯ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠨ ᠠᠪᠬᠤ ᠶᠢ ᠴᠠᠭᠠᠵᠠᠯᠠᠨ᠎ᠠ᠃ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠳᠤ᠂ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠵᠥᠪᠰᠢᠶᠡᠷᠡᠯ ᠤᠨ ᠳᠦᠷᠢᠮ ᠢ ᠬᠡᠷᠡᠭᠵᠢᠭᠦᠯᠬᠦ ᠬᠡᠷᠡᠭᠲᠡᠢ᠃ ᠠᠷᠪᠠᠨ ᠭᠤᠷᠪᠠᠳᠤᠭᠠᠷ ᠵᠦᠢᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠪᠠᠷ ᠭᠤᠶᠤᠴᠢᠯᠠᠭᠰᠠᠨ ᠲᠥᠷᠥᠯ ᠪᠣᠯᠣᠨ ᠲᠤᠭ᠎ᠠ ᠬᠡᠮᠵᠢᠶ᠎ᠡ ᠨᠢ ᠲᠤᠰ ᠣᠨ ᠳᠠᠬᠢ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠬᠢᠭᠡᠳ ᠬᠤᠳᠠᠯᠳᠤᠵᠤ ᠠᠪᠬᠤ ᠲᠥᠯᠥᠪᠯᠡᠭᠡ ᠯᠦᠭᠡ ᠨᠡᠶᠢᠴᠡᠭᠰᠡᠨ ᠪᠠᠶᠢᠬᠤ ᠬᠡᠷᠡᠭᠲᠡᠢ᠃ ᠠᠷᠪᠠᠨ ᠳᠥᠷᠪᠡᠳᠦᠭᠡᠷ ᠵᠦᠢᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠪᠠᠷ ᠭᠤᠶᠤᠴᠢᠯᠠᠬᠤ ᠳᠤ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠭᠤᠶᠤᠴᠢᠯᠠᠯ ᠤᠨ ᠬᠦᠰᠦᠨᠦᠭᠲᠦ ᠶᠢ ᠲᠠᠭᠯᠠᠵᠤ᠂ ᠭᠤᠶᠤᠴᠢᠯᠠᠯ ᠤᠨ ᠮᠠᠲ᠋ᠧᠷᠢᠶᠠᠯ ᠢᠶᠠᠨ ᠲᠡᠭᠦᠵᠦ ᠴᠤᠭᠯᠠᠭᠤᠯᠬᠤ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ᠂ ᠬᠢᠨᠠᠭᠰᠠᠨ ᠰᠠᠨᠠᠯ ᠢᠶᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠭᠤᠯᠬᠤ ᠮᠠᠲ᠋ᠧᠷᠢᠶᠠᠯ ᠢ ᠭᠠᠷᠳᠠᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ᠂ ᠨᠦᠬᠦᠴᠡᠯ ᠳᠤ ᠨᠡᠶᠢᠴᠡᠬᠦ ᠳᠤᠨᠢ ᠲᠡᠭᠦᠵᠦ ᠴᠤᠭᠯᠠᠭᠤᠯᠬᠤ ᠦᠨᠡᠮᠯᠡᠯ ᠣᠯᠭᠤᠬᠤ ᠬᠡᠷᠡᠭᠲᠡᠢ︔ ᠨᠦᠬᠦᠴᠡᠯ ᠳᠤ ᠨᠡᠶᠢᠴᠡᠬᠦ ᠦᠭᠡᠢ ᠳᠤᠨᠢ ᠰᠢᠯᠲᠠᠭᠠᠨ ᠢ ᠨᠢ ᠪᠢᠴᠢᠭ ᠢᠶᠠᠷ ᠲᠣᠳᠣᠷᠬᠠᠶᠢᠯᠠᠵᠤ ᠥᠭᠬᠦ ᠬᠡᠷᠡᠭᠲᠡᠢ᠃ ᠠᠷᠪᠠᠨ ᠲᠠᠪᠤᠳᠤᠭᠠᠷ ᠵᠦᠢᠯ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠪᠠᠷ ᠭᠤᠶᠤᠴᠢᠯᠠᠬᠤ ᠳᠤ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠭᠤᠶᠤᠴᠢᠯᠠᠯ ᠤᠨ ᠬᠦᠰᠦᠨᠦᠭᠲᠦ ᠶᠢ ᠲᠠᠭᠯᠠᠵᠤ᠂ ᠵᠢᠯ ᠪᠦᠷᠢ ᠶᠢᠨ 3 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠭᠤᠶᠤᠴᠢᠯᠠᠯ ᠤᠨ ᠮᠠᠲ᠋ᠧᠷᠢᠶᠠᠯ ᠢᠶᠠᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠡᠳᠦᠷ ᠠᠴᠠ ᠡᠬᠢᠯᠡᠨ ᠳᠣᠯᠣᠭᠠᠨ ᠠᠵᠢᠯᠯᠠᠬᠤ ᠡᠳᠦᠷ ᠤᠨ ᠳᠣᠲᠣᠷ᠎ᠠ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠯᠠᠮᠵᠢᠯᠠᠨ ᠬᠦᠷᠭᠡᠬᠦ ᠬᠡᠷᠡᠭᠲᠡᠢ᠃ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠣᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠳᠣᠲᠣᠷ᠎ᠠ᠂ ᠨᠦᠬᠦᠴᠡᠯ ᠳᠤ ᠨᠡᠶᠢᠴᠡᠬᠦ ᠶᠢ ᠨᠢ ᠵᠥᠪᠰᠢᠶᠡᠷᠡᠬᠦ ᠬᠡᠷᠡᠭᠲᠡᠢ︔ ᠨᠦᠬᠦᠴᠡᠯ ᠳᠤ ᠨᠡᠶᠢᠴᠡᠬᠦ ᠦᠭᠡᠢ ᠳᠤᠨᠢ ᠰᠢᠯᠲᠠᠭᠠᠨ ᠢ ᠨᠢ ᠪᠢᠴᠢᠭ ᠢᠶᠠᠷ ᠲᠣᠳᠣᠷᠬᠠᠶᠢᠯᠠᠵᠤ ᠥᠭᠬᠦ ᠬᠡᠷᠡᠭᠲᠡᠢ᠃ ᠠᠷᠪᠠᠨ ᠵᠢᠷᠭᠤᠳᠤᠭᠠᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠪᠣᠯᠣᠨ ᠬᠤᠳᠠᠯᠳᠤᠨ ᠠᠪᠬᠤ ᠶᠢ ᠵᠥᠪᠰᠢᠶᠡᠷᠡᠭᠰᠡᠨ ᠲᠣᠭᠲᠠᠭᠠᠯ ᠤᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ ᠪᠣᠯᠣᠨ᠎ᠠ᠃ ᠠᠷᠪᠠᠨ ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠭᠤᠶᠤᠴᠢᠯᠠᠯ ᠤᠨ ᠬᠦᠰᠦᠨᠦᠭᠲᠦ᠂ ᠬᠤᠳᠠᠯᠳᠤᠵᠤ ᠠᠪᠬᠤ ᠭᠤᠶᠤᠴᠢᠯᠠᠯ ᠤᠨ ᠬᠦᠰᠦᠨᠦᠭᠲᠦ ᠪᠣᠯᠣᠨ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠢ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠲᠦᠯᠲᠡᠢ ᠳᠠᠷᠤᠮᠠᠯᠯᠠᠨ ᠵᠣᠬᠢᠶᠠᠨ᠎ᠠ᠃ ᠠᠷᠪᠠᠨ ᠨᠠᠢᠮᠠᠳᠤᠭᠠᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠪᠣᠯᠣᠨ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠢ ᠬᠤᠳᠠᠯ ᠬᠠᠭᠤᠷᠮᠠᠭ ᠢᠶᠠᠷ ᠵᠣᠬᠢᠶᠠᠵᠤ᠂ ᠪᠠᠯᠠᠯᠤᠨ ᠥᠭᠡᠷᠡᠴᠢᠯᠡᠵᠦ᠂ ᠰᠢᠯᠵᠢᠭᠦᠯᠦᠨ ᠥᠭᠴᠦ᠂ ᠰᠠᠷᠢᠭᠠᠯᠠᠵᠤ᠂ ᠲᠦᠷᠢᠶᠡᠰᠦᠯᠡᠵᠦ᠂ ᠵᠢᠭᠡᠯᠡᠭᠦᠯᠵᠦ ᠪᠣᠯᠬᠤ ᠦᠭᠡᠢ᠃ ᠠᠷᠪᠠ ᠶᠢᠰᠦᠳᠦᠭᠡᠷ ᠵᠦᠢᠯ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠢ ᠣᠯᠣᠭᠰᠠᠨ ᠪᠣᠯ᠂ ᠲᠡᠭᠦᠵᠦ ᠴᠤᠭᠯᠠᠭᠤᠯᠬᠤ ᠦᠨᠡᠮᠯᠡᠯ᠂ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠳᠤ ᠲᠣᠭᠲᠠᠭᠠᠭᠰᠠᠨ ᠤᠷᠭᠤᠮᠠᠯ ᠤᠨ ᠲᠥᠷᠥᠯ᠂ ᠣᠷᠣᠨ᠂ ᠬᠤᠭᠤᠴᠠᠭ᠎ᠠ ᠬᠢᠵᠠᠭᠠᠷ᠂ ᠲᠤᠭ᠎ᠠ ᠬᠡᠮᠵᠢᠶ᠎ᠡ ᠪᠣᠯᠣᠨ ᠠᠷᠭ᠎ᠠ ᠶᠢᠨ ᠶᠣᠰᠣᠭᠠᠷ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠬᠡᠷᠡᠭᠲᠡᠢ᠃ ᠬᠤᠷᠢᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠰ ᠵᠠᠰᠠᠭ ᠵᠠᠬᠢᠷᠭᠠᠨ ᠤ ᠣᠷᠣᠨ ᠢᠶᠠᠷ ᠣᠷᠣᠵᠤ ᠭᠠᠷᠬᠤ ᠭᠤᠣᠯᠳᠠᠯᠭ᠎ᠠ ᠲᠠᠢ ᠨᠡᠪᠲᠡᠷᠡᠬᠦ ᠵᠠᠮ ᠳᠤ ᠲᠦᠷ ᠴᠠᠭ ᠤᠨ ᠪᠠᠶᠢᠴᠠᠭᠠᠬᠤ ᠥᠷᠲᠡᠭᠡ ᠪᠠᠶᠢᠭᠤᠯᠤᠨ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠲᠡᠭᠦᠵᠦ ᠴᠤᠭᠯᠠᠭᠤᠯᠬᠤ ᠪᠠ ᠬᠤᠳᠠᠯᠳᠤᠵᠤ ᠠᠪᠬᠤ ᠬᠥᠮᠥᠰ ᠤᠨ ᠨᠤᠲᠤᠭ ᠪᠡᠯᠴᠢᠭᠡᠷ ᠲᠠᠢ ᠭᠠᠵᠠᠷ ᠢᠶᠠᠷ ᠣᠷᠣᠵᠤ ᠢᠷᠡᠬᠦ ᠪᠤᠶᠤ ᠭᠠᠷᠴᠤ ᠶᠠᠪᠤᠬᠤ ᠶᠢ ᠪᠠᠶᠢᠴᠠᠭᠠᠨ ᠬᠤᠷᠢᠭᠯᠠᠬᠤ ᠬᠡᠷᠡᠭᠲᠡᠢ᠃ ᠬᠤᠷᠢᠨ ᠨᠢᠭᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ᠂ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠤᠷᠭᠤᠮᠠᠯ ᠤᠨ ᠬᠠᠮᠠᠭᠠᠯᠠᠯᠲᠠ ᠶᠢᠨ ᠳᠦᠷᠢᠮ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ᠄ ︵ᠨᠢᠭᠡ︶ ᠲᠡᠭᠦᠬᠦ ᠶᠢ ᠴᠠᠭᠠᠵᠠᠯᠠᠬᠤ ᠬᠤᠭᠤᠴᠠᠭ᠎ᠠ ᠪᠤᠶᠤ ᠲᠡᠭᠦᠬᠦ ᠶᠢ ᠴᠠᠭᠠᠵᠠᠯᠠᠬᠤ ᠣᠷᠣᠨ ᠳᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠨ︔ ︵ᠬᠤᠶᠠᠷ︶ ᠴᠥᠯᠯᠡᠷᠬᠡᠭ᠂ ᠬᠠᠭᠠᠰ ᠴᠦᠯᠯᠡᠷᠬᠡᠭ ᠪᠠ ᠬᠥᠨᠳᠦ ᠨᠣᠴᠢᠲᠠᠢ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠴᠦᠯᠯᠡᠷᠬᠡᠭᠵᠢᠭᠰᠡᠨ ᠪᠠ ᠬᠦᠷᠦᠰᠦ ᠰᠢᠷᠤᠢ ᠢᠳᠡᠭᠳᠡᠭᠰᠡᠨ ᠨᠤᠲᠤᠭ ᠪᠡᠯᠴᠢᠭᠡᠷ ᠵᠢᠴᠢ ᠠᠮᠢ ᠠᠬᠤᠢ ᠬᠡᠪᠡᠷᠡᠭ ᠣᠷᠣᠨ ᠤ ᠨᠤᠲᠤᠭ ᠪᠡᠯᠴᠢᠭᠡᠷ ᠳᠡᠭᠡᠷ᠎ᠡ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠨ︔ ︵ᠭᠤᠷᠪᠠ︶ ᠪᠤᠰᠤᠳ ᠤᠨ ᠳᠠᠭᠠᠭᠠᠴᠢᠯᠠᠵᠤ ᠡᠵᠡᠩᠨᠡᠬᠦ ᠡᠷᠬᠡ ᠪᠤᠶᠤ ᠬᠡᠷᠡᠭᠯᠡᠬᠦ ᠡᠷᠬᠡ ᠲᠠᠢ ᠨᠤᠲᠤᠭ ᠪᠡᠯᠴᠢᠭᠡᠷ ᠲᠤ ᠬᠠᠤᠯᠢ ᠪᠤᠰᠤ ᠪᠠᠷ ᠣᠷᠣᠵᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠨ︔ ︵ᠳᠥᠷᠪᠡ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠠᠳ ᠨᠤᠲᠤᠭ ᠪᠡᠯᠴᠢᠭᠡᠷ ᠲᠤ ᠤᠬᠤᠵᠤ ᠮᠠᠯᠲᠠᠭᠰᠠᠨ ᠨᠦᠬᠡ ᠪᠠᠨ ᠴᠠᠭ ᠲᠤᠬᠠᠢ ᠳᠤᠨᠢ ᠪᠦᠭᠯᠡᠭᠰᠡᠨ ᠦᠭᠡᠢ︔ ︵ᠲᠠᠪᠤ︶ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠲᠠᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠤᠭᠰᠠᠨ᠂ ᠬᠤᠳᠠᠯᠳᠤᠵᠤ ᠠᠪᠤᠭᠰᠠᠨ︔ ︵ᠵᠢᠷᠭᠤᠭ᠎ᠠ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠣᠯᠣᠭᠠᠳᠤᠢ ᠪᠠᠷ ᠪᠤᠶᠤ ᠲᠡᠭᠦᠵᠦ ᠴᠤᠭᠯᠠᠭᠤᠯᠬᠤ ᠦᠨᠡᠮᠯᠡᠯ ᠳᠠᠬᠢ ᠲᠣᠭᠲᠠᠭᠠᠯ ᠢ ᠥᠯᠥ ᠵᠢᠷᠤᠮᠯᠠᠨ ᠲᠡᠭᠦᠵᠦ ᠴᠤᠭᠯᠠᠭᠤᠯᠤᠭᠰᠠᠨ︔ ︵ᠳᠣᠯᠤᠭ᠎ᠠ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠣᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠢ ᠣᠯᠣᠭᠠᠳᠤᠢ ᠪᠠᠷ ᠪᠤᠶᠤ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠳᠤ ᠲᠣᠭᠲᠠᠭᠠᠭᠰᠠᠨ ᠶᠣᠰᠣᠭᠠᠷ ᠬᠤᠳᠠᠯᠳᠤᠵᠤ ᠠᠪᠤᠭᠰᠠᠨ ᠦᠭᠡᠢ︔ ︵ᠨᠠᠢᠮᠠ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠪᠤᠶᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠶᠢ ᠵᠥᠪᠰᠢᠶᠡᠷᠡᠭᠰᠡᠨ ᠲᠣᠭᠲᠠᠭᠠᠯ ᠢ ᠬᠤᠳᠠᠯ ᠬᠠᠭᠤᠷᠮᠠᠭ ᠢᠶᠠᠷ ᠵᠣᠬᠢᠶᠠᠭᠰᠠᠨ᠂ ᠪᠠᠯᠠᠯᠤᠨ ᠥᠭᠡᠷᠡᠴᠢᠯᠡᠭᠰᠡᠨ᠂ ᠰᠢᠯᠵᠢᠭᠦᠯᠦᠨ ᠥᠭᠭᠦᠭᠰᠡᠨ᠂ ᠰᠠᠷᠢᠭᠠᠯᠠᠭᠰᠠᠨ᠂ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ᠃ ᠬᠤᠷᠢᠨ ᠬᠤᠶᠠᠳᠤᠭᠠᠷ ᠵᠦᠢᠯ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯᠲᠠᠨ ᠪᠣᠯᠣᠨ ᠨᠤᠲᠤᠭ ᠪᠡᠯᠴᠢᠭᠡᠷ ᠲᠤ ᠬᠢᠨᠠᠯᠲᠠ ᠲᠠᠯᠪᠢᠵᠤ ᠬᠠᠮᠢᠶᠠᠷᠬᠤ ᠪᠠᠶᠢᠭᠤᠯᠤᠮᠵᠢ ᠶᠢᠨ ᠠᠵᠢᠯᠲᠠᠨ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ᠂ ᠳᠣᠣᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ ︶ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ ᠦᠨᠡᠮᠯᠡᠯ ᠪᠤᠶᠤ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠬᠤᠳᠠᠯᠳᠤᠵᠤ ᠠᠪᠬᠤ ᠶᠢ ᠵᠥᠪᠰᠢᠶᠡᠷᠡᠬᠦ ᠲᠣᠭᠲᠠᠭᠠᠯ ᠢ ᠬᠠᠤᠯᠢ ᠪᠠᠷ ᠲᠣᠭᠲᠠᠭᠠᠭᠰᠠᠨ ᠨᠥᠬᠦᠴᠡᠯ ᠪᠣᠯᠣᠨ ᠳᠡᠰ ᠳᠠᠷᠠᠭᠠᠯᠠᠯ ᠢ ᠥᠯᠥ ᠵᠢᠷᠤᠮᠯᠠᠨ ᠣᠯᠭᠤᠭᠰᠠᠨ︔ ︵ᠬᠤᠶᠠᠷ︶ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠤᠶᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠰᠡᠨ ᠪᠠᠶᠢᠭᠠᠳ ᠪᠠᠶᠢᠴᠠᠭᠠᠨ ᠰᠢᠢᠳᠪᠦᠷᠢᠯᠡᠭᠰᠡᠨ ᠦᠭᠡᠢ ᠠᠴᠠ ᠪᠣᠯᠵᠤ ᠬᠦᠨᠳᠦ ᠨᠣᠴᠢᠲᠠᠢ ᠦᠷ᠎ᠡ ᠤᠷᠰᠢᠭ ᠲᠠᠲᠠᠭᠰᠠᠨ︔ ︵ᠭᠤᠷᠪᠠ︶ ᠬᠢᠨᠠᠯᠲᠠ ᠲᠠᠯᠪᠢᠵᠤ ᠬᠠᠮᠢᠶᠠᠷᠬᠤ ᠠᠵᠢᠯ ᠳᠤ ᠠᠯᠪᠠᠨ ᠲᠤᠰᠢᠶᠠᠯ ᠳᠠᠭᠠᠨ ᠠᠯᠠᠮᠠᠶᠢᠷᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠵᠤ ᠪᠠᠶᠢᠭ᠎ᠠ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠵᠦ ᠴᠤᠭᠯᠠᠭᠤᠯᠬᠤ᠂ ᠬᠤᠳᠠᠯᠳᠤᠵᠤ ᠠᠪᠬᠤ ᠬᠠᠮᠢᠶᠠᠷᠤᠯᠲᠠ ᠳᠤ ᠲᠤᠰ ᠠᠷᠭ᠎ᠠ ᠶᠢᠨ ᠲᠣᠭᠲᠠᠭᠠᠯ ᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢ 2009 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃    ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号