ᠤᠯᠠᠭᠠᠨᠬᠠᠳᠠ ᠬᠤᠲᠠ ᠶᠢᠨ ᠭᠠᠵᠠᠷ ᠳᠤᠤᠷᠠᠬᠢ ᠤᠰᠤ ᠶᠢ ᠬᠠᠮᠠᠭᠠᠯᠠᠬᠤ ᠳᠦᠷᠢᠮ | | ︵2018 ᠤᠨ ᠤ 10 ᠰᠠᠷ᠎ᠠ ᠶᠢᠨ 31 ᠤ ᠡᠳᠦᠷ ᠤᠯᠠᠭᠠᠨᠬᠠᠳᠠ ᠬᠤᠲᠠ ᠶᠢᠨ ᠳᠤᠯᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠢᠩᠭᠤ ᠶᠢᠨ ᠬᠤᠷᠢᠶᠠᠨ ᠤ ᠲᠠᠪᠤᠳᠤᠭᠠᠷ | ᠬᠤᠷᠠᠯ ᠠᠴᠠ ᠪᠠᠲᠤᠯᠠᠵᠤ᠂ 2018 ᠤᠨ ᠤ 12 ᠰᠠᠷ᠎ᠠ ᠶᠢᠨ 6 ᠤ ᠡᠳᠦᠷ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠠᠴᠠ ᠵᠦᠪᠰᠢᠶᠡᠷᠡᠪᠡ︶ ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠤᠷᠪᠤᠰ ᠭᠠᠵᠠᠷ ᠳᠤᠤᠷᠠᠬᠢ ᠤᠰᠤ ᠶᠢ ᠬᠠᠮᠠᠭᠠᠯᠠᠨ ᠬᠠᠮᠢᠶᠠᠷᠬᠤ ᠪᠠᠨ ᠴᠢᠩᠭᠠᠳᠬᠠᠵᠤ᠂ ᠭᠠᠵᠠᠷ ᠳᠤᠤᠷᠠᠬᠢ | ᠤᠰᠤᠨ ᠤ ᠦᠷᠬᠦᠯᠵᠢᠯᠡᠬᠦ᠋ᠢᠢᠴᠠ ᠠᠰᠢᠭᠯᠠᠯᠲᠠ ᠪᠠ ᠠᠵᠤ ᠠᠬᠤᠢ ᠨᠡᠶᠢᠢᠭᠡᠮ ᠤᠨ ᠦᠷᠭᠦᠯᠵᠢᠯᠡᠬᠦ᠋ᠢᠢᠴᠡ | ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ | ᠤᠰᠤᠨ ᠤ ᠬᠠᠤᠯᠢ︾᠂ ︽ᠪᠦᠭᠦᠳᠡ ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ ᠤᠰᠤᠨ ᠤ ᠪᠤᠬᠢᠷᠳᠤᠯ ᠢ | ᠰᠡᠷᠭᠡᠶᠢᠢᠯᠡᠨ ᠵᠠᠰᠠᠬᠤ ᠬᠠᠤᠯᠢ︾᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︿ᠪᠦᠭᠦᠳᠡ | ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ ᠤᠰᠤᠨ ᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ | ᠴᠠᠭᠠᠵᠠ ᠬᠠᠤᠯᠢ ᠳᠦᠷᠢᠮ ᠢ ᠦᠨᠳᠦᠰᠦᠯᠡᠵᠦ᠂ ᠮᠠᠨ ᠤ ᠬᠤᠲᠠ ᠶᠢᠨ ᠪᠤᠳᠠᠲᠠᠢ ᠪᠠᠶᠢᠳᠠᠯ ᠲᠠᠢ ᠤᠶᠠᠯᠳᠤᠭᠤᠯᠵᠤ ᠲᠤᠰ | ᠳᠦᠷᠢᠮ ᠢ ᠲᠤᠭᠲᠠᠭᠠᠪᠠ᠃ ᠬᠤᠶᠠᠳᠤᠭᠠᠷ ᠵᠤᠷᠪᠤᠰ ᠲᠤᠰ ᠬᠤᠲᠠ ᠶᠢᠨ ᠵᠠᠰᠠᠭ ᠵᠠᠬᠢᠷᠭᠠᠨ ᠤ ᠤᠷᠤᠨ ᠭᠡᠴᠡ ᠶᠢᠨ | ᠳᠣᠲᠣᠨᠠᠬᠢ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠬᠤ᠂ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠵᠢᠴᠢ | ᠲᠡᠭᠦᠨ ᠤ ᠬᠠᠮᠢᠶ᠎ᠠ ᠪᠦᠬᠦᠢ ᠠᠵᠢᠯᠯᠠᠭᠠᠨ ᠳᠤ ᠲᠤᠰ ᠳᠦᠷᠢᠮ ᠢ ᠬᠡᠷᠡᠭᠯᠡᠨ᠎ᠡ᠃ ᠲᠤᠰ ᠳᠦᠷᠢᠮ ᠳᠤ ᠳᠤᠷᠠᠳᠤᠭᠰᠠᠨ | ᠭᠠᠵᠠᠷ ᠳᠤᠤᠷᠠᠬᠢ ᠤᠰᠤ ᠭᠡᠳᠡᠭ ᠨᠢ ᠭᠠᠵᠠᠷ ᠤᠨ ᠭᠠᠳᠠᠷᠭᠤ ᠠᠴᠠ ᠳᠤᠷᠤᠭᠰᠢᠬᠢ ᠤᠰᠤ ᠠᠭᠤᠯᠬᠤ ᠳᠠᠪᠬᠤᠷᠭ᠎ᠠ ᠳᠤ | ᠬᠠᠳᠠᠭᠠᠯᠠᠭᠳᠠᠵᠤ ᠪᠠᠶᠢᠢᠭ᠎ᠠ ᠤᠰᠤ ᠶᠢ ᠵᠢᠭᠠᠨ᠎ᠠ᠃ ᠭᠤᠷᠪᠠᠳᠤᠭᠠᠷ ᠵᠤᠷᠪᠤᠰ ᠬᠤᠲᠠ᠂ ᠬᠤᠰᠢᠭᠤ ᠰᠢᠶᠠᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠬᠠᠮᠤᠭ ᠴᠢᠩᠭ᠎ᠠ ᠬᠢᠨᠠᠮᠠᠭᠠᠢ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠳᠦᠷᠢᠮ ᠢ ᠨᠠᠶᠢᠢᠳᠠᠪᠤᠷᠢᠵᠢᠭᠤᠯᠵᠤ᠂ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠳᠤᠲᠤᠷᠠᠬᠢ | ᠭᠠᠵᠠᠷ ᠳᠤᠤᠷᠠᠬᠢ ᠤᠰᠤᠨ ᠤ ᠠᠰᠢᠭᠯᠠᠯᠲᠠ ᠬᠠᠮᠠᠭᠠᠯᠠᠯᠲᠠ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠤᠰᠤ ᠪᠠᠷ | ᠬᠤᠲᠠ ᠶᠢ ᠲᠤᠭᠲᠠᠭᠠᠬᠤ᠂ ᠤᠰᠤ ᠪᠠᠷ ᠦᠢᠯᠡᠳᠪᠦᠷᠢᠯᠡᠯ ᠢ ᠲᠤᠭᠲᠠᠭᠠᠬᠤ᠂ ᠲᠠᠳᠠᠨ ᠬᠡᠷᠡᠭᠯᠡᠬᠦ ᠪᠠ ᠨᠦᠬᠦᠪᠦᠷᠢᠯᠡᠬᠦ ᠶᠢ | ᠲᠡᠩᠴᠡᠭᠦᠷᠢᠰᠢᠭᠦᠯᠬᠦ᠂ ᠦᠷᠭᠦᠯᠵᠢᠯᠡᠬᠦ᠋ᠢᠢᠴᠡ ᠬᠥᠭᠵᠢᠭᠦᠯᠬᠦ ᠵᠠᠷᠴᠢᠮ ᠢᠶᠠᠷ ᠭᠠᠵᠠᠷ ᠳᠤᠤᠷᠠᠬᠢ ᠤᠰᠤᠨ ᠳᠤ | ᠬᠤᠯᠪᠤᠭᠳᠠᠬᠤ ᠵᠦᠢᠯ ᠢ ᠲᠤᠭᠲᠠᠭᠠᠵᠤ᠂ ᠭᠠᠵᠠᠷ ᠳᠤᠤᠷᠠᠬᠢ ᠤᠰᠤ ᠶᠢ ᠠᠰᠢᠭᠯᠠᠨ ᠬᠠᠮᠠᠭᠠᠯᠠᠬᠤ ᠪᠠ ᠠᠵᠤ ᠠᠬᠤᠢ | ᠨᠡᠶᠢᠢᠭᠡᠮ ᠤᠨ ᠬᠦᠭᠵᠢᠯᠲᠡ ᠬᠠᠷᠢᠯᠴᠠᠨ ᠵᠣᠬᠢᠴᠠᠯᠳᠤᠬᠤ ᠶᠢ ᠪᠠᠳᠤᠯᠠᠨ᠎ᠠ᠃ ᠬᠤᠲᠠ᠂ ᠬᠤᠰᠢᠭᠤ ᠰᠢᠶᠠᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠨᠢ ᠲᠤᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤᠲᠤᠷ᠎ᠠ ᠪᠠᠨ ᠭᠠᠵᠠᠷ ᠳᠤᠤᠷᠠᠬᠢ | ᠤᠰᠤ ᠶᠢ ᠨᠢᠭᠡᠲᠦᠯᠲᠡᠢ ᠬᠠᠮᠢᠶᠠᠷᠬᠤ ᠪᠠ ᠬᠢᠨᠠᠯᠲᠠ ᠲᠠᠯᠪᠢᠵᠤ᠂ ᠪᠤᠰᠤᠳ ᠬᠠᠮᠢᠶ᠎ᠠ ᠪᠦᠬᠦᠢ ᠰᠠᠯᠠᠭ᠎ᠠ ᠮᠦᠴᠢᠷ | ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯᠲᠠ ᠶᠣᠰᠣᠭᠠᠷ᠂ ᠭᠠᠵᠠᠷ ᠳᠤᠤᠷᠠᠬᠢ ᠤᠰᠤᠨ ᠤ ᠬᠠᠮᠠᠭᠠᠯᠠᠯᠲᠠ ᠶᠢᠨ | ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠭᠠᠵᠠᠷ ᠳᠤᠤᠷᠠᠬᠢ ᠤᠰᠤ ᠶᠢ | ᠲᠠᠲᠠᠨ ᠬᠡᠷᠡᠭᠯᠡᠬᠦ ᠳᠤ ᠬᠤᠯᠪᠤᠭᠳᠠᠭᠰᠠᠨ ᠠᠵᠢᠯ ᠢ ᠬᠢᠬᠦ ᠳᠤ ᠬᠠᠮᠢᠶᠠᠷᠬᠤ ᠡᠷᠬᠡ ᠪᠦᠬᠦᠢ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ ᠬᠤᠷᠢᠶᠠᠬᠤ ᠬᠡᠷᠡᠭᠲᠡᠢ᠂ ᠬᠠᠮᠢᠶᠠᠷᠬᠤ | ᠡᠷᠬᠡ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ | ᠠᠪᠤᠭᠰᠠᠨ ᠦᠭᠡᠢ ᠪᠤᠶᠤ ᠬᠠᠮᠢᠶᠠᠷᠬᠤ ᠡᠷᠬᠡ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠪᠤᠰᠤ ᠰᠠᠨᠠᠯ ᠲᠠᠢ ᠪᠤᠯ᠂ ᠭᠠᠵᠠᠷ ᠳᠤᠤᠷᠠᠬᠢ ᠤᠰᠤ ᠶᠢ ᠲᠠᠲᠠᠨ | ᠬᠡᠷᠡᠭᠯᠡᠬᠦ ᠳᠤ ᠬᠤᠯᠪᠤᠭᠳᠠᠭᠰᠠᠨ ᠵᠦᠢᠯ ᠳᠤ ᠰᠢᠢᠳᠪᠦᠷᠢ ᠭᠠᠷᠭᠠᠵᠤ ᠪᠤᠯᠬᠤ ᠦᠭᠡᠢ᠂ ᠭᠡᠪᠡᠴᠦ ᠬᠠᠤᠯᠢ ᠳᠦᠷᠢᠮ | ᠬᠠᠤᠯᠢ ᠲᠣᠭᠲᠠᠭᠠᠯ ᠳᠤ ᠪᠤᠰᠤᠳ ᠲᠤᠭᠲᠠᠭᠠᠯ ᠲᠠᠢ ᠨᠢ ᠪᠠᠭᠲᠠᠬᠤ ᠦᠭᠡᠢ᠃ ᠳᠦᠷᠪᠡᠳᠦᠭᠡᠷ ᠵᠤᠷᠪᠤᠰ ᠬᠤᠲᠠ᠂ | ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ | ᠬᠠᠤᠯᠢ ᠶᠤᠰᠤᠭᠠᠷ ᠲᠤᠰ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯ ᠳᠤ ᠬᠠᠮᠵᠢᠯᠴᠠᠨ ᠲᠤᠰᠠᠯᠠᠬᠤ ᠬᠡᠷᠡᠭᠲᠡᠢ᠃ ᠲᠠᠪᠤᠳᠤᠭᠠᠷ | ᠵᠤᠷᠪᠤᠰ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠭᠠᠵᠠᠷ ᠳᠤᠤᠷᠠᠬᠢ | ᠤᠰᠤ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠦᠷᠢᠮ ᠪᠤᠯᠤᠨ ᠠᠷᠪᠢᠯᠠᠨ ᠭᠠᠮᠨᠠᠵᠦ ᠠᠰᠢᠭᠯᠠᠬᠤ ᠤᠬᠠᠭᠤᠯᠭ᠎ᠠ | ᠬᠦᠮᠦᠵᠢᠯ ᠢ ᠴᠢᠩᠭᠠᠳᠬᠠᠵᠦ᠂ ᠭᠠᠵᠠᠷ ᠳᠤᠤᠷᠠᠬᠢ ᠤᠰᠤᠨ ᠤ ᠬᠠᠮᠠᠭᠠᠯᠠᠯᠲᠠ ᠬᠠᠮᠢᠶᠠᠷᠤᠯᠲᠠ ᠶᠢᠨ ᠵᠤᠷᠢᠭᠵᠢᠭᠤᠯᠬᠤ | ᠲᠤᠭᠳᠠᠴᠠ ᠶᠢ ᠪᠦᠷᠢᠨᠰᠢᠬᠦᠯᠤᠨ᠂ ᠭᠠᠵᠠᠷ ᠳᠤᠤᠷᠠᠬᠢ ᠤᠰᠤ ᠶᠢ ᠠᠷᠪᠢᠯᠠᠬᠤ᠂ ᠬᠠᠮᠠᠭᠠᠯᠠᠬᠤ ᠪᠤᠯᠤᠨ ᠬᠠᠮᠢᠶᠠᠷᠬᠤ ᠳᠤ | ᠳᠤᠪᠤᠶᠢᠢᠮᠠ ᠬᠤᠪᠢ ᠨᠡᠮᠡᠷᠢ ᠦᠵᠡᠬᠦᠯᠦᠭᠰᠡᠨ ᠨᠢᠭᠡᠴᠡ ᠪᠤᠯᠤᠨ ᠬᠤᠪᠢ ᠬᠦᠮᠦᠨ ᠢ ᠬᠠᠮᠢᠶ ᠠ ᠪᠦᠬᠦᠢ ᠲᠤᠭᠳᠠᠭᠠᠯ | ᠶᠣᠰᠣᠭᠠᠷ ᠱᠠᠩᠨᠠᠨ ᠬᠥᠬᠢᠭᠦᠯᠬᠦ ᠬᠡᠷᠡᠭᠲᠡᠢ᠃ ᠵᠢᠷᠭᠤᠳᠤᠭᠠᠷ ᠵᠤᠷᠪᠤᠰ ᠶᠠᠮᠠᠷᠪᠠ ᠨᠢᠭᠡᠴᠡ ᠪᠤᠯᠤᠨ ᠬᠤᠪᠢ ᠬᠦᠮᠦᠨ | ᠴᠦᠮ ᠭᠠᠵᠠᠷ ᠲᠤᠤᠷᠠᠬᠢ ᠤᠰᠤ ᠶᠢ ᠠᠷᠪᠢᠯᠠᠨ ᠭᠠᠮᠨᠠᠬᠤ ᠪᠤᠯᠤᠨ ᠬᠠᠮᠠᠭᠠᠯᠠᠬᠤ ᠡᠷᠭᠦᠭᠡ ᠲᠠᠢ᠂ ᠭᠠᠵᠠᠷ ᠲᠤᠤᠷᠠᠬᠢ | ᠤᠰᠤ ᠶᠢ ᠬᠤᠬᠢᠷᠠᠭᠤᠯᠤᠨ᠂ ᠪᠤᠬᠢᠷᠳᠤᠭᠤᠯᠤᠭᠰᠠᠨ ᠪᠠ ᠬᠠᠤᠯᠢ ᠪᠤᠰᠤ ᠪᠠᠷ ᠨᠡᠬᠡᠬᠡᠨ ᠠᠰᠢᠭᠯᠠᠭᠰᠠᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠡᠷᠬᠡ ᠲᠠᠢ᠃ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ | ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ | ᠪᠤᠯᠤᠨ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠭᠠᠵᠠᠷ ᠳᠤᠤᠷᠠᠬᠢ ᠤᠰᠤ ᠶᠢ ᠬᠤᠬᠢᠷᠠᠭᠤᠯᠤᠭᠰᠠᠨ᠂ | ᠪᠤᠬᠢᠷᠳᠤᠭᠤᠯᠤᠭᠰᠠᠨ ᠪᠠ ᠬᠠᠤᠯᠢ ᠪᠤᠰᠤ ᠪᠠᠷ ᠨᠡᠬᠡᠬᠡᠨ ᠠᠰᠢᠭᠯᠠᠭᠰᠠᠨ ᠢ ᠢᠯᠡᠴᠢᠯᠡᠨ ᠮᠡᠳᠡᠬᠦᠯᠵᠦ᠂ ᠵᠠᠭᠠᠯᠳᠤᠭᠰᠠᠨ᠂ | ᠬᠢᠨᠠᠯᠳᠠ ᠲᠠᠯᠪᠢᠬᠰᠠᠨ ᠰᠠᠨᠠᠯ ᠢ ᠴᠠᠭ ᠲᠤᠬᠠᠢ ᠳᠤᠨᠢ ᠪᠠᠶᠢᠢᠴᠠᠭᠠᠨ ᠰᠢᠢᠳᠪᠦᠷᠢᠯᠡᠬᠦ ᠶᠢᠨ ᠬᠠᠮᠳᠤ ᠲᠤᠭᠳᠠᠭᠠᠯ | ᠶᠤᠰᠤᠭᠠᠷ ᠪᠠᠶᠢᠢᠴᠠᠭᠠᠨ ᠰᠢᠢᠳᠪᠦᠷᠢᠯᠡᠭᠰᠡᠨ ᠦᠷ ᠡ ᠳ᠋ᠦᠢᠩ ᠢᠶᠠᠨ ᠴᠠᠭ ᠲᠤᠬᠠᠢ ᠳᠤᠨᠢ ᠢᠯᠡ ᠨᠡᠶᠢᠢᠳᠡᠯᠡᠬᠦ ᠬᠡᠷᠡᠭᠳᠡᠢ᠃ | ᠭᠠᠵᠠᠷ ᠲᠤᠤᠷᠠᠬᠢ ᠤᠰᠤ ᠶᠢ ᠬᠤᠬᠢᠷᠠᠭᠤᠯᠤᠭᠰᠠᠨ᠂ ᠪᠤᠬᠢᠷᠳᠤᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠳᠤ | ᠲᠤᠭᠳᠠᠭᠠᠭᠰᠠᠨ ᠪᠠᠶᠢᠭᠤᠯᠭ᠎ᠠ ᠪᠤᠯᠤᠨ ᠬᠤᠯᠪᠤᠭᠳᠠᠯ ᠪᠦᠬᠦᠢ ᠵᠤᠬᠢᠶᠠᠨ ᠪᠠᠶᠢᠢᠭᠤᠯᠤᠯᠳᠠ ᠠᠴᠠ ᠠᠷᠠᠳ ᠤᠨ ᠰᠢᠬᠦᠬᠦ | ᠬᠤᠷᠢᠶᠠᠨ ᠳᠤ ᠨᠡᠶᠢᠢᠳᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠦ ᠪᠤᠯᠤᠨ᠎ᠠ᠃ ᠬᠤᠶᠠᠳᠤᠭᠠᠷ ᠪᠦᠯᠦᠭ | ᠲᠦᠯᠦᠪᠵᠢᠬᠦᠯᠭᠡ ᠪᠠ ᠨᠤᠳᠠᠯᠠᠯᠳᠠ ᠳᠤᠯᠤᠳᠤᠭᠠᠷ ᠵᠤᠷᠪᠤᠰ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ | ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠠᠳᠠᠯᠢ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ᠂ | ᠳᠡᠭᠡᠷ ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ | ᠠᠷᠪᠢᠯᠠᠨ ᠭᠠᠮᠨᠠᠵᠦ ᠠᠰᠢᠭᠯᠠᠬᠤ ᠲᠦᠯᠦᠪᠵᠢᠬᠦᠯᠭᠡ ᠶᠢ ᠦᠨᠳᠤᠰᠤᠯᠡᠨ᠂ ᠲᠤᠰ ᠵᠠᠰᠠᠭ ᠵᠠᠬᠢᠷᠭᠠᠨ ᠤ ᠤᠷᠤᠨ | ᠬᠡᠴᠡ ᠳᠠᠬᠢ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠶᠢ | ᠲᠣᠭᠲᠠᠭᠰᠠᠨ ᠬᠤᠭᠤᠴᠠᠭ᠎ᠠ ᠲᠠᠢ ᠨᠠᠶᠢᠢᠷᠠᠭᠤᠯᠤᠨ ᠳᠤᠭᠳᠠᠭᠠᠵᠦ᠂ ᠲᠤᠰ ᠱᠠᠳᠤᠨ ᠤ ᠠᠷᠠᠳ ᠤᠨ ᠵᠠᠰᠠᠭ ᠤᠨ | ᠤᠷᠳᠤᠨ ᠪᠤᠶᠤ ᠲᠡᠬᠦᠨ ᠤ ᠡᠷᠬᠡ ᠤᠯᠭᠤᠭᠰᠠᠨ ᠰᠠᠯᠠᠭ᠎ᠠ ᠮᠦᠴᠢᠷ ᠲᠤ ᠮᠡᠳᠡᠬᠦᠯᠵᠤ ᠵᠦᠪᠰᠢᠶᠡᠷᠡᠬᠦᠯᠬᠦ ᠭᠡᠷᠡᠭᠳᠡᠢ᠃ | ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠶᠢ ᠨᠠᠶᠢᠢᠷᠠᠭᠤᠯᠤᠨ | ᠲᠣᠭᠲᠠᠭᠠᠬᠤ ᠳᠠᠭᠠᠨ ᠤᠯᠠᠨ ᠨᠡᠶᠢᠢᠳᠡ ᠠᠴᠠ ᠢᠯᠡ ᠪᠠᠷ ᠰᠠᠨᠠᠯ ᠬᠤᠷᠢᠶᠠᠵᠦ᠂ ᠲᠤᠰᠬᠠᠢ ᠮᠡᠷᠭᠡᠵᠢᠯᠳᠡᠨ ᠠᠴᠠ | ᠨᠤᠳᠠᠯᠠᠬᠤ ᠲᠦᠷᠢᠮ ᠢ ᠬᠡᠷᠡᠭᠵᠢᠬᠦᠯᠦᠨ᠎ᠡ᠃ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ | ᠠᠰᠢᠭᠯᠠᠬᠤ ᠲᠦᠯᠦᠪᠵᠢᠬᠦᠯᠭᠡ ᠨᠢ ᠵᠥᠪᠰᠢᠶᠡᠷᠡᠭᠳᠡᠬᠦ ᠲᠠᠢ ᠵᠡᠷᠭᠡ ᠡᠷᠬᠡᠪᠰᠢ ᠴᠢᠩᠭ᠎ᠠ ᠬᠡᠷᠡᠭᠵᠢᠬᠦᠯᠬᠦ ᠬᠡᠷᠡᠭᠳᠡᠢ᠃ | ᠬᠡᠷᠪᠡ ᠵᠠᠰᠠᠪᠤᠷᠢ ᠤᠷᠤᠭᠤᠯᠬᠤ ᠴᠢᠬᠤᠯᠠᠳᠠᠢ ᠪᠤᠯ᠂ ᠲᠦᠯᠦᠪᠵᠢᠬᠦᠯᠭᠡ ᠶᠢ ᠨᠠᠶᠢᠢᠷᠠᠭᠤᠯᠤᠨ ᠲᠣᠭᠲᠠᠭᠠᠭᠰᠠᠨ ᠶᠠᠪᠤᠴᠠ | ᠶᠤᠰᠤᠭᠠᠷ ᠤᠤᠯ ᠤᠨ ᠵᠥᠪᠰᠢᠶᠡᠷᠡᠭᠰᠡᠨ ᠪᠠᠶᠢᠢᠭᠤᠯᠤᠯᠭᠠ ᠪᠠᠷ ᠵᠦᠪᠰᠢᠶᠡᠷᠡᠬᠦᠯᠬᠦ ᠶᠢᠨ ᠬᠠᠮᠳᠤ ᠳᠡᠭᠡᠷ ᠡ ᠨᠢᠭᠡ | ᠱᠠᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ | ᠲᠠᠩᠰᠠᠯᠠᠭᠤᠯᠬᠤ ᠭᠡᠷᠡᠭᠳᠡᠢ᠃ ᠨᠠᠶᠢᠮᠠᠳᠤᠭᠠᠷ ᠵᠤᠷᠪᠤᠰ ᠤᠯᠤᠰ ᠠᠷᠠᠳ ᠤᠨ ᠠᠵᠦ ᠠᠬᠤᠢ ᠪᠤᠯᠤᠨ ᠨᠡᠶᠢᠢᠭᠡᠮ ᠤᠨ | ᠬᠦᠭᠵᠢᠯᠳᠡ ᠶᠢᠨ ᠲᠦᠯᠦᠪᠵᠢᠬᠦᠯᠭᠡ᠂ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠬᠦᠯᠭᠡ᠂ ᠬᠤᠳᠠ ᠶᠢᠨ | ᠶᠡᠷᠦᠩᠬᠡᠢ ᠲᠦᠯᠦᠪᠵᠢᠬᠦᠯᠭᠡ ᠪᠤᠯᠤᠨ ᠠᠵᠦ ᠦᠢᠯᠡᠰ ᠤᠨ ᠬᠦᠷᠢᠶᠡᠯᠡᠩ ᠲᠤᠭᠤᠷᠢᠭ᠂ ᠬᠤᠳᠠ ᠶᠢᠨ ᠰᠢᠨ᠎ᠡ | ᠲᠤᠭᠤᠷᠢᠭ ᠵᠡᠷᠭᠡ ᠲᠤᠰᠬᠠᠢ ᠲᠦᠷᠦᠯ ᠤᠨ ᠲᠦᠯᠦᠪᠵᠢᠬᠦᠯᠭᠡ ᠵᠢᠴᠢ ᠪᠤᠰᠤᠳ ᠬᠠᠮᠢᠶ ᠠ ᠪᠦᠬᠦᠢ ᠲᠤᠰᠬᠠᠢ | ᠲᠦᠯᠦᠪᠵᠢᠬᠦᠯᠭᠡ ᠶᠢ ᠨᠠᠶᠢᠢᠷᠠᠭᠤᠯᠤᠨ ᠲᠣᠭᠲᠠᠭᠠᠬᠤ ᠦᠶᠡᠰ᠂ ᠭᠠᠵᠠᠷ ᠳᠤᠤᠷᠠᠬᠢ ᠤᠰᠤ ᠶᠢ ᠨᠡᠬᠡᠬᠡᠨ | ᠠᠰᠢᠭᠯᠠᠬᠤ ᠳᠤ ᠬᠤᠯᠪᠤᠭᠳᠠᠭᠰᠠᠨ ᠪᠤᠶᠤ ᠭᠠᠵᠠᠷ ᠳᠤᠤᠷᠠᠬᠢ ᠤᠰᠤᠨ ᠤ ᠨᠦᠬᠦᠪᠦᠷᠢᠯᠡᠯᠳᠡ ᠶᠢ ᠬᠠᠮᠠᠭᠠᠯᠠᠬᠤ ᠶᠢ | ᠨᠦᠯᠦᠭᠡᠯᠡᠬᠦ ᠳᠤ ᠬᠦᠷᠪᠡᠯ᠂ ᠤᠰᠤᠨ ᠤ ᠡᠬᠢ ᠪᠠᠶᠠᠯᠢᠭ ᠢ ᠲᠦᠯᠦᠪᠵᠢᠬᠦᠯᠬᠦ ᠨᠤᠳᠠᠯᠠᠯᠳᠠ ᠬᠢᠬᠦ ᠶᠢᠨ ᠬᠠᠮᠳᠤ ᠭᠠᠵᠠᠷ | ᠳᠤᠤᠷᠠᠬᠢ ᠤᠰᠤᠨ ᠤ ᠲᠦᠯᠦᠪᠵᠢᠬᠦᠯᠭᠡ ᠲᠠᠢ ᠬᠠᠷᠢᠯᠴᠠᠨ ᠵᠤᠬᠢᠴᠠᠭᠤᠯᠬᠤ ᠬᠡᠷᠡᠭᠳᠡᠢ᠃ ᠭᠠᠵᠠᠷ ᠲᠤᠤᠷᠠᠬᠢ ᠤᠰᠤ ᠶᠢ | ᠬᠡᠷᠡᠭᠯᠡᠬᠦ ᠪᠤᠶᠤ ᠠᠭᠤᠷᠬᠠᠢ ᠶᠢᠨ ᠪᠤᠯᠠᠭᠳᠠᠴᠠ ᠶᠢ ᠨᠡᠬᠡᠬᠡᠨ ᠮᠠᠯᠳᠠᠬᠤ᠂ ᠪᠠᠷᠢᠯᠭ᠎ᠠ ᠶᠢᠨ ᠪᠦᠳᠦᠭᠡᠨ ᠪᠠᠶᠢᠢᠭᠤᠯᠤᠯᠳᠠ | ᠬᠢᠬᠦ ᠵᠡᠷᠭᠡ ᠭᠠᠵᠠᠷ ᠳᠤᠤᠷᠠᠬᠢ ᠤᠰᠤ ᠶᠢ ᠨᠦᠯᠦᠭᠡᠯᠡᠬᠦ ᠰᠢᠨ᠎ᠡ ᠪᠠᠷ ᠪᠠᠶᠢᠢᠭᠤᠯᠬᠤ᠂ ᠦᠭᠡᠷᠡᠴᠢᠯᠡᠨ ᠪᠠᠶᠢᠢᠭᠤᠯᠬᠤ | ᠪᠤᠯᠤᠨ ᠦᠷᠭᠡᠳᠭᠡᠨ ᠪᠠᠶᠢᠢᠭᠤᠯᠬᠤ ᠪᠦᠳᠦᠭᠡᠨ ᠪᠠᠶᠢᠢᠭᠤᠯᠤᠯᠳᠠ ᠶᠢᠨ ᠲᠦᠷᠦᠯ ᠵᠦᠢᠯ ᠳᠤ ᠪᠦᠳᠦᠭᠡᠨ | ᠪᠠᠶᠢᠢᠭᠤᠯᠤᠯᠳᠠ ᠶᠢᠨ ᠲᠦᠷᠦᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠳᠠᠯᠠᠯᠳᠠ ᠬᠢᠬᠦ ᠬᠡᠷᠡᠭᠳᠡᠢ᠃ | ᠭᠤᠷᠪᠠᠳᠤᠭᠠᠷ ᠪᠦᠯᠦᠭ ᠠᠰᠢᠭᠯᠠᠬᠤ ᠪᠠ ᠠᠷᠪᠢᠯᠠᠬᠤ ᠶᠢᠰᠦᠳᠦᠭᠡᠷ ᠵᠤᠷᠪᠤᠰ ᠭᠠᠵᠠᠷ ᠳᠤᠤᠷᠠᠬᠢ ᠤᠰᠤ ᠶᠢ ᠰᠢᠭᠤᠳ | ᠲᠠᠲᠠᠵᠤ ᠬᠡᠷᠡᠭᠯᠡᠬᠦ ᠨᠢᠭᠡᠴᠡ ᠪᠠ ᠬᠤᠪᠢ ᠬᠦᠮᠦᠨ ᠬᠠᠤᠯᠢ ᠶᠤᠰᠤᠭᠠᠷ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ | ᠦᠨᠡᠮᠯᠡᠯ ᠭᠤᠶᠤᠴᠢᠯᠠᠬᠤ ᠶᠢᠨ ᠬᠠᠮᠲᠤ ᠲᠤᠰ ᠤᠰᠤ ᠲᠠᠲᠠᠨ ᠬᠡᠷᠡᠭᠯᠡᠬᠦ ᠶᠢ ᠵᠥᠪᠰᠢᠶᠡᠷᠡᠨ ᠴᠤᠬᠤᠯᠠᠪᠤᠷᠢᠯᠠᠭᠰᠠᠨ | ᠭᠠᠵᠠᠷ ᠪᠠ ᠤᠰᠤ ᠠᠭᠤᠯᠬᠤ ᠳᠠᠪᠬᠤᠷᠭ᠎ᠠ ᠠᠴᠠ ᠤᠰᠤ ᠲᠠᠲᠠᠨ᠎ᠠ᠂ ᠭᠡᠪᠡᠴᠦ ᠬᠠᠤᠯᠢ ᠳᠦᠷᠢᠮ ᠳᠤ ᠪᠤᠰᠤᠳ | ᠲᠤᠭᠲᠠᠭᠠᠯ ᠲᠠᠢ ᠨᠢ ᠪᠠᠭᠲᠠᠬᠤ ᠦᠭᠡᠢ᠃ ᠠᠷᠪᠠᠳᠤᠭᠠᠷ ᠵᠤᠷᠪᠤᠰ ᠳᠤᠤᠷᠠᠬᠢ ᠪᠠᠶᠢᠢᠳᠠᠯ ᠤᠨ ᠠᠯᠢ ᠨᠢᠭᠡ ᠨᠢ ᠢᠯᠡᠷᠡᠪᠡᠯ | ᠂ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠭᠠᠵᠠᠷ ᠳᠤᠤᠷᠠᠬᠢ ᠤᠰᠤ ᠶᠢ ᠰᠢᠨ᠎ᠡ ᠪᠠᠷ ᠲᠠᠲᠠᠨ | ᠬᠡᠷᠡᠭᠯᠡᠬᠦ ᠶᠢ ᠵᠦᠪᠰᠢᠶᠡᠷᠡᠬᠦ ᠦᠭᠡᠢ ᠮᠦᠷᠲᠡᠭᠡᠨ ᠪᠢᠴᠢᠭ ᠤᠨ ᠬᠡᠯᠪᠡᠷᠢ ᠪᠠᠷ ᠡᠷᠡᠮᠡᠯᠵᠡᠯᠡᠭᠴᠢ ᠳᠤ ᠵᠦᠪᠰᠢᠶᠡᠷᠡᠭᠰᠡᠨ | ᠦᠭᠡᠢ ᠰᠢᠯᠲᠠᠭᠠᠨ ᠪᠠ ᠭᠡᠷᠡᠴᠢ ᠦᠨᠳᠦᠰᠦᠯᠡᠯ ᠢᠶᠠᠨ ᠲᠤᠳᠤᠷᠬᠠᠶᠢᠢᠯᠠᠬᠤ ᠬᠡᠷᠡᠭᠲᠡᠢ᠃ ︵ᠨᠢᠭᠡ︶ ᠭᠠᠵᠠᠷ ᠳᠤᠤᠷᠠᠬᠢ | ᠤᠰᠤ ᠶᠢ ᠨᠡᠭᠡᠭᠡᠨ ᠠᠰᠢᠭᠯᠠᠭᠰᠠᠨ ᠶᠡᠷᠦᠩᠬᠡᠢ ᠬᠡᠮᠵᠢᠶ᠎ᠡ ᠨᠢ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠭᠠᠵᠠᠷ | ᠳᠤᠤᠷᠠᠬᠢ ᠤᠰᠤ ᠶᠢ ᠲᠠᠲᠠᠨ ᠬᠡᠷᠡᠭᠯᠡᠬᠦ ᠶᠡᠷᠦᠩᠬᠡᠢ ᠬᠡᠮᠵᠢᠶ᠎ᠡ ᠶᠢᠨ ᠬᠢᠵᠠᠭᠠᠷᠯᠠᠬᠤ ᠵᠢᠭᠠᠯᠲᠠ ᠲᠤᠭ᠎ᠠ ᠳᠤ ᠬᠦᠷᠦᠭᠰᠡᠨ | ᠪᠤᠶᠤ ᠬᠡᠳᠦᠷᠡᠭᠰᠡᠨ᠃ ︵ᠬᠤᠶᠠᠷ︶ ᠭᠠᠵᠠᠷ ᠳᠤᠤᠷᠠᠬᠢ ᠤᠰᠤᠨ ᠲᠦᠪᠰᠢᠨ ᠨᠢ ᠲᠤᠰ ᠵᠠᠰᠠᠭ ᠵᠠᠬᠢᠷᠭᠠᠨ ᠤ ᠤᠷᠤᠨ | ᠭᠡᠴᠡ ᠶᠢᠨ ᠭᠠᠵᠠᠷ ᠳᠤᠤᠷᠠᠬᠢ ᠤᠰᠤᠨ ᠤ ᠬᠢᠵᠠᠭᠠᠷᠯᠠᠬᠤ ᠤᠰᠤᠨ ᠲᠦᠪᠰᠢᠨ ᠳᠤ ᠬᠦᠷᠦᠭᠰᠡᠨ ᠪᠤᠶᠤ ᠳᠤᠤᠷ᠎ᠠ | ᠪᠤᠯᠤᠭᠰᠠᠨ᠃ ︵ᠭᠤᠷᠪᠠ︶ ᠲᠤᠭᠳᠠᠭᠠᠯ ᠶᠤᠰᠤᠭᠠᠷ ᠭᠠᠵᠠᠷ ᠳᠤᠤᠷᠠᠬᠢ ᠤᠰᠤ ᠲᠠᠲᠠᠨ ᠬᠡᠷᠡᠭᠯᠡᠬᠦ ᠶᠢ ᠴᠠᠭᠠᠵᠠᠯᠠᠬᠤ | ᠤᠷᠤᠨ ᠲᠣᠭᠤᠷᠢᠭ ᠲᠤ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠭᠰᠡᠨ᠃ ︵ᠳᠦᠷᠪᠡ︶ ᠠᠵᠢᠯ ᠲᠦᠷᠦᠯ ᠤᠨ | ᠤᠰᠤ ᠬᠡᠷᠡᠭᠯᠡᠬᠦ ᠲᠤᠭᠲᠠᠮᠠᠯ ᠨᠤᠷᠮ᠎ᠠ ᠪᠠ ᠤᠰᠤ ᠠᠷᠪᠢᠯᠠᠬᠤ ᠱᠠᠭᠠᠷᠳᠠᠯᠭ᠎ᠠ ᠳᠤ ᠦᠯᠦ ᠨᠡᠶᠢᠢᠴᠡᠬᠦ᠃ ︵ᠲᠠᠪᠤ︶ | ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠪᠦᠷᠬᠦᠭᠰᠡᠨ | ᠬᠡᠪᠴᠢᠶᠡᠨ ᠳᠤ ᠪᠠᠶᠢᠢᠬᠤ ᠮᠦᠷᠲᠡᠭᠡᠨ ᠤᠰᠤ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ᠃ ︵ | ᠵᠢᠷᠭᠤᠭ᠎ᠠ︶ ᠭᠠᠵᠠᠷ ᠳᠤᠤᠷᠠᠬᠢ ᠤᠰᠤ ᠶᠢ ᠪᠤᠬᠢᠷᠳᠤᠭᠤᠯᠬᠤ ᠡᠰᠡᠪᠡᠯ ᠭᠠᠵᠠᠷ ᠳᠤᠤᠷᠠᠬᠢ ᠤᠰᠤᠨ ᠳᠤ ᠬᠦᠨᠳᠦ | ᠨᠤᠴᠢᠲᠠᠢ ᠠᠰᠢᠭ ᠦᠭᠡᠢ ᠨᠦᠯᠦᠭᠡ ᠠᠪᠴᠢᠷᠠᠬᠤ ᠪᠤᠯᠤᠮᠵᠢ ᠲᠠᠢ᠃ ︵ᠳᠤᠯᠤᠭ᠎ᠠ︶ ᠤᠰᠤᠨ ᠤ ᠡᠬᠢ ᠪᠠᠶᠠᠯᠢᠭ | ᠬᠤᠮᠰᠠ᠂ ᠠᠮᠢ ᠠᠬᠤᠢ ᠬᠡᠪᠡᠷᠡᠭ ᠵᠡᠷᠭᠡ ᠭᠠᠵᠠᠷ ᠤᠷᠤᠨ ᠳᠤ ᠨᠡᠭᠦᠷᠡᠰᠦ ᠪᠠᠷ ᠴᠠᠬᠢᠯᠭᠠᠨ ᠭᠠᠷᠭᠠᠬᠤ ᠦᠷᠲᠡᠭᠡ ᠵᠡᠷᠭᠡ | ᠤᠰᠤᠨ ᠤ ᠬᠤᠷᠤᠭᠳᠠᠴᠠ ᠶᠡᠭᠡ ᠲᠦᠷᠦᠯ ᠵᠦᠢᠯ ᠢ ᠰᠢᠨ᠎ᠡ ᠪᠠᠷ ᠪᠠᠶᠢᠢᠭᠤᠯᠬᠤ ᠪᠤᠶᠤ ᠦᠷᠭᠡᠳᠭᠡᠨ ᠪᠠᠶᠢᠢᠭᠤᠯᠬᠤ᠂ | ᠡᠰᠡᠪᠡᠯ ᠠᠲᠠᠷ ᠬᠠᠭᠠᠯᠪᠤᠷᠢᠯᠠᠨ ᠲᠠᠷᠢᠮᠠᠯ ᠤᠨ ᠲᠠᠯᠠᠪᠠᠢ ᠶᠢ ᠦᠷᠭᠡᠳᠬᠡᠨ ᠭᠠᠵᠠᠷ ᠳᠤᠤᠷᠠᠬᠢ ᠤᠰᠤ ᠶᠢ ᠲᠠᠲᠠᠨ | ᠬᠡᠷᠡᠭᠯᠡᠬᠦ᠃ ︵ᠨᠠᠶᠢᠮᠠ︶ ᠬᠠᠤᠯᠢ ᠴᠠᠭᠠᠵᠠ᠂ ᠬᠠᠤᠯᠢ ᠳᠦᠷᠢᠮ ᠳᠤ ᠲᠤᠭᠲᠠᠭᠠᠭᠰᠠᠨ ᠪᠤᠰᠤᠳ ᠪᠠᠶᠢᠢᠳᠠᠯ᠃ ᠠᠷᠪᠠᠨ | ᠨᠢᠭᠡᠳᠦᠭᠡᠷ ᠵᠤᠷᠪᠤᠰ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠰᠡᠬᠦ ᠤᠰᠤᠨ ᠳᠤ ᠳᠡᠭᠲᠡᠷᠯᠡᠭᠰᠡᠨ ᠬᠡᠯᠪᠡᠷᠢ ᠶᠢᠨ | ᠦᠨ᠎ᠡ ᠬᠠᠨᠭ᠍ᠰᠢ ᠶᠢᠨ ᠳᠦᠷᠢᠮ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠰᠡᠬᠦ ᠪᠤᠰᠤ | ᠤᠰᠤᠨ ᠳᠤ ᠲᠦᠯᠦᠪᠯᠡᠭᠡ ᠠᠴᠠ ᠬᠡᠲᠦᠷᠡᠭᠰᠡᠨ᠂ ᠲᠤᠭᠲᠠᠮᠠᠯ ᠨᠤᠷᠮ᠎ᠠ ᠠᠴᠠ ᠬᠡᠲᠦᠷᠡᠭᠰᠡᠨ ᠢ ᠳᠡᠪᠰᠢᠭᠦᠯᠦᠨ ᠪᠤᠳᠤᠵᠤ | ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃ ᠠᠷᠪᠠᠨ ᠬᠤᠶᠠᠳᠤᠭᠠᠷ ᠵᠤᠷᠪᠤᠰ ᠬᠤᠲᠠ᠂ ᠬᠤᠰᠢᠭᠤ ᠰᠢᠶᠠᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠵᠤ᠂ ᠲᠤᠬᠠᠢ ᠶᠢᠨ ᠭᠠᠵᠠᠷ | ᠤᠷᠤᠨ ᠤ ᠤᠰᠤᠨ ᠤ ᠡᠬᠢ ᠪᠠᠶᠠᠯᠢᠭ ᠤᠨ ᠪᠠᠶᠢᠢᠳᠠᠯ ᠪᠠ ᠠᠵᠤ ᠠᠬᠤᠢ ᠮᠡᠷᠭᠡᠵᠢᠯ ᠤᠨ ᠨᠦᠭᠦᠴᠡᠯ ᠢᠶᠠᠨ | ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠠᠴᠠ ᠬᠠᠲᠠᠭᠤ ᠴᠢᠩᠭ᠎ᠠ ᠲᠠᠷᠢᠶᠠᠯᠠᠩ᠂ ᠤᠢ ᠰᠢᠭᠤᠢ᠂ ᠡᠪᠡᠰᠦᠨ ᠤ | ᠦᠢᠯᠡᠰ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠦᠢᠯᠡᠰ ᠤᠨ ᠤᠰᠤ ᠬᠡᠷᠡᠭᠯᠡᠬᠦ ᠲᠤᠭᠲᠠᠮᠠᠯ ᠨᠤᠷᠮ᠎ᠠ | ᠲᠤᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ | ᠳᠠᠷᠠᠭ᠎ᠠ ᠬᠡᠷᠡᠭᠵᠢᠭᠦᠯᠦᠨ᠎ᠡ᠃ ᠠᠷᠪᠠᠨ ᠭᠤᠷᠪᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ | ᠠᠷᠠᠳ ᠤᠨ ᠵᠠᠰᠠᠭ ᠤᠨ ᠤᠷᠳᠤᠨ ᠤᠰᠤᠯᠠᠯᠲᠠ ᠶᠢᠨ ᠲᠠᠷᠢᠶᠠᠯᠠᠩ᠂ ᠤᠢ ᠰᠢᠭᠤᠢ᠂ ᠡᠪᠡᠰᠦᠨ ᠤ ᠦᠢᠯᠡᠰ ᠤᠨ | ᠬᠡᠪᠴᠢᠶᠡᠵᠢᠯ ᠢ ᠬᠢᠵᠠᠭᠠᠷᠯᠠᠵᠤ᠂ ᠲᠠᠷᠢᠮᠠᠯ ᠤᠨ ᠪᠦᠲᠦᠴᠡ ᠳᠤ ᠲᠤᠬᠢᠷᠠᠭᠤᠯᠤᠯᠲᠠ ᠬᠢᠵᠦ᠂ ᠬᠠᠭᠤᠷᠠᠢ ᠲᠠᠷᠢᠶ᠎ᠠ ᠶᠢ | ᠬᠥᠭᠵᠢᠭᠦᠯᠵᠦ᠂ ᠤᠰᠤ ᠠᠷᠪᠢᠯᠠᠵᠤ ᠤᠰᠤᠯᠠᠬᠤ ᠮᠡᠷᠭᠡᠵᠢᠯ ᠢ ᠳᠡᠯᠭᠡᠷᠡᠭᠦᠯᠵᠦ᠂ ᠤᠰᠤ ᠬᠡᠷᠡᠭᠯᠡᠬᠦ ᠦᠷ᠎ᠡ ᠠᠰᠢᠭ ᠢ | ᠳᠡᠭᠡᠭᠰᠢᠯᠡᠭᠦᠯᠬᠦ ᠬᠡᠷᠡᠭᠲᠡᠢ᠃ ᠠᠷᠪᠠᠨ ᠳᠦᠷᠪᠡᠳᠦᠭᠡᠷ ᠵᠤᠷᠪᠤᠰ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠶᠢ | ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ ᠪᠦᠷᠬᠦᠯᠳᠡ ᠶᠢᠨ ᠬᠡᠪᠴᠢᠶᠡᠨ ᠳᠤᠲᠤᠷ᠎ᠠ᠂ ᠢᠳᠡᠭᠡᠨ᠂ ᠡᠮ | ᠦᠢᠯᠡᠳᠬᠦ ᠵᠡᠷᠭᠡ ᠤᠰᠤᠨ ᠤ ᠶᠠᠰᠤ ᠴᠢᠨᠠᠷ ᠲᠤ ᠤᠨᠴᠠᠭᠠᠢ ᠱᠠᠭᠠᠷᠳᠠᠯᠭ᠎ᠠ ᠲᠠᠢ ᠠᠵᠤ ᠠᠬᠤᠶᠢᠢᠯᠠᠯ ᠠᠴᠠ ᠭᠠᠳᠠᠨ᠎ᠠ᠂ | ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠶᠢ ᠬᠡᠷᠡᠭᠯᠡᠵᠦ᠂ | ᠭᠠᠵᠠᠷ ᠳᠤᠤᠷᠠᠬᠢ ᠤᠰᠤ ᠬᠡᠷᠡᠭᠯᠡᠬᠦ ᠶᠢ ᠴᠠᠭᠠᠵᠠᠯᠠᠨ᠎ᠠ᠃ ᠠᠷᠪᠠᠨ ᠲᠠᠪᠤᠳᠤᠭᠠᠷ ᠵᠤᠷᠪᠤᠰ ᠢᠳᠡᠬᠦ ᠤᠰᠤᠨ ᠤ ᠡᠬᠢ | ᠪᠠᠶᠠᠯᠢᠭ ᠤᠨ ᠬᠠᠮᠠᠭᠠᠯᠠᠯᠲᠠ ᠶᠢᠨ ᠬᠡᠪᠴᠢᠶ᠎ᠡ ᠠᠴᠠ ᠭᠠᠳᠠᠨ᠎ᠠ᠂ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ | ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ ᠪᠦᠷᠬᠦᠯᠳᠡ ᠶᠢᠨ ᠬᠡᠪᠴᠢᠶᠡᠨ ᠳᠤᠲᠤᠷᠠᠬᠢ ᠴᠡᠴᠡᠷᠯᠢᠭᠵᠢᠭᠦᠯᠦᠯᠲᠡ | ᠨᠤᠭᠤᠭᠠᠷᠠᠭᠤᠯᠤᠯᠲᠠ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠵᠡᠷᠭᠡ ᠳᠤ ᠳᠠᠬᠢᠯᠲᠠ ᠤᠰᠤ ᠶᠢ ᠬᠡᠷᠡᠭᠯᠡᠬᠦ | ᠬᠡᠷᠡᠭᠲᠡᠢ᠂ ᠭᠠᠵᠠᠷ ᠳᠤᠤᠷᠠᠬᠢ ᠤᠰᠤ ᠶᠢ ᠬᠡᠷᠡᠭᠯᠡᠬᠦ ᠶᠢ ᠴᠠᠭᠠᠵᠠᠯᠠᠨ᠎ᠠ︔ ᠳᠠᠬᠢᠯᠲᠠ ᠤᠰᠤ ᠪᠤᠶᠤ ᠭᠠᠵᠠᠷ ᠳᠡᠭᠡᠷᠡᠬᠢ | ᠤᠰᠤ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ ᠪᠦᠷᠬᠦᠯᠳᠡ ᠶᠢᠨ ᠬᠡᠪᠴᠢᠶ᠎ᠡ ᠠᠴᠠ ᠭᠠᠳᠠᠨ᠎ᠠ᠂ ᠤᠷᠢᠳᠠᠪᠡᠷ | ᠭᠠᠵᠠᠷ ᠳᠡᠭᠡᠷᠡᠬᠢ ᠤᠰᠤ ᠪᠠ ᠦᠶᠡᠷ ᠪᠤᠷᠤᠭᠠᠨ ᠤ ᠤᠰᠤ ᠶᠢ ᠬᠡᠷᠡᠭᠯᠡᠵᠦ᠂ ᠭᠠᠵᠠᠷ ᠳᠤᠤᠷᠠᠬᠢ ᠤᠰᠤ ᠶᠢ ᠬᠡᠷᠡᠭᠯᠡᠬᠦ ᠶᠢ | ᠬᠢᠵᠠᠭᠠᠷᠯᠠᠨ᠎ᠠ᠃ ᠭᠠᠵᠠᠷ ᠳᠤᠤᠷᠠᠬᠢ ᠤᠰᠤ᠂ ᠠᠮᠢᠳᠤᠷᠠᠯ ᠳᠤ ᠬᠡᠷᠡᠭᠰᠡᠬᠦ ᠤᠰᠤ ᠶᠢ ᠦᠵᠡᠮᠵᠢ ᠶᠢᠨ ᠭᠤᠤᠯ᠂ | ᠵᠤᠬᠢᠶᠠᠮᠠᠯ ᠨᠠᠭᠤᠷ ᠲᠤ ᠬᠡᠷᠡᠭᠯᠡᠬᠦ ᠶᠢ ᠴᠠᠭᠠᠵᠠᠯᠠᠨ᠎ᠠ᠃ ᠠᠷᠪᠠᠨ ᠵᠢᠷᠭᠤᠳᠤᠭᠠᠷ ᠵᠤᠷᠪᠤᠰ ᠤᠯᠤᠰ ᠤᠨ ᠪᠠᠶᠢᠢᠯᠳᠤᠬᠤ | ᠪᠤᠳᠤᠯᠭ᠎ᠠ ᠶᠢᠨ ᠴᠢᠨᠠᠷ ᠤᠨ ᠪᠤᠰᠤ ᠠᠭᠤᠷᠬᠠᠢ ᠶᠢᠨ ᠡᠬᠢ ᠪᠠᠶᠠᠯᠢᠭ ᠢ ᠮᠠᠯᠲᠠᠨ ᠨᠡᠭᠡᠭᠡᠬᠦ ᠶᠠᠪᠤᠴᠠ ᠳᠤᠮᠳᠠ ᠭᠠᠵᠠᠷ | ᠳᠤᠤᠷᠠᠬᠢ ᠤᠰᠤ ᠶᠢ ᠶᠡᠭᠡ ᠬᠡᠮᠵᠢᠶ᠎ᠡ ᠪᠠᠷ ᠲᠠᠲᠠᠨ ᠭᠠᠷᠭᠠᠬᠤ ᠴᠢᠬᠤᠯᠠᠲᠠᠢ ᠪᠣᠯᠵᠤ᠂ ᠡᠷᠭᠢᠨ ᠲᠤᠭᠤᠷᠢᠨ ᠤ ᠭᠠᠵᠠᠷ | ᠤᠷᠤᠨ ᠤ ᠭᠠᠵᠠᠷ ᠳᠤᠤᠷᠠᠬᠢ ᠤᠰᠤᠨ ᠲᠦᠪᠰᠢᠨ ᠢ ᠪᠠᠭᠤᠷᠠᠭᠤᠯᠬᠤ ᠪᠤᠶᠤ ᠤᠷᠴᠢᠨ ᠲᠤᠭᠤᠷᠢᠨ ᠢ ᠪᠣᠬᠢᠷᠲᠤᠭᠤᠯᠬᠤ | ᠳᠠᠯᠳᠠ ᠭᠡᠮ ᠲᠠᠢ ᠪᠤᠯ᠂ ᠠᠭᠤᠷᠬᠠᠢ ᠨᠡᠭᠡᠭᠡᠨ ᠮᠠᠯᠲᠠᠬᠤ ᠤᠰᠤ ᠲᠠᠲᠠᠬᠤ ᠵᠦᠪᠰᠢᠶᠡᠷᠡᠯ ᠤᠨ ᠡᠷᠡᠮᠡᠯᠵᠡᠯᠡᠯ ᠢ | ᠵᠦᠪᠰᠢᠶᠡᠷᠡᠵᠦ ᠪᠤᠯᠬᠤ ᠦᠭᠡᠢ᠃ ᠨᠢᠭᠡᠨᠲᠡ ᠨᠡᠭᠡᠭᠡᠨ ᠮᠠᠯᠲᠠᠭᠰᠠᠨ ᠠᠭᠤᠷᠬᠠᠢ ᠳᠤ᠂ ᠭᠠᠵᠠᠷ ᠳᠤᠤᠷᠠᠬᠢ ᠤᠰᠤ ᠶᠢ | ᠲᠠᠲᠠᠨ ᠭᠠᠳᠠᠭᠰᠢᠯᠠᠭᠤᠯᠬᠤ ᠠᠴᠠ ᠪᠤᠯᠵᠤ ᠡᠷᠭᠢᠨ ᠲᠤᠭᠤᠷᠢᠨ ᠤ ᠭᠠᠵᠠᠷ ᠤᠷᠤᠨ ᠤ ᠭᠠᠵᠠᠷ ᠳᠤᠤᠷᠠᠬᠢ ᠤᠰᠤᠨ | ᠲᠦᠪᠰᠢᠨ ᠦᠷᠭᠦᠯᠵᠢᠯᠡᠨ ᠳᠣᠷᠣᠭᠰᠢᠯᠠᠭᠰᠠᠨ ᠪᠤᠶᠤ ᠤᠷᠴᠢᠨ ᠲᠤᠭᠤᠷᠢᠨ ᠪᠣᠬᠢᠷᠲᠤᠭᠤᠯᠪᠠᠯ᠂ ᠬᠤᠭᠤᠴᠠᠭ᠎ᠠ | ᠬᠢᠵᠠᠭᠠᠷᠯᠠᠨ ᠬᠠᠭᠠᠵᠤ ᠵᠣᠭᠰᠣᠭᠠᠨ᠎ᠠ᠃ ᠲᠦᠷᠪᠡᠳᠦᠭᠡᠷ ᠪᠦᠯᠦᠭ ᠬᠠᠮᠠᠭᠠᠯᠠᠬᠤ ᠪᠠ ᠬᠠᠮᠢᠶᠠᠷᠬᠤ ᠠᠷᠪᠠᠨ ᠲᠤᠯᠤᠳᠤᠭᠠᠷ | ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠭᠠᠵᠠᠷ ᠳᠤᠤᠷᠠᠬᠢ | ᠤᠰᠤ ᠶᠢ ᠬᠠᠮᠠᠭᠠᠯᠠᠬᠤ ᠱᠠᠭᠠᠷᠳᠠᠯᠭ᠎ᠠ ᠶᠢ ᠦᠨᠳᠦᠰᠦᠯᠡᠨ᠂ ᠠᠮᠢ ᠠᠬᠤᠢ ᠶᠢᠨ ᠤᠷᠴᠢᠨ ᠲᠤᠭᠤᠷᠢᠨ ᠢ | ᠰᠠᠶᠢᠢᠵᠢᠷᠠᠭᠤᠯᠬᠤ᠂ ᠭᠠᠵᠠᠷ ᠳᠤᠤᠷᠠᠬᠢ ᠤᠰᠤᠨ ᠰᠤᠷᠪᠤᠯᠵᠢ ᠶᠢ ᠬᠠᠳᠠᠭᠠᠯᠠᠬᠤ᠂ ᠭᠠᠵᠠᠷ ᠳᠡᠭᠡᠷᠡᠬᠢ ᠤᠰᠤ ᠶᠢ | ᠰᠢᠯᠢᠳᠡᠭᠵᠢᠭᠦᠯᠦᠨ ᠲᠤᠬᠢᠷᠠᠭᠤᠯᠬᠤ᠂ ᠭᠠᠳᠠᠨ᠎ᠠ ᠠᠴᠠ ᠤᠰᠤ ᠲᠠᠲᠠᠬᠤ ᠪᠠ ᠳᠠᠬᠢᠯᠲᠠ ᠤᠰᠤ ᠶᠢ ᠠᠰᠢᠭᠯᠠᠬᠤ ᠵᠡᠷᠭᠡ | ᠠᠷᠭ᠎ᠠ ᠬᠡᠮᠵᠢᠶ᠎ᠡ ᠠᠪᠴᠦ᠂ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠪᠠ ᠨᠦᠬᠦᠪᠦᠷᠢᠯᠡᠬᠦ ᠲᠡᠩᠴᠡᠭᠦᠷᠢ ᠶᠢ | ᠬᠠᠮᠠᠭᠠᠯᠠᠬᠤ ᠬᠡᠷᠡᠭᠲᠡᠢ᠃ ᠠᠷᠪᠠᠨ ᠨᠠᠶᠢᠮᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠵᠠᠰᠠᠭ ᠤᠨ | ᠤᠷᠳᠤᠨ ᠨᠢ ᠭᠠᠵᠠᠷ ᠳᠤᠤᠷᠠᠬᠢ ᠤᠰᠤ ᠶᠢ ᠬᠡᠳᠦᠷᠡᠲᠡᠯ᠎ᠡ ᠬᠡᠷᠡᠭᠯᠡᠭᠰᠡᠨ ᠣᠷᠣᠨ ᠢ ᠲᠦᠯᠦᠪᠯᠡᠭᠡ ᠲᠠᠢ ᠪᠠᠷ ᠵᠠᠰᠠᠨ | ᠴᠡᠭᠴᠡᠯᠡᠬᠦ ᠬᠡᠷᠡᠭᠲᠡᠢ᠃ ᠬᠤᠰᠢᠭᠤ ᠰᠢᠶᠠᠨ ᠲᠤᠭᠤᠷᠢᠭ ᠠᠯᠤᠰᠯᠠᠭᠰᠠᠨ ᠭᠠᠵᠠᠷ ᠳᠤᠤᠷᠠᠬᠢ ᠤᠰᠤ ᠶᠢ ᠬᠡᠳᠦᠷᠡᠲᠡᠯ᠎ᠡ | ᠬᠡᠷᠡᠭᠯᠡᠭᠰᠡᠨ ᠣᠷᠣᠨ ᠢ ᠵᠠᠰᠠᠨ ᠴᠡᠭᠴᠡᠯᠡᠬᠦ ᠳᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠬᠡᠷᠡᠭᠯᠡᠭᠰᠡᠨ ᠣᠷᠣᠨ ᠢ ᠵᠠᠰᠠᠨ ᠴᠡᠭᠴᠡᠯᠡᠬᠦ ᠲᠦᠰᠦᠯ ᠵᠣᠬᠢᠶᠠᠨ ᠪᠠᠶᠢᠭᠤᠯᠤᠨ ᠲᠤᠭᠳᠠᠭᠠᠵᠦ᠂ | ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠵᠤᠬᠢᠶᠠᠨ ᠪᠠᠶᠢᠢᠭᠤᠯᠤᠨ ᠬᠡᠷᠡᠭᠵᠢᠭᠦᠯᠦᠨ᠎ᠡ᠃ | ᠠᠷᠪᠠ ᠶᠢᠰᠦᠳᠦᠭᠡᠷ ᠵᠤᠷᠪᠤᠰ ᠤᠷᠤᠨ ᠬᠡᠴᠡ ᠶᠢᠨ ᠭᠠᠵᠠᠷ ᠳᠤᠤᠷᠠᠬᠢ ᠤᠰᠤᠨ ᠤ ᠬᠡᠮᠵᠢᠶ᠎ᠡ ᠪᠤᠯᠤᠨ ᠤᠰᠤᠨ | ᠲᠦᠪᠰᠢᠨ ᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠎ᠡ᠃ ᠬᠤᠰᠢᠭᠤ ᠰᠢᠶᠡᠨ ᠲᠤᠭᠤᠷᠢᠭ ᠢᠶᠠᠷ ᠨᠢᠭᠡᠴᠢ ᠪᠤᠯᠭᠠᠨ᠂ | ᠵᠢᠯ ᠤᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠭᠰᠡᠨ ᠶᠡᠷᠤᠩᠬᠡᠢ ᠬᠡᠮᠵᠢᠶ᠎ᠡ ᠨᠢ ᠬᠢᠵᠠᠭᠠᠷᠯᠠᠬᠤ ᠵᠢᠭᠠᠯᠲᠠ | ᠲᠤᠭᠠᠨ ᠳᠤ ᠬᠦᠷᠬᠦ ᠪᠤᠶᠤ ᠬᠡᠳᠦᠷᠡᠭᠰᠡᠨ ᠡᠰᠡᠭᠦᠯ᠎ᠡ ᠭᠠᠵᠠᠷ ᠳᠤᠤᠷᠠᠬᠢ ᠤᠰᠤᠨ ᠲᠥᠪᠰᠢᠨ ᠲᠤᠰ ᠵᠠᠰᠠᠭ ᠵᠠᠬᠢᠷᠭᠠᠨ ᠤ | ᠤᠷᠤᠨ ᠤ ᠬᠢᠵᠠᠭᠠᠷᠯᠠᠬᠤ ᠤᠰᠤᠨ ᠲᠦᠪᠰᠢᠨ ᠳᠤ ᠬᠦᠷᠦᠭᠰᠡᠨ ᠪᠤᠶᠤ ᠲᠤᠤᠷ᠎ᠠ ᠪᠤᠯᠪᠠᠯ ᠲᠤᠰ ᠵᠠᠰᠠᠭ ᠵᠠᠬᠢᠷᠭᠠᠨ ᠤ | ᠤᠷᠤᠨ ᠤ ᠳᠠᠷᠠᠭ᠎ᠠ ᠨᠢᠭᠡ ᠵᠢᠯ ᠤᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠪᠠᠷᠢᠮᠵᠢᠶ᠎ᠠ ᠶᠢ ᠵᠤᠬᠢᠬᠤ | ᠬᠡᠮᠵᠢᠶ᠎ᠡ ᠪᠠᠷ ᠬᠠᠰᠤᠨ ᠪᠠᠭᠠᠰᠬᠠᠬᠤ ᠶᠢᠨ ᠬᠠᠮᠲᠦ ᠬᠠᠭᠤᠴᠢᠨ ᠬᠤᠳᠳᠤᠭ ᠢᠶᠠᠨ ᠰᠢᠨᠡᠳᠭᠡᠬᠦ ᠶᠢ ᠴᠢᠩᠭ᠎ᠠ | ᠬᠢᠵᠠᠭᠠᠷᠯᠠᠨ᠎ᠠ᠃ ᠲᠤᠰ ᠵᠤᠷᠪᠤᠰ ᠲᠠᠬᠢ ᠬᠠᠭᠤᠴᠢᠨ ᠬᠤᠳᠳᠤᠭ ᠢ ᠰᠢᠨᠡᠳᠭᠡᠬᠦ ᠬᠡᠳᠡᠭ ᠨᠢ ᠰᠢᠷᠭᠢᠭᠰᠡᠨ ᠬᠤᠳᠳᠤᠭ | ᠪᠤᠶᠤ ᠤᠰᠤᠨ ᠤ ᠬᠡᠮᠵᠢᠶ᠎ᠡ ᠲᠡᠩᠳᠡᠭᠦᠦ ᠪᠠᠭ᠎ᠠ ᠵᠢᠴᠢ ᠬᠤᠳᠳᠤᠭ ᠤᠨ ᠬᠠᠨ᠎ᠠ ᠨᠢ ᠨᠤᠷᠠᠭᠰᠠᠨ ᠵᠡᠷᠭᠡ ᠰᠢᠯᠳᠠᠭᠠᠨ ᠠᠴᠠ | ᠲᠤᠰ ᠬᠤᠳᠳᠤᠭ ᠨᠢ ᠬᠡᠷᠡᠭᠯᠡᠭᠡᠨ ᠠᠴᠠ ᠭᠠᠷᠴᠤ᠂ ᠤᠤᠯ ᠬᠤᠳᠳᠤᠭ ᠢᠶᠠᠷ ᠲᠦᠪ ᠪᠤᠯᠭᠠᠨ ᠷᠠᠳᠢᠦ᠋ᠰ ᠨᠢ 60 | ᠮᠧᠳ᠋ᠷ ᠤᠨ ᠲᠤᠳᠤᠷ᠎ᠠ ᠰᠢᠨ᠎ᠡ ᠬᠤᠳᠳᠤᠭ ᠮᠠᠯᠲᠠᠬᠤ ᠶᠢ ᠵᠢᠭᠠᠵᠦ ᠪᠤᠢ᠃ ᠬᠤᠷᠢᠳᠤᠭᠠᠷ ᠵᠤᠷᠪᠤᠰ ᠮᠠᠰᠢᠨ | ᠬᠤᠳᠳᠤᠭ ᠤᠨ ᠲᠤᠭ᠎ᠠ ᠶᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠂ ᠶᠡᠷᠦ ᠶᠢᠨ ᠪᠠᠶᠢᠢᠳᠠᠯ ᠳᠤ ᠨᠢᠭᠡ ᠬᠤᠳᠳᠤᠭ | ᠰᠢᠨᠡᠳᠭᠡᠪᠡᠯ ᠬᠤᠶᠠᠷ ᠬᠠᠭᠤᠴᠢᠨ ᠬᠤᠳᠳᠤᠭ ᠢ ᠪᠢᠲᠡᠭᠦᠮᠵᠢᠯᠡᠨ᠎ᠡ᠃ ᠬᠤᠷᠢᠨ ᠨᠢᠭᠡᠳᠦᠭᠡᠷ ᠵᠤᠷᠪᠤᠰ ᠮᠠᠰᠢᠨ | ᠬᠤᠳᠳᠤᠭ ᠤᠨ ᠬᠦᠨ ᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠂ ᠬᠦᠮᠦᠨ ᠮᠠᠯ ᠤᠨ ᠤᠰᠤ ᠤᠮᠳᠠ ᠳᠤ ᠬᠡᠷᠡᠭᠯᠡᠬᠦ | ᠂ ᠪᠠᠶᠢᠢᠯᠳᠤᠬᠤ ᠪᠤᠳᠤᠯᠭ᠎ᠠ ᠶᠢᠨ ᠨᠦᠬᠡᠴᠡ ᠵᠢᠴᠢ ᠪᠠᠴᠢᠮ ᠪᠠᠶᠢᠢᠳᠠᠯ ᠢ ᠠᠷᠭᠠᠴᠠᠬᠤ ᠤᠰᠤᠨ ᠰᠤᠷᠪᠤᠯᠵᠢ ᠠᠴᠠ | ᠭᠠᠳᠠᠨ᠎ᠠ ᠮᠠᠰᠢᠨ ᠬᠤᠳᠳᠤᠭ ᠤᠨ ᠭᠦᠨ ᠢ ᠵᠠᠭᠤᠨ ᠮᠧᠳ᠋ᠷ ᠠᠴᠠ ᠬᠡᠳᠦᠷᠡᠵᠦ ᠪᠤᠯᠬᠤ ᠦᠬᠡᠢ᠃ ᠬᠤᠷᠢᠨ | ᠬᠤᠶᠠᠳᠤᠭᠠᠷ ᠵᠤᠷᠪᠤᠰ ᠤᠯᠠᠨ ᠨᠡᠶᠢᠢᠲᠡ ᠶᠢᠨ ᠤᠰᠤ ᠬᠠᠨᠭ᠍ᠭᠠᠬᠤ ᠬᠤᠭᠤᠯᠠᠢ ᠲᠣᠣᠷᠵᠢᠯ ᠤᠨ ᠪᠦᠷᠬᠦᠯᠲᠡ ᠶᠢᠨ | ᠬᠡᠪᠴᠢᠶᠡᠨ ᠲᠤᠳᠤᠷᠠᠬᠢ ᠦᠪᠡᠷ ᠤᠨ ᠪᠡᠯᠡᠳᠬᠡᠯ ᠬᠤᠳᠳᠤᠭ ᠢ ᠦᠮᠴᠢᠯᠡᠯ ᠤᠨ ᠨᠢᠭᠡᠴᠡ ᠪᠤᠶᠤ ᠬᠤᠪᠢ ᠬᠦᠮᠦᠨ | ᠬᠠᠮᠢᠶ᠎ᠠ ᠪᠦᠬᠦᠢ ᠲᠤᠭᠲᠠᠭᠠᠯ ᠢᠶᠠᠷ ᠲᠤᠭᠲᠠᠭᠰᠠᠨ ᠬᠤᠭᠤᠴᠠᠭᠠᠨ ᠳᠤ ᠪᠢᠳᠡᠭᠦᠮᠵᠢᠯᠡᠬᠦ ᠬᠡᠷᠡᠭᠲᠡᠢ᠃ ᠬᠤᠷᠢᠨ | ᠭᠤᠷᠪᠠᠳᠤᠭᠠᠷ ᠵᠤᠷᠪᠤᠰ ᠤᠰᠤ ᠲᠠᠳᠠᠨ ᠬᠡᠷᠡᠭᠯᠡᠬᠦ ᠨᠢᠭᠡᠴᠡ ᠪᠤᠶᠤ ᠬᠤᠪᠢ ᠬᠦᠮᠦᠨ ᠰᠢᠨ᠎ᠡ ᠪᠠᠷ ᠤᠭᠰᠠᠷᠠᠬᠤ ᠪᠤᠶᠤ | ᠴᠠᠬᠢᠯᠭᠠᠨ ᠬᠡᠷᠡᠭᠯᠡᠬᠦ ᠪᠠᠨ ᠨᠡᠮᠡᠭᠳᠡᠭᠦᠯᠬᠦ ᠪᠠᠷ ᠡᠷᠡᠮᠡᠯᠵᠡᠯᠡᠬᠦ ᠦᠶᠡᠰ ᠤᠰᠤ ᠳᠠᠳᠠᠨ ᠬᠡᠷᠡᠭᠯᠡᠬᠦ ᠭᠤᠶᠤᠴᠢᠯᠠᠯ ᠤᠨ | ᠵᠦᠪᠰᠢᠶᠡᠷᠡᠯ ᠤᠨ ᠪᠢᠴᠢᠭ ᠤᠯᠤᠭᠰᠠᠨ ᠪᠠᠶᠢᠢᠬᠤ ᠬᠡᠷᠡᠭᠲᠡᠢ᠂ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ ᠦᠨᠡᠮᠯᠡᠯ | ᠡᠷᠡᠮᠡᠯᠵᠡᠯᠡᠬᠦ ᠴᠢᠬᠤᠯᠠ ᠦᠭᠡᠢ ᠨᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠢᠶᠠᠷ ᠬᠢᠨᠠᠨ ᠨᠤᠲᠠᠯᠠᠬᠤ ᠬᠡᠷᠡᠭᠲᠡᠢ᠃ ᠬᠤᠷᠢᠨ ᠳᠦᠷᠪᠡᠳᠦᠭᠡᠷ ᠵᠤᠷᠪᠤᠰ ᠬᠤᠲᠠ᠂ ᠬᠤᠰᠢᠭᠤ ᠰᠢᠶᠠᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠨᠢ ᠭᠤᠤᠯ ᠤᠨ ᠬᠡᠪᠡᠯᠢ ᠠᠴᠠ ᠬᠠᠶᠢᠢᠷ ᠮᠠᠯᠲᠠᠬᠤ᠂ ᠬᠦᠳᠡᠭᠡ | ᠲᠤᠰᠬᠤᠨ ᠤ ᠬᠤᠭ ᠨᠤᠪᠰᠢ ᠶᠢ ᠰᠢᠢᠳᠪᠦᠷᠢᠯᠡᠬᠦ ᠪᠠ ᠬᠠᠶᠠᠭᠳᠠᠮᠠᠯ ᠬᠤᠳᠳᠤᠭ᠂ ᠬᠠᠶᠠᠭᠳᠠᠮᠠᠯ ᠠᠭᠤᠷᠬᠠᠢ ᠶᠢᠨ | ᠨᠦᠬᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠭᠠᠵᠠᠷ ᠳᠤᠤᠷᠠᠬᠢ ᠤᠰᠤᠨ ᠤ | ᠪᠣᠬᠢᠷᠲᠤᠯ ᠢ ᠰᠡᠷᠭᠡᠶᠢᠢᠯᠡᠬᠦ ᠬᠡᠷᠡᠭᠲᠡᠢ᠃ ᠭᠤᠤᠯ ᠤᠨ ᠤᠷᠤᠰᠬᠠᠯ ᠢ ᠨᠦᠯᠦᠭᠡᠯᠡᠨ ᠬᠠᠷᠰᠢᠯᠠᠬᠤ ᠬᠠᠶᠢᠢᠷ ᠤᠨ ᠨᠦᠬᠡ ᠶᠢ | ᠦᠮᠴᠢᠲᠡᠨ ᠪᠤᠶᠤ ᠬᠠᠮᠢᠶ᠎ᠠ ᠪᠦᠬᠦᠢ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠴᠠᠭ | ᠲᠤᠬᠠᠢ ᠳᠤᠨᠢ ᠪᠤᠯᠠᠵᠤ᠂ ᠪᠤᠵᠠᠷ ᠤᠰᠤ ᠵᠡᠷᠭᠡ ᠪᠤᠬᠢᠷᠳᠤᠯᠲᠤ ᠪᠤᠳᠠᠰ ᠬᠤᠷᠠᠮᠳᠤᠵᠤ ᠭᠠᠵᠠᠷ ᠳᠤᠤᠷᠠᠬᠢ ᠤᠰᠤᠨ ᠤ | ᠪᠤᠬᠢᠷᠳᠤᠯ ᠡᠭᠦᠰᠬᠦ ᠶᠢ ᠰᠡᠷᠭᠡᠶᠢᠢᠯᠡᠬᠦ ᠬᠡᠷᠡᠭᠲᠡᠢ᠃ ᠬᠦᠳᠡᠭᠡ ᠲᠤᠰᠬᠤᠨ ᠮᠠᠯᠵᠢᠬᠤ ᠣᠷᠣᠨ ᠤ ᠬᠤᠭ ᠨᠤᠪᠰᠢ ᠪᠠᠨ | ᠲᠦᠪᠯᠡᠷᠡᠬᠦᠯᠦᠨ ᠤᠪᠤᠭᠠᠯᠠᠵᠤ ᠪᠤᠯᠠᠨ ᠰᠢᠢᠳᠪᠤᠷᠢᠯᠡᠵᠦ ᠪᠠᠶᠢᠢᠭ᠎ᠠ ᠭᠠᠵᠠᠷ ᠤᠷᠤᠨ ᠤ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠤᠷᠳᠤᠨ ᠪᠤᠶᠤ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠨᠠᠪᠴᠢᠨ | ᠭᠤᠭᠤᠵᠢᠬᠤ ᠶᠢ ᠰᠡᠷᠭᠡᠶᠢᠢᠯᠡᠬᠦ ᠠᠷᠭ᠎ᠠ ᠠᠪᠴᠤ᠂ ᠭᠠᠵᠠᠷ ᠳᠤᠤᠷᠠᠬᠢ ᠤᠰᠤ ᠶᠢ ᠪᠤᠬᠢᠷᠳᠤᠭᠤᠯᠬᠤ ᠶᠢ ᠰᠡᠷᠭᠡᠶᠢᠢᠯᠡᠬᠦ | ᠬᠡᠷᠡᠭᠲᠡᠢ᠃ ᠭᠤᠤᠯ ᠤᠨ ᠬᠡᠪᠡᠯᠢ᠂ ᠭᠤᠤ ᠰᠤᠪᠠᠭ᠂ ᠬᠠᠶᠠᠭᠳᠠᠮᠠᠯ ᠬᠤᠳᠳᠤᠭ᠂ ᠬᠠᠶᠠᠭᠳᠠᠮᠠᠯ ᠠᠭᠤᠷᠬᠠᠢ ᠶᠢᠨ ᠨᠦᠬᠡ | ᠵᠡᠷᠭᠡ ᠭᠠᠵᠠᠷ ᠲᠤ ᠬᠤᠭ ᠨᠤᠪᠰᠢ ᠵᠡᠷᠭᠡ ᠪᠤᠬᠢᠷᠳᠤᠯᠲᠤ ᠪᠤᠳᠠᠰ ᠴᠢᠳᠬᠤᠬᠤ ᠶᠢ ᠴᠠᠭᠠᠵᠠᠯᠠᠨ᠎ᠠ᠃ ᠬᠤᠷᠢᠨ | ᠲᠠᠪᠤᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠬᠠᠮᠲᠤᠷᠠᠨ ᠭᠠᠵᠠᠷ ᠳᠤᠤᠷᠠᠬᠢ ᠤᠰᠤᠨ ᠤ ᠬᠦᠳᠡᠯᠦᠩᠭᠦᠢ ᠬᠢᠨᠠᠨ ᠬᠡᠮᠵᠢᠯᠲᠡ ᠶᠢᠨ ᠦᠷᠲᠡᠭᠡ ᠲᠤᠤᠷ ᠢ ᠨᠢᠭᠡᠳᠦᠯᠲᠡᠢ | ᠪᠠᠶᠢᠢᠭᠤᠯᠵᠤ᠂ ᠭᠠᠵᠠᠷ ᠳᠤᠤᠷᠠᠬᠢ ᠤᠰᠤᠨ ᠲᠦᠪᠰᠢᠨ᠂ ᠤᠰᠤᠨ ᠤ ᠬᠡᠮᠵᠢᠶ᠎ᠡ᠂ ᠤᠰᠤᠨ ᠤ ᠶᠠᠰᠤ ᠴᠢᠨᠠᠷ᠂ | ᠤᠰᠤᠨ ᠤ ᠳᠤᠯᠠᠭᠠᠨ ᠤ ᠬᠡᠮᠵᠢᠶ᠎ᠡ ᠵᠡᠷᠭᠡ ᠶᠢ ᠬᠢᠨᠠᠨ ᠬᠡᠮᠵᠢᠵᠦ᠂ ᠬᠢᠨᠠᠨ ᠬᠡᠮᠵᠢᠭᠰᠡᠨ ᠪᠢᠴᠢᠭ ᠮᠠᠲ᠋ᠧᠷᠢᠶᠠᠯ ᠢᠶᠠᠨ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠮᠬᠢᠯᠡᠨ | ᠨᠠᠶᠢᠷᠠᠭᠤᠯᠵᠤ᠂ ᠮᠡᠳᠡᠭᠡ ᠵᠠᠩᠬᠢ ᠶᠢ ᠬᠠᠮᠲᠤᠪᠡᠷ ᠡᠳ᠋ᠯᠡᠬᠦ ᠶᠢ ᠬᠡᠷᠡᠭᠵᠢᠭᠦᠯᠦᠨ᠎ᠡ᠃ ᠲᠠᠪᠤᠳᠤᠭᠠᠷ ᠪᠦᠯᠦᠭ ᠬᠠᠤᠯᠢ | ᠴᠠᠭᠠᠵᠠ ᠶᠢᠨ ᠬᠠᠷᠢᠭᠤᠴᠠᠯᠭ᠎ᠠ ᠬᠤᠷᠢᠨ ᠵᠢᠷᠭᠤᠳᠤᠭᠠᠷ ᠵᠤᠷᠪᠤᠰ ᠲᠤᠰ ᠳᠦᠷᠢᠮ ᠠᠴᠠ ᠵᠦᠷᠢᠴᠡᠭᠰᠡᠨ ᠵᠦᠢᠯ ᠢ | ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠪᠠ ᠦᠪᠡᠷᠲᠡᠭᠡᠨ ᠵᠠᠰᠠᠬᠤ ᠤᠷᠤᠨ ᠤ ᠤᠷᠤᠨ ᠨᠤᠲᠤᠭ ᠤᠨ | ᠴᠢᠨᠠᠷᠲᠠᠢ ᠬᠠᠤᠯᠢ ᠳᠦᠷᠢᠮ ᠨᠢ ᠨᠢᠭᠡᠨᠲᠡ ᠲᠤᠷᠭᠠᠨ ᠰᠢᠢᠳᠪᠦᠷᠢᠯᠡᠬᠦ ᠳᠦᠷᠢᠮ ᠭᠠᠷᠭᠠᠭᠰᠠᠨ ᠪᠠᠶᠢᠢᠪᠠᠯ᠂ ᠲᠤᠷᠭᠠᠨ | ᠰᠢᠢᠳᠪᠦᠷᠢᠯᠡᠬᠦ ᠳᠦᠷᠢᠮ ᠶᠣᠰᠣᠭᠠᠷ ᠰᠢᠢᠳᠪᠦᠷᠢᠯᠡᠨ᠎ᠡ᠃ ᠬᠤᠷᠢᠨ ᠳᠤᠯᠤᠳᠤᠭᠠᠷ ᠵᠤᠷᠪᠤᠰ ᠬᠤᠲᠠ᠂ ᠬᠤᠰᠢᠭᠤ | ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠤᠰᠤ ᠪᠠᠷ | ᠬᠤᠲᠠ ᠶᠢ ᠲᠤᠭᠲᠠᠭᠠᠬᠤ᠂ ᠤᠰᠤ ᠪᠠᠷ ᠦᠢᠯᠡᠳᠪᠤᠷᠢᠯᠡᠯ ᠢ ᠲᠤᠭᠲᠠᠭᠠᠬᠤ᠂ ᠲᠠᠳᠠᠨ ᠭᠡᠷᠡᠭᠯᠡᠬᠦ ᠪᠠ ᠨᠦᠬᠦᠪᠦᠷᠢᠯᠡᠬᠦ | ᠲᠡᠩᠴᠡᠭᠦᠷᠢ᠂ ᠦᠷᠭᠦᠯᠵᠢᠯᠡᠬᠦ᠋ᠢᠢᠴᠡ ᠬᠦᠭᠵᠢᠯᠲᠡ ᠶᠢᠨ ᠵᠠᠷᠴᠢᠮ ᠲᠤᠭᠳᠠᠭᠠᠯ ᠢ ᠵᠦᠷᠢᠴᠡᠨ ᠭᠠᠵᠠᠷ ᠳᠤᠤᠷᠠᠬᠢ | ᠤᠰᠤᠨ ᠳᠤ ᠬᠤᠯᠪᠤᠭᠳᠠᠬᠤ ᠵᠦᠢᠯ ᠢ ᠲᠣᠭᠲᠠᠭᠠᠭᠰᠠᠨ ᠪᠤᠶᠤ ᠲᠤᠰ ᠳᠦᠷᠢᠮ ᠳᠤ ᠲᠤᠭᠲᠠᠭᠠᠭᠰᠠᠨ ᠬᠠᠮᠠᠭᠠᠯᠠᠨ | ᠬᠠᠮᠢᠶᠠᠷᠬᠤ ᠠᠷᠭ᠎ᠠ ᠬᠡᠮᠵᠢᠶ᠎ᠡ ᠶᠢ ᠭᠦᠢᠴᠡᠳᠭᠡᠭᠰᠡᠨ ᠦᠭᠡᠢ ᠠᠴᠠ ᠪᠤᠯᠵᠤ᠂ ᠲᠤᠰ ᠵᠠᠰᠠᠭ ᠵᠠᠬᠢᠷᠭᠠᠨ ᠤ ᠤᠷᠤᠨ | ᠭᠡᠴᠡ ᠶᠢᠨ ᠭᠠᠵᠠᠷ ᠳᠤᠤᠷᠠᠬᠢ ᠤᠰᠤᠨ ᠲᠦᠪᠰᠢᠨ ᠢ ᠬᠢᠵᠠᠭᠠᠷᠯᠠᠬᠤ ᠲᠦᠪᠰᠢᠨ ᠠᠴᠠ ᠳᠤᠤᠷ᠎ᠠ ᠪᠤᠯᠤᠭᠰᠠᠨ ᠪᠤᠯ | ᠬᠠᠮᠢᠶ᠎ᠠ ᠪᠦᠬᠦᠢ ᠲᠤᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠤᠷᠢᠨ ᠨᠠᠶᠢᠮᠠᠳᠤᠭᠠᠷ ᠵᠤᠷᠪᠤᠰ ᠬᠤᠲᠠ᠂ | ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ | ᠠᠵᠢᠯᠲᠠᠨ ᠳᠤ ᠳᠤᠤᠷᠠᠬᠢ ᠦᠢᠯᠡ ᠠᠵᠢᠯᠯᠠᠭ᠎ᠠ ᠢᠯᠡᠷᠡᠪᠡᠯ ᠬᠠᠮᠢᠶ᠎ᠠ ᠪᠦᠬᠦᠢ ᠪᠠᠶᠢᠢᠭᠤᠯᠤᠯᠭᠠ ᠪᠤᠶᠤ ᠰᠠᠯᠠᠭ᠎ᠠ | ᠮᠦᠴᠢᠷ ᠠᠴᠠ ᠵᠠᠷᠯᠢᠭᠳᠠᠨ ᠵᠠᠰᠠᠨ ᠰᠠᠶᠢᠵᠢᠷᠠᠭᠤᠯᠤᠨ᠎ᠠ᠂ ᠪᠠᠶᠢᠢᠳᠠᠯ ᠨᠢ ᠬᠦᠨᠳᠦ ᠨᠤᠴᠢᠲᠠᠢ ᠪᠤᠯ ᠰᠢᠭᠤᠳ | ᠬᠠᠷᠢᠭᠤᠴᠠᠵᠤ ᠪᠠᠶᠢᠢᠭ᠎ᠠ ᠭᠤᠤᠯᠯᠠᠨ ᠬᠠᠮᠢᠶᠠᠷᠤᠭᠴᠢ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ | ᠬᠠᠤᠯᠢ ᠶᠤᠰᠤᠭᠠᠷ ᠰᠢᠳᠭᠡᠯ ᠤᠯᠭᠤᠨ᠎ᠠ᠂ ᠶᠠᠯ᠎ᠠ ᠬᠢᠭᠰᠡᠨ ᠳᠤ ᠲᠤᠭᠠᠴᠠᠭᠳᠠᠪᠠᠯ᠂ ᠬᠠᠤᠯᠢ ᠶᠤᠰᠤᠭᠠᠷ ᠡᠷᠡᠭᠦᠦ ᠶᠢᠨ | ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ ︵ᠨᠢᠭᠡ︶ ᠲᠤᠰ ᠳᠦᠷᠢᠮ ᠠᠴᠠ ᠵᠦᠷᠢᠴᠡᠨ ᠤᠰᠤ ᠲᠠᠲᠠᠨ ᠬᠡᠷᠡᠭᠯᠡᠬᠦ | ᠵᠦᠪᠰᠢᠶᠡᠷᠡᠯ ᠤᠨ ᠵᠦᠢᠯ ᠢ ᠭᠦᠢᠴᠡᠳᠭᠡᠬᠦ ᠪᠤᠶᠤ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ ᠬᠢᠨᠠᠨ | ᠵᠦᠪᠰᠢᠶᠡᠷᠡᠯᠲᠡ ᠶᠢ ᠬᠠᠷᠰᠢᠯᠠᠭᠰᠠᠨ᠃ ︵ᠬᠤᠶᠠᠷ︶ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠭᠰᠡᠨ ᠶᠡᠷᠦᠩᠬᠡᠢ | ᠬᠡᠮᠵᠢᠶ᠎ᠡ ᠨᠢ ᠵᠢᠯ ᠤᠨ ᠤᠰᠤ ᠲᠠᠲᠠᠨ ᠬᠡᠷᠡᠭᠯᠡᠬᠦ ᠬᠢᠵᠠᠭᠠᠷᠯᠠᠬᠤ ᠵᠢᠭᠠᠯᠳᠠ ᠲᠤᠭ᠎ᠠ ᠳᠤ ᠬᠦᠷᠬᠦ ᠪᠤᠶᠤ ᠬᠡᠲᠦᠷᠡᠵᠤ᠂ | ᠲᠤᠰ ᠳᠦᠷᠢᠮ ᠳᠤ ᠲᠤᠭᠲᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ᠃ ︵ᠭᠤᠷᠪᠠ︶ ᠭᠠᠵᠠᠷ ᠳᠤᠤᠷᠠᠬᠢ | ᠤᠰᠤᠨ ᠲᠦᠪᠰᠢᠨ ᠢ ᠬᠢᠵᠠᠭᠠᠷᠯᠠᠬᠤ ᠲᠦᠪᠰᠢᠨ ᠳᠤ ᠬᠦᠷᠦᠭᠰᠡᠨ ᠪᠤᠶᠤ ᠬᠢᠵᠠᠭᠠᠷᠯᠠᠬᠤ ᠲᠦᠪᠰᠢᠨ ᠠᠴᠠ ᠳᠤᠤᠷ᠎ᠠ | ᠪᠤᠯᠵᠤ᠂ ᠲᠤᠰ ᠳᠦᠷᠢᠮ ᠳᠤ ᠲᠤᠭᠲᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ᠃ ︵ᠳᠦᠷᠪᠡ︶ | ᠲᠦᠯᠦᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠤᠶᠤ ᠪᠦᠲᠦᠭᠡᠨ ᠪᠠᠶᠢᠢᠭᠤᠯᠤᠯᠲᠠ ᠶᠢᠨ ᠲᠦᠷᠦᠯ | ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠬᠡᠪᠴᠢᠶᠡᠨ ᠳᠤ ᠬᠠᠷᠢᠶᠠᠯᠠᠭᠳᠠᠭᠰᠠᠨ ᠪᠤᠯᠪᠠᠴᠤ | ᠨᠤᠲᠠᠯᠠᠯᠲᠠ ᠳᠠᠮᠵᠢᠭᠰᠠᠨ ᠦᠭᠡᠢ ᠪᠠᠷ ᠬᠠᠮᠢᠶ᠎ᠠ ᠪᠦᠬᠦᠢ ᠲᠦᠯᠦᠪᠵᠢᠭᠦᠯᠭᠡ ᠪᠤᠶᠤ ᠪᠦᠲᠦᠭᠡᠨ ᠪᠠᠶᠢᠢᠭᠤᠯᠤᠯᠲᠠ ᠶᠢᠨ | ᠲᠦᠷᠦᠯ ᠵᠦᠢᠯ ᠢ ᠵᠦᠪᠰᠢᠶᠡᠷᠡᠭᠰᠡᠨ᠃ ︵ᠲᠠᠪᠤ︶ ᠲᠤᠰ ᠳᠦᠷᠢᠮ ᠳᠤ ᠲᠤᠭᠲᠠᠭᠠᠭᠰᠠᠨ ᠬᠢᠨᠠᠯᠲᠠ ᠲᠠᠯᠪᠢᠬᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ᠂ ᠭᠠᠵᠠᠷ ᠳᠤᠤᠷᠠᠬᠢ ᠤᠰᠤ ᠶᠢ ᠬᠤᠬᠢᠷᠠᠭᠤᠯᠬᠤ᠂ | ᠪᠤᠬᠢᠷᠳᠤᠭᠤᠯᠬᠤ ᠪᠤᠶᠤ ᠬᠠᠤᠯᠢ ᠠᠴᠠ ᠵᠦᠷᠢᠴᠡᠨ ᠨᠡᠭᠡᠭᠡᠨ ᠠᠰᠢᠭᠯᠠᠬᠤ ᠦᠢᠯᠡ ᠠᠵᠢᠯᠯᠠᠭ᠎ᠠ ᠶᠢᠨ ᠢᠯᠡᠴᠢᠯᠡᠨ | ᠮᠡᠳᠡᠭᠦᠯᠦᠯᠲᠡ ᠶᠢ ᠲᠤᠰᠤᠭᠠᠳ ᠪᠠᠶᠢᠢᠴᠠᠭᠠᠨ ᠰᠢᠢᠳᠪᠦᠷᠢᠯᠡᠭᠰᠡᠨ ᠦᠭᠡᠢ᠃ ︵ᠵᠢᠷᠭᠤᠭ᠎ᠠ︶ ᠭᠠᠵᠠᠷ ᠲᠤᠤᠷᠠᠬᠢ | ᠤᠰᠤ ᠶᠢ ᠲᠠᠲᠠᠨ ᠭᠡᠷᠡᠭᠯᠡᠬᠦ ᠳᠤ ᠬᠤᠯᠪᠣᠭᠳᠠᠬᠤ ᠠᠵᠢᠯ ᠳᠤ᠂ ᠠᠳᠠᠯᠢ ᠱᠠᠳᠤᠨ ᠤ ᠤᠰᠤᠨ ᠤ ᠶᠠᠪᠤᠳᠠᠯ ᠤᠨ ᠵᠠᠰᠠᠬ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ ᠬᠤᠷᠢᠶᠠᠭᠰᠠᠨ ᠦᠬᠡᠢ ᠪᠤᠶᠤ ᠤᠰᠤᠨ ᠤ | ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠳᠠᠯᠢ ᠪᠤᠰᠤ ᠰᠠᠨᠠᠯ | ᠳᠤᠷᠠᠳᠤᠭᠰᠠᠨ ᠳᠤ ᠬᠠᠷᠢᠨ ᠲᠤᠰ ᠰᠠᠯᠠᠭ᠎ᠠ ᠮᠦᠴᠢᠷ ᠤᠨ ᠰᠠᠨᠠᠯ ᠢᠶᠠᠷ ᠢᠶᠠᠨ ᠰᠢᠢᠳᠪᠦᠷᠢ ᠲᠣᠭᠲᠠᠭᠠᠭᠰᠠᠨ᠃ ︵ | ᠲᠤᠯᠤᠭ᠎ᠠ︶ ᠡᠷᠭᠡ ᠲᠤᠰᠢᠶᠠᠯ ᠢᠶᠠᠨ ᠲᠤᠷᠠᠪᠠᠷ ᠭᠡᠷᠡᠭᠯᠡᠭᠰᠡᠨ᠂ ᠠᠯᠪᠠᠨ ᠲᠤᠰᠢᠶᠠᠯ ᠳᠤ ᠠᠯᠮᠠᠶᠢᠢᠷᠠᠨ ᠤᠰᠤᠯᠳᠠᠭᠰᠠᠨ᠂ | ᠨᠢᠭᠤᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃ ᠬᠤᠷᠢ ᠶᠢᠰᠦᠳᠦᠭᠡᠷ ᠵᠤᠷᠪᠤᠰ | ᠲᠤᠰ ᠳᠦᠷᠢᠮ ᠤᠨ ᠠᠷᠪᠠᠨ ᠲᠦᠷᠪᠡᠳᠦᠭᠡᠷ ᠵᠤᠷᠪᠤᠰ ᠢ ᠵᠦᠷᠢᠴᠡᠵᠦ᠂ ᠳᠠᠬᠢᠯᠳᠠ ᠤᠰᠦ ᠪᠤᠶᠤ ᠭᠠᠵᠠᠷ ᠤᠨ | ᠭᠠᠳᠠᠷᠭᠤ ᠶᠢᠨ ᠤᠰᠤ ᠶᠢ ᠲᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ ᠪᠦᠷᠬᠦᠴᠡ ᠶᠢᠨ ᠬᠡᠪᠴᠢᠶᠡᠨ ᠳᠤ | ᠢᠳᠡᠭᠡᠨ᠂ ᠡᠮ ᠦᠢᠯᠡᠳᠬᠦ ᠪᠤᠰᠤ ᠠᠵᠦ ᠠᠬᠤᠶᠢᠢᠯᠠᠯ ᠤᠨ ᠦᠢᠯᠡᠳᠪᠦᠷᠢᠯᠡᠯ ᠳᠤ ᠭᠠᠵᠠᠷ ᠲᠤᠤᠷᠠᠬᠢ ᠤᠰᠤ ᠶᠢ | ᠭᠡᠷᠡᠭᠯᠡᠪᠡᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠤᠰᠤᠨ ᠤ | ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠡᠷᠭᠡ ᠲᠤᠰᠢᠶᠠᠯ ᠶᠤᠰᠤᠭᠠᠷ ᠬᠠᠤᠯᠢ ᠶᠢ | ᠵᠦᠷᠢᠴᠡᠭᠰᠡᠨ ᠠᠵᠢᠯᠯᠠᠭ᠎ᠠ ᠶᠢ ᠵᠠᠷᠯᠢᠬᠳᠠᠨ ᠵᠤᠬᠰᠤᠭᠠᠵᠦ᠂ ᠬᠤᠭᠤᠴᠠᠭ᠎ᠠ ᠲᠣᠭᠲᠠᠭᠠᠨ ᠭᠠᠵᠠᠷ ᠲᠤᠤᠷᠠᠬᠢ ᠤᠰᠤ ᠶᠢ | ᠳᠠᠳᠠᠨ ᠭᠡᠷᠡᠭᠯᠡᠬᠦ ᠲᠦᠬᠦᠭᠡᠷᠦᠮᠵᠢ ᠶᠢ ᠪᠢᠳᠡᠬᠦᠮᠵᠢᠯᠡᠨ᠎ᠠ᠂ ᠬᠤᠭᠤᠴᠠᠭ᠎ᠠ ᠨᠢ ᠬᠡᠳᠦᠷᠴᠦ ᠡᠰᠡ ᠪᠢᠳᠡᠬᠦᠮᠵᠢᠯᠡᠭᠰᠡᠨ | ᠪᠠᠶᠢᠢᠪᠠᠯ᠂ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠭᠡᠷᠡᠭᠵᠢᠬᠦᠯᠵᠦ᠂ ᠠᠯᠢᠪᠠ ᠰᠦᠢᠳᠭᠡᠯ ᠢ | ᠬᠠᠤᠯᠢ ᠵᠦᠷᠢᠴᠡᠭᠰᠡᠨ ᠠᠵᠦ ᠠᠬᠤᠶᠢᠢᠯᠠᠯ ᠡᠭᠦᠷᠭᠡᠯᠡᠬᠦ ᠮᠥᠷᠲᠡᠭᠡᠨ 2 ᠲᠦᠮᠡᠨ ᠲᠦᠬᠦᠷᠢᠭ ᠠᠴᠠ ᠲᠡᠭᠡᠭᠰᠢ 10 | ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ ᠭᠤᠴᠢᠳᠤᠭᠠᠷ ᠵᠤᠷᠪᠤᠰ ᠲᠤᠰ ᠳᠦᠷᠢᠮ ᠤᠨ ᠠᠷᠪᠠᠨ | ᠲᠠᠪᠤᠳᠤᠭᠠᠷ ᠵᠤᠷᠪᠤᠰ ᠢ ᠵᠦᠷᠢᠴᠡᠵᠦ᠂ ᠭᠠᠵᠠᠷ ᠲᠤᠤᠷᠠᠬᠢ ᠤᠰᠤ᠂ ᠠᠮᠢᠳᠤᠷᠠᠯ ᠤᠨ ᠭᠡᠷᠡᠭᠯᠡᠭᠡᠨ ᠤ ᠤᠤᠭᠤᠬᠤ | ᠤᠰᠤ ᠶᠢ ᠦᠵᠡᠮᠵᠢ ᠶᠢᠨ ᠭᠤᠤᠯ᠂ ᠵᠤᠬᠢᠶᠠᠮᠠᠯ ᠨᠠᠭᠤᠷ ᠲᠤ ᠭᠡᠷᠡᠭᠯᠡᠪᠡᠯ᠂ ᠬᠤᠰᠢᠭᠤ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠲᠣᠭᠲᠠᠭᠠᠨ ᠵᠠᠷᠯᠢᠭᠳᠠᠨ ᠵᠠᠯᠠᠷᠠᠭᠤᠯᠬᠤ ᠮᠥᠷᠲᠡᠭᠡᠨ 5 ᠲᠦᠮᠡᠨ | ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ ᠭᠤᠴᠢᠨ ᠨᠢᠭᠡᠳᠦᠭᠡᠷ ᠵᠤᠷᠪᠤᠰ | ᠲᠤᠰ ᠳᠦᠷᠢᠮ ᠤᠨ ᠬᠤᠷᠢᠨ ᠨᠢᠭᠡᠳᠦᠭᠡᠷ ᠵᠤᠷᠪᠤᠰ ᠢ ᠵᠦᠷᠢᠴᠡᠵᠦ᠂ ᠬᠦᠮᠦᠨ ᠮᠠᠯ ᠤᠨ ᠤᠰᠤ ᠤᠮᠳᠠ᠂ ᠪᠠᠶᠢᠢᠯᠳᠤᠬᠤ | ᠪᠤᠳᠤᠯᠭ᠎ᠠ ᠶᠢᠨ ᠨᠦᠬᠡᠴᠡ ᠵᠢᠴᠢ ᠪᠠᠴᠢᠮ ᠪᠠᠶᠢᠢᠳᠠᠯ ᠢ ᠠᠷᠭᠠᠴᠠᠬᠤ ᠤᠰᠤᠨ ᠰᠤᠷᠪᠤᠯᠵᠢ ᠠᠴᠠ ᠭᠠᠳᠠᠨ᠎ᠠ ᠮᠠᠰᠢᠨ | ᠴᠠᠬᠢᠯᠭᠠᠨ ᠬᠤᠳᠳᠤᠭ ᠴᠤᠬᠢᠬᠤ ᠬᠦᠨᠴᠡ ᠨᠢ ᠵᠠᠭᠤᠨ ᠮᠧᠳ᠋ᠷ ᠠᠴᠠ ᠬᠡᠳᠦᠷᠡᠪᠡᠯ ᠬᠤᠳᠠ ᠪᠤᠶᠤ ᠬᠤᠰᠢᠭᠤ ᠰᠢᠶᠠᠨ | ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠡᠷᠭᠡ ᠲᠤᠰᠢᠶᠠᠯ ᠶᠣᠰᠣᠭᠠᠷ ᠤᠰᠤ ᠭᠡᠷᠡᠭᠯᠡᠭᠰᠡᠨ ᠨᠢᠭᠡᠴᠡ ᠪᠤᠶᠤ ᠬᠤᠪᠢ ᠬᠦᠮᠦᠨ ᠤ | ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠬᠳᠠᠨ ᠵᠤᠬᠰᠤᠭᠠᠵᠦ᠂ ᠬᠤᠭᠤᠴᠠᠭ᠎ᠠ ᠲᠣᠭᠲᠠᠭᠠᠨ ᠤᠤᠯ ᠪᠠᠶᠢᠢᠳᠠᠯ ᠢ | ᠰᠡᠷᠬᠦᠭᠡᠨ᠎ᠠ᠂ ᠬᠤᠭᠤᠴᠠᠭ᠎ᠠ ᠨᠢ ᠬᠡᠳᠦᠷᠴᠦ ᠤᠤᠯ ᠪᠠᠶᠢᠢᠳᠠᠯ ᠢ ᠡᠰᠡ ᠰᠡᠷᠬᠦᠭᠡᠭᠰᠡᠨ ᠪᠠᠶᠢᠢᠪᠠᠯ ᠠᠷᠠᠳ ᠤᠨ ᠰᠢᠬᠦᠬᠦ | ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠭᠡᠷᠡᠭᠵᠢᠬᠦᠯᠵᠦ᠂ ᠠᠯᠢᠪᠠ ᠰᠦᠢᠳᠭᠡᠯ ᠢ ᠬᠠᠤᠯᠢ ᠶᠢ ᠵᠦᠷᠢᠴᠡᠭᠰᠡᠨ ᠨᠢᠭᠡᠴᠡ | ᠪᠤᠶᠤ ᠬᠤᠪᠢ ᠬᠦᠮᠦᠨ ᠡᠭᠦᠷᠭᠡᠯᠡᠬᠦ ᠮᠥᠷᠲᠡᠭᠡᠨ 1 ᠲᠦᠮᠡᠨ ᠲᠦᠬᠦᠷᠢᠭ ᠠᠴᠠ ᠲᠡᠭᠡᠭᠰᠢ 10 ᠲᠦᠮᠡᠨ | ᠲᠦᠬᠦᠷᠢᠭ ᠠᠴᠠ ᠲᠤᠷᠤᠬᠰᠢ ᠲᠤᠷᠭᠠᠨ᠎ᠠ᠃ ᠭᠤᠴᠢᠨ ᠬᠤᠶᠠᠳᠤᠭᠠᠷ ᠵᠤᠷᠪᠤᠰ ᠲᠤᠰ ᠳᠦᠷᠢᠮ ᠤᠨ ᠬᠤᠷᠢᠨ | ᠬᠤᠶᠠᠳᠤᠭᠠᠷ ᠵᠤᠷᠪᠤᠰ ᠢ ᠵᠦᠷᠢᠴᠡᠵᠦ᠂ ᠤᠯᠠᠨ ᠨᠡᠶᠢᠢᠳᠡ ᠶᠢᠨ ᠤᠰᠤ ᠬᠠᠩᠭᠠᠬᠤ ᠬᠤᠭᠤᠯᠠᠢ ᠲᠣᠣᠷᠵᠢᠯ ᠤᠨ | ᠪᠦᠷᠬᠦᠴᠡ ᠶᠢᠨ ᠬᠡᠪᠴᠢᠶᠡᠨ ᠳᠠᠬᠢ ᠦᠪᠡᠷ ᠤᠨ ᠪᠡᠯᠡᠳᠬᠡᠯ ᠬᠤᠳᠳᠤᠭ ᠢ ᠲᠣᠭᠲᠠᠭᠠᠭᠰᠠᠨ ᠬᠢᠵᠠᠭᠠᠷ | ᠬᠤᠭᠤᠴᠠᠭᠠᠨ ᠳᠤ ᠪᠢᠳᠡᠬᠦᠮᠵᠢᠯᠡᠬᠦ ᠦᠬᠡᠢ ᠪᠤᠯ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ | ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠬᠡᠷᠡᠭᠵᠢᠭᠦᠯᠬᠦ ᠮᠥᠷᠲᠡᠭᠡᠨ 1 ᠲᠦᠮᠡᠨ | ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ ᠭᠤᠴᠢᠨ ᠭᠤᠷᠪᠠᠳᠤᠭᠠᠷ | ᠵᠤᠷᠪᠤᠰ ᠲᠤᠰ ᠳᠦᠷᠢᠮ ᠤᠨ ᠬᠤᠷᠢᠨ ᠭᠤᠷᠪᠠᠳᠤᠭᠠᠷ ᠵᠤᠷᠪᠤᠰ ᠢ ᠵᠦᠷᠢᠴᠡᠵᠦ᠂ ᠴᠠᠬᠢᠯᠭᠠᠨ ᠬᠠᠩᠭᠠᠬᠤ ᠠᠵᠦ | ᠠᠬᠤᠶᠢᠢᠯᠠᠯ ᠨᠢ ᠤᠰᠤ ᠭᠡᠷᠡᠭᠯᠡᠬᠦ ᠵᠦᠪᠰᠢᠶᠡᠷᠡᠯ ᠤᠨ ᠪᠢᠴᠢᠭ ᠪᠤᠶᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠨᠤᠲᠠᠯᠠᠭᠰᠠᠨ ᠮᠠᠲ᠋ᠧᠷᠢᠶᠠᠯ ᠦᠬᠡᠢ ᠨᠢᠭᠡᠴᠡ ᠪᠡ ᠬᠤᠪᠢ | ᠬᠦᠮᠦᠨ ᠳᠤ ᠴᠠᠬᠢᠯᠭᠠᠨ ᠬᠠᠩᠭᠠᠪᠠᠯ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ | ᠤᠷᠳᠤᠨ ᠤ ᠴᠠᠬᠢᠯᠭᠠᠨ ᠬᠦᠴᠦᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠴᠠᠬᠢᠯᠭᠠᠨ ᠬᠠᠩᠭᠠᠬᠤ ᠶᠢ | ᠵᠠᠷᠯᠢᠬᠳᠡᠨ ᠵᠤᠬᠰᠤᠭᠠᠨ᠎ᠠ᠃ ᠭᠤᠴᠢᠨ ᠲᠦᠷᠪᠡᠳᠦᠭᠡᠷ ᠵᠤᠷᠪᠤᠰ ᠲᠤᠰ ᠳᠦᠷᠢᠮ ᠤᠨ ᠬᠤᠷᠢᠨ ᠲᠦᠷᠪᠡᠳᠦᠭᠡᠷ | ᠵᠤᠷᠪᠤᠰ ᠢ ᠵᠦᠷᠢᠴᠡᠵᠦ᠂ ᠭᠤᠤᠯ ᠤᠨ ᠬᠡᠪᠡᠯᠢ ᠤᠨ ᠤᠷᠤᠰᠬᠠᠯ ᠢ ᠬᠠᠷᠰᠢᠯᠠᠭᠰᠠᠨ ᠬᠠᠶᠢᠷ ᠮᠠᠯᠲᠠᠭᠰᠠᠨ ᠨᠦᠬᠡ ᠶᠢ | ᠬᠡᠷᠡᠭᠯᠡᠭᠴᠢ ᠨᠢ ᠴᠠᠬ ᠲᠤᠬᠠᠢ ᠳᠤᠨᠢ ᠲᠠᠬᠢᠨ ᠪᠤᠯᠠᠬᠤ ᠦᠬᠡᠢ ᠪᠤᠯ᠂ ᠬᠤᠳᠠ ᠪᠤᠶᠤ ᠬᠤᠰᠢᠭᠤ ᠰᠢᠶᠠᠨ | ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠲᠣᠭᠲᠠᠭᠠᠨ ᠪᠤᠯᠠᠬᠤ ᠪᠠᠷ ᠵᠠᠷᠯᠢᠬᠳᠠᠨ᠎ᠠ᠂ ᠲᠣᠭᠲᠠᠭᠠᠭᠰᠠᠨ ᠬᠢᠵᠠᠭᠠᠷ | ᠬᠤᠭᠤᠴᠠᠭᠠᠨ ᠳᠤ ᠪᠤᠯᠠᠬᠤ ᠦᠬᠡᠢ ᠪᠤᠯ᠂ 1 ᠲᠦᠮᠡᠨ ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ | ᠲᠤᠷᠤᠬᠰᠢ ᠲᠤᠷᠭᠠᠨ᠎ᠠ᠂ ᠱᠠᠭᠠᠷᠳᠠᠨ ᠱᠠᠯᠠᠪᠳᠠᠭᠠᠳ ᠪᠠᠰᠠ ᠪᠤᠯᠠᠬᠤ ᠦᠬᠡᠢ ᠪᠤᠯ ᠬᠤᠯᠪᠤᠬᠳᠠᠯ ᠪᠦᠬᠦᠢ ᠵᠠᠰᠠᠬ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠢᠭᠤᠯᠤᠨ ᠪᠤᠯᠠᠵᠤ᠂ ᠠᠯᠢᠪᠠ | ᠰᠦᠢᠳᠭᠡᠯ ᠢ ᠭᠡᠷᠡᠭᠯᠡᠭᠴᠢ ᠡᠬᠦᠷᠭᠡᠯᠡᠨ᠎ᠠ᠃ ᠬᠤᠯᠪᠤᠬᠳᠠᠯ ᠪᠦᠬᠦᠢ ᠬᠤᠰᠢᠭᠤ ᠰᠢᠶᠠᠨ ᠲᠤᠭᠤᠷᠢᠬ ᠤᠨ ᠠᠷᠠᠳ ᠤᠨ | ᠵᠠᠰᠠᠬ ᠤᠨ ᠤᠷᠳᠤᠨ ᠠᠴᠠ ᠴᠠᠭ ᠲᠤᠬᠠᠢ ᠳᠤᠨᠢ ᠪᠤᠯᠠᠬᠤ ᠦᠬᠡᠢ ᠪᠤᠯ᠂ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ | ᠰᠢᠭᠤᠳ ᠬᠠᠷᠢᠭᠤᠴᠠᠵᠦ ᠪᠠᠶᠢᠢᠭ᠎ᠠ ᠭᠤᠣᠯ ᠬᠠᠷᠢᠭᠤᠴᠠᠯᠭᠠᠳᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ | ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠨ᠎ᠠ᠃ ᠬᠥᠳᠡᠭᠡ ᠲᠣᠰᠬᠤᠨ ᠮᠠᠯᠵᠢᠬᠤ ᠤᠷᠤᠨ ᠳᠤ ᠲᠦᠪᠯᠡᠷᠡᠬᠦᠯᠦᠨ | ᠤᠪᠤᠭᠠᠯᠠᠬᠤ᠂ ᠪᠤᠯᠠᠬᠤ ᠬᠡᠯᠪᠡᠷᠢ ᠪᠠᠷ ᠬᠤᠭ ᠨᠤᠪᠰᠢ ᠶᠢ ᠰᠢᠢᠳᠪᠦᠷᠢᠯᠡᠬᠦ ᠳᠡᠭᠡᠨ ᠨᠡᠪᠴᠢᠬᠦ ᠪᠠ ᠭᠤᠭᠤᠵᠢᠬᠤ ᠶᠢ | ᠰᠡᠷᠭᠡᠶᠢᠢᠯᠡᠬᠦ ᠠᠷᠭ᠎ᠠ ᠬᠡᠮᠵᠢᠶ᠎ᠠ ᠠᠪᠤᠬᠰᠠᠨ ᠦᠬᠡᠢ ᠪᠠᠶᠢᠢᠪᠠᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ | ᠠᠷᠠᠳ ᠤᠨ ᠵᠠᠰᠠᠬ ᠤᠨ ᠤᠷᠳᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ | ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠳᠠᠢ᠃ ᠭᠤᠤᠯ ᠤᠨ ᠬᠡᠪᠡᠯᠢ᠂ ᠭᠤᠤ ᠰᠤᠪᠠᠭ᠂ ᠰᠤᠬᠤᠷ ᠬᠤᠳᠳᠤᠭ᠂ | ᠬᠠᠶᠠᠬᠳᠠᠮᠠᠯ ᠠᠭᠤᠷᠬᠠᠢ ᠶᠢᠨ ᠨᠦᠬᠡ ᠵᠡᠷᠭᠡ ᠳᠤ ᠬᠤᠭ ᠨᠤᠪᠰᠢ ᠵᠡᠷᠭᠡ ᠪᠣᠬᠢᠲᠤᠯ ᠪᠣᠳᠠᠰ ᠬᠠᠶᠠᠪᠠᠯ᠂ ᠬᠤᠳᠠ ᠪᠤᠶᠤ | ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠠᠮᠢ ᠠᠬᠤᠢ ᠶᠢᠨ ᠤᠷᠴᠢᠨ ᠲᠤᠭᠤᠷᠢᠨ ᠤ | ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ | ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠪᠤᠬᠢᠷᠳᠤᠯ ᠪᠤᠳᠠᠰ ᠢ ᠴᠡᠪᠡᠷᠯᠡᠨ ᠪᠤᠬᠢᠷᠳᠤᠯ ᠢ ᠦᠭᠡᠶᠢᠰᠬᠡᠬᠦ | ᠮᠥᠷᠲᠡᠭᠡᠨ 5000 ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠂ | ᠲᠤᠭᠳᠠᠭᠰᠠᠨ ᠬᠤᠭᠤᠴᠠᠭᠠᠨ ᠳᠤ ᠴᠡᠪᠡᠷᠯᠡᠬᠦ ᠦᠬᠡᠢ᠂ ᠰᠢᠢᠳᠪᠦᠷᠢᠯᠡᠬᠦ ᠦᠬᠡᠢ᠂ ᠱᠠᠭᠠᠷᠳᠠᠨ ᠱᠠᠯᠠᠪᠳᠠᠭᠠᠳ ᠮᠦᠨ ᠬᠦ | ᠴᠡᠪᠡᠷᠯᠡᠵᠦ ᠰᠢᠢᠳᠪᠦᠷᠢᠯᠡᠬᠦ ᠦᠬᠡᠢ ᠪᠤᠯ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠴᠢᠳᠠᠪᠦᠷᠢ ᠪᠦᠬᠦᠢ ᠨᠢᠭᠡᠴᠡ ᠶᠢ ᠵᠢᠭᠠᠨ ᠲᠣᠭᠲᠠᠭᠠᠵᠤ ᠤᠷᠤᠯᠠᠨ ᠴᠡᠪᠡᠷᠯᠡᠵᠦ ᠰᠢᠢᠳᠪᠦᠷᠢᠯᠡᠬᠦᠯᠵᠦ᠂ | ᠠᠯᠢᠪᠠ ᠰᠦᠢᠳᠭᠡᠯ ᠢ ᠬᠠᠤᠯᠢ ᠶᠢ ᠵᠦᠷᠢᠴᠡᠭᠰᠡᠳ ᠡᠭᠦᠷᠭᠡᠯᠡᠨ᠎ᠡ᠃ ᠵᠢᠷᠭᠤᠳᠤᠭᠠᠷ ᠪᠦᠯᠦᠭ ᠲᠠᠭᠠᠯᠳᠤᠭᠤᠯᠤᠯ ᠲᠦᠷᠢᠮ | ᠭᠤᠴᠢᠨ ᠲᠠᠪᠤᠳᠤᠭᠠᠷ ᠵᠤᠷᠪᠤᠰ ᠲᠤᠰ ᠳᠦᠷᠢᠮ ᠢ 2019 ᠤᠨ ᠤ 3 ᠰᠠᠷ᠎ᠠ ᠶᠢᠨ 1 ᠤ ᠡᠳᠤᠷ ᠠᠴᠠ ᠡᠬᠢᠯᠡᠨ | ᠭᠡᠷᠡᠭᠵᠢᠬᠦᠯᠦᠨ᠎ᠠ᠃ | ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ | | |