ᠤᠯᠠᠭᠠᠨᠬᠠᠳᠠ ᠬᠤᠲᠠ ᠶᠢᠨ ᠭᠠᠵᠠᠷ ᠳᠤᠤᠷᠠᠬᠢ ᠤᠰᠤ ᠶᠢ ᠬᠠᠮᠠᠭᠠᠯᠠᠬᠤ ᠳᠦᠷᠢᠮ
ᠨᠡᠶᠢᠲᠡᠯᠡᠭᠰᠡᠨ ᠴᠠᠭ᠄
2020/6/19
   ᠤᠯᠠᠭᠠᠨᠬᠠᠳᠠ ᠬᠤᠲᠠ ᠶᠢᠨ ᠪᠡᠯᠴᠢᠭᠡᠷᠯᠡᠭᠦᠯᠬᠦ ᠶᠢ ᠵᠤᠭᠰᠤᠭᠠᠨ ᠰᠡᠯᠬᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠳᠦᠷᠢᠮ    ︵2016 ᠣᠨ ᠤ 12 ᠰᠠᠷ᠎ᠠ ᠶᠢᠨ 20 ᠤ ᠡᠳᠦᠷ ᠤᠯᠠᠭᠠᠨᠬᠠᠳᠠ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠬᠤᠷᠠᠯᠳᠤᠭᠠᠨ ᠠᠴᠠ ᠪᠠᠲᠤᠯᠠᠪᠠ 2017 ᠣᠨ ᠤ 5 ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠭᠤᠷᠪᠠᠳᠤᠭᠠᠷ ᠬᠤᠷᠠᠯᠳᠤᠭᠠᠨ ᠠᠴᠠ ᠵᠥᠪᠰᠢᠶᠡᠷᠡᠪᠡ︶ ᠨᠢᠭᠡᠳᠦᠭᠡᠷ ᠪᠦᠯᠦᠭ    ᠶᠡᠷᠦᠩᠬᠡᠶ ᠳᠦᠷᠢᠮ ᠨᠢᠭᠡᠳᠦᠭᠡᠷ ᠵᠤᠷᠪᠤᠰ   ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠂ ᠠᠵᠤ ᠠᠬᠤᠶ ᠨᠡᠶᠢᠭᠡᠮ ᠤᠨ ᠦᠷᠭᠦᠯᠵᠢᠯᠡᠭᠰᠡᠨ ᠬᠥᠭᠵᠢᠯᠲᠡ ᠶᠢ ᠪᠡᠶᠡᠯᠡᠭᠦᠯᠭᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠶᠣᠰᠣᠭᠠᠷ᠂ ᠲᠤᠰ ᠬᠤᠲᠠ ᠶᠢᠨ ᠪᠣᠳᠠᠲᠠᠶ ᠲᠠᠢ ᠤᠶᠠᠯᠳᠤᠭᠤᠯᠤᠨ ᠲᠤᠰ ᠲᠥᠷᠢᠮ ᠢ ᠲᠣᠭᠲᠠᠭᠠᠪᠠ᠃ ᠬᠤᠶᠠᠳᠤᠭᠠᠷ ᠵᠤᠷᠪᠤᠰ   ᠲᠤᠰ ᠬᠤᠲᠠ ᠶᠢᠨ ᠵᠠᠰᠠᠭ ᠵᠠᠬᠢᠷᠭᠠᠨ ᠤ ᠣᠷᠣᠨ ᠬᠡᠴᠡ ᠳᠠᠬᠢ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠬᠠᠮᠢᠶᠠᠷᠤᠯᠲᠠ ᠶᠢᠨ ᠠᠵᠢᠯ ᠳᠤ ᠲᠤᠰ ᠳᠦᠷᠢᠮ ᠢ ᠬᠡᠷᠡᠭᠯᠡᠨ᠎ᠡ᠃ ᠭᠤᠷᠪᠠᠳᠤᠭᠠᠷ ᠵᠤᠷᠪᠤᠰ   ᠲᠤᠰ ᠳᠦᠷᠢᠮ ᠳᠠᠬᠢ ᠪᠡᠯᠴᠢᠭᠡᠷᠯᠡᠬᠦᠯᠬᠦ ᠶᠢ ᠵᠤᠭᠰᠤᠭᠠᠬᠤ ᠭᠡᠳᠡᠭ ᠨᠢ ᠲᠤᠭᠳᠠᠭᠰᠠᠨ ᠤᠷᠤᠨ ᠬᠡᠴᠡ ᠳᠤ ᠨᠢᠭᠡ ᠵᠢᠯ ᠠᠴᠠ ᠳᠡᠭᠡᠭᠰᠢ ᠬᠤᠭᠤᠴᠠᠭ᠎ᠠ ᠪᠠᠷ ᠪᠡᠯᠴᠢᠭᠡᠷᠯᠡᠬᠦᠯᠬᠦ ᠶᠢ ᠵᠣᠭᠰᠣᠭᠠᠬᠤ ᠠᠮᠢ ᠠᠬᠤᠢ ᠶᠢᠨ ᠬᠠᠮᠠᠭᠠᠯᠠᠯᠳᠠ ᠶᠢᠨ ᠠᠷᠭ᠎ᠠ ᠪᠠᠷᠢᠯ ᠪᠤᠯᠤᠨ᠎ᠠ᠂ ᠰᠡᠯᠬᠦᠨ ᠮᠠᠯᠵᠢᠬᠤ ᠭᠡᠳᠡᠭ ᠨᠢ ᠨᠤᠲᠤᠭ ᠪᠡᠯᠴᠢᠭᠡᠷ ᠲᠤ ᠤᠯᠠᠷᠢᠯ ᠤᠨ ᠴᠢᠨᠠᠷᠲᠠᠢ ᠪᠡᠯᠴᠢᠭᠡᠷᠯᠡᠬᠦᠯᠬᠦ ᠶᠢ ᠵᠣᠭᠰᠣᠭᠠᠬᠤ ᠠᠮᠢ ᠠᠬᠤᠢ ᠶᠢᠨ ᠬᠠᠮᠠᠭᠠᠯᠠᠯᠳᠠ ᠶᠢᠨ ᠠᠷᠭ᠎ᠠ ᠪᠠᠷᠢᠯ ᠪᠣᠯᠣᠨ᠎ᠠ᠂ ᠪᠡᠯᠴᠢᠭᠡᠷ ᠮᠠᠯ ᠤᠨ ᠳᠡᠩᠴᠡᠬᠦᠷᠢ ᠶᠢ ᠪᠠᠲᠤᠯᠠᠬᠤ ᠭᠡᠳᠡᠭ ᠨᠢ ᠪᠠᠶᠢᠭᠠᠯᠢᠯᠢᠭ ᠨᠤᠲᠤᠭ ᠪᠡᠯᠴᠢᠭᠡᠷ ᠤᠨ ᠡᠪᠡᠰᠦ ᠪᠡᠯᠴᠢᠭᠡᠷ ᠤᠨ ᠬᠡᠮᠵᠢᠶ᠎ᠡ ᠪᠡ ᠪᠡᠯᠴᠢᠭᠡᠷᠯᠡᠭᠦᠯᠬᠦ ᠮᠠᠯ ᠤᠨ ᠲᠤᠭ᠎ᠠ ᠲᠣᠯᠣᠭᠠᠢ ᠳᠤ ᠬᠡᠷᠡᠭᠰᠡᠬᠦ ᠡᠪᠡᠰᠦ ᠪᠡᠯᠴᠢᠭᠡᠷ ᠤᠨ ᠬᠡᠮᠵᠢᠶ᠎ᠡ ᠶᠢᠨ ᠬᠦᠳᠡᠯᠦᠩᠭᠦᠢ ᠳᠡᠩᠴᠡᠬᠦᠷᠢ ᠶᠢ ᠪᠠᠲᠤᠯᠠᠬᠤ ᠶᠢ ᠵᠢᠭᠠᠨ᠎ᠠ᠃ ᠳᠥᠷᠪᠡᠳᠦᠭᠡᠷ ᠵᠤᠷᠪᠤᠰ   ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠤᠭᠲᠠᠭᠠᠬᠤ ᠠᠵᠢᠯ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠶᠢ ᠭᠠᠵᠠᠷ ᠵᠦᠢ ᠶᠢᠨ ᠪᠠᠶᠢᠷᠢᠰᠢᠯ ᠤᠨ ᠲᠠᠯ᠎ᠠ ᠪᠠᠷ ᠡᠷᠦᠭᠡ ᠳᠤ ᠬᠥᠷᠲᠡᠯ᠎ᠡ ᠨᠤᠲᠠᠯᠠᠨ ᠲᠣᠭᠲᠠᠭᠠᠵᠤ᠂ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠭᠴᠢ ᠤᠬᠠᠮᠰᠠᠷ ᠠᠴᠠ ᠪᠠᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠲᠦᠷᠢᠮ ᠪᠣᠯᠤᠨ ᠲᠣᠭᠲᠠᠴᠠ ᠶᠢ ᠪᠠᠢᠭᠤᠯᠬᠤ ᠬᠡᠷᠡᠭᠲᠡᠶ᠃  ᠲᠠᠪᠤᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠠᠵᠢᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠳᠦᠷᠢᠮ ᠳᠤ ᠣᠷᠣᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠠᠵᠢᠯ ᠳᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠬᠤ ᠲᠦᠷᠢᠮ ᠢ ᠬᠡᠷᠡᠭᠵᠢᠭᠦᠯᠬᠦ ᠬᠡᠷᠡᠭᠲᠡᠢ᠃ ᠵᠢᠷᠭᠤᠳᠤᠭᠠᠷ ᠵᠤᠷᠪᠤᠰ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠃ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠤᠢ ᠰᠢᠭᠤᠶ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠣᠢᠲᠤ ᠭᠠᠵᠠᠷ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠬᠡᠴᠡ ᠳᠠᠬᠢ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠪᠣᠳᠠᠲᠠᠶ ᠬᠠᠷᠢᠭᠤᠴᠠᠬᠤ ᠬᠡᠷᠡᠭᠲᠡᠢ᠃ ᠳᠣᠯᠣᠳᠤᠭᠠᠷ ᠵᠤᠷᠪᠤᠰ ᠭᠠᠴᠠᠭᠠᠨ ᠤ ᠠᠷᠠᠳ ᠤᠨ ᠵᠥᠪᠯᠡᠯ ᠨᠢ ᠥᠪᠡᠷ ᠢ ᠪᠠᠨ ᠬᠠᠮᠢᠶᠠᠷᠬᠤ᠂ ᠬᠠᠷᠢᠯᠴᠠᠨ ᠬᠢᠨᠠᠯᠲᠠ ᠲᠠᠯᠪᠢᠬᠤ ᠵᠠᠷᠴᠢᠮ ᠶᠣᠰᠣᠭᠠᠷ᠂ ᠲᠤᠰᠬᠠᠶ ᠵᠣᠬᠢᠶᠠᠨ ᠪᠠᠶᠢᠭᠤᠯᠤᠯᠲᠠ ᠪᠠᠢᠭᠤᠯᠵᠤ᠂ ᠬᠤᠯᠪᠣᠭᠳᠠᠯ ᠪᠦᠬᠦᠢ ᠳᠦᠷᠢᠮ ᠲᠤᠭᠳᠠᠭᠠᠯ ᠲᠤᠭᠲᠠᠭᠠᠵᠤ᠂ ᠲᠠᠩᠰᠠ ᠡᠪᠬᠡᠮᠡᠯ ᠪᠠᠶᠢᠭᠤᠯᠤᠨ ᠺᠠᠷᠳ᠋ᠯᠠᠨ ᠳᠠᠩᠰᠠᠯᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠠ ᠬᠠᠮᠢᠶᠠᠷᠬᠤ ᠬᠡᠷᠡᠭᠲᠡᠢ᠃ ᠨᠠᠢᠮᠠᠳᠤᠭᠠᠷ ᠵᠤᠷᠪᠤᠰ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠲᠦᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠠᠵᠢᠯ ᠳᠤ ᠲᠤᠪᠤᠶᠢᠮ᠎ᠠ ᠠᠮᠵᠢᠯᠲᠠ ᠪᠦᠲᠦᠮᠵᠢ ᠣᠯᠤᠭᠰᠠᠨ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠱᠠᠩᠨᠠᠬᠤ ᠬᠡᠷᠡᠭᠲᠡᠶ᠃ ᠬᠤᠶᠠᠳᠤᠭᠠᠷ ᠪᠦᠯᠦᠭ ᠵᠤᠬᠢᠶᠠᠨ ᠪᠠᠶᠢᠭᠤᠯᠵᠤ ᠬᠡᠷᠡᠭᠵᠢᠭᠦᠯᠬᠦ ᠶᠢᠰᠦᠳᠦᠭᠡᠷ ᠵᠤᠷᠪᠤᠰ   ᠳᠣᠣᠷ᠎ᠠ ᠵᠢᠭᠰᠠᠭᠠᠭᠰᠠᠨ ᠣᠷᠣᠨ ᠬᠡᠴᠡ ᠶᠢ ᠪᠡᠯᠴᠢᠭᠡᠷᠯᠡᠭᠦᠯᠬᠦ ᠶᠢ ᠵᠤᠭᠰᠤᠭᠠᠬᠤ ᠬᠡᠪᠴᠢᠶ᠎ᠡ ᠪᠠᠷ ᠲᠣᠭᠲᠠᠭᠠᠬᠤ ᠬᠡᠷᠡᠭᠲᠡᠶ᠄ ︵ᠨᠢᠭᠡ︶ ᠲᠥᠪᠯᠡᠷᠡᠨ ᠵᠠᠯᠭᠠᠯᠳᠤᠭᠰᠠᠨ ᠬᠦᠨᠳᠦ ᠰᠦᠷᠡᠬᠡᠢ ᠲᠠᠴᠢᠷᠳᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ ᠪᠠ ᠠᠮᠢ ᠠᠬᠤᠢ ᠬᠡᠪᠡᠷᠡᠭ ᠲᠠᠯ᠎ᠠ ᠨᠤᠲᠤᠭ᠃ ︵ᠬᠤᠶᠠᠷ︶ ᠰᠢᠨ᠎ᠡ ᠪᠠᠷ ᠪᠠᠶᠢᠭᠤᠯᠤᠭᠰᠠᠨ ᠤᠢ ᠰᠢᠭᠤᠢ ᠶᠢᠨ ᠦᠢᠯᠡᠰ ᠤᠨ ᠢᠨᠵᠧᠨᠧᠷᠢᠩ ᠤᠨ ᠲᠦᠷᠦᠯ ᠵᠦᠢᠯ ᠤᠨ ᠤᠷᠤᠨ᠂ ᠵᠤᠯᠵᠠᠭ᠎ᠠ ᠮᠤᠳᠤᠨ ᠤ ᠤᠢ᠂ ᠨᠡᠶᠢᠳᠡ ᠶᠢᠨ ᠠᠰᠠᠷᠠᠮᠵᠢ ᠶᠢᠨ ᠤᠢ ᠶᠢᠨ ᠭᠠᠵᠠᠷ ᠪᠠ ᠠᠵᠤ ᠠᠬᠤᠢ ᠶᠢᠨ ᠤᠢ ᠶᠢᠨ ᠭᠠᠵᠠᠷ᠃ ︵ᠭᠤᠷᠪᠠ︶ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯ ᠣᠷᠣᠨ ᠪᠣᠯᠤᠨ ᠵᠠᠪᠰᠠᠷ ᠤᠨ ᠣᠷᠣᠨ᠃ ︵ᠳᠥᠷᠪᠡ︶ ᠲᠠᠷᠢᠶᠠᠯᠠᠬᠤ ᠣᠷᠣᠨ᠃ ︵ᠲᠠᠪᠤ︶ ᠪᠤᠰᠤᠳ ᠪᠡᠯᠴᠢᠭᠡᠷᠯᠡᠬᠦᠯᠬᠦ ᠶᠢ ᠵᠤᠭᠰᠤᠭᠠᠬᠤ ᠴᠢᠬᠤᠯᠠᠲᠠᠢ ᠤᠷᠤᠨ ᠬᠡᠴᠡ ᠶᠢ ᠪᠠᠭᠳᠠᠭᠠᠨ᠎ᠠ᠃ ᠪᠡᠯᠴᠢᠬᠡᠷᠯᠡᠬᠦᠯᠬᠦ ᠶᠢ ᠵᠤᠭᠰᠤᠭᠠᠬᠤ ᠬᠦᠷᠢᠶ᠎ᠡ ᠬᠡᠪᠴᠢᠶ᠎ᠡ ᠠᠴᠠ ᠭᠠᠳᠠᠨᠠᠬᠢ ᠪᠠᠶᠢᠭᠠᠯᠢᠯᠢᠭ ᠨᠤᠲᠤᠭ ᠪᠡᠯᠴᠢᠭᠡᠷ ᠲᠤ ᠪᠡᠯᠴᠢᠭᠡᠷ ᠮᠠᠯ ᠤᠨ ᠳᠡᠩᠴᠡᠬᠦᠷᠢ ᠶᠢ ᠪᠠᠲᠤᠯᠠᠨ ᠮᠠᠯᠵᠢᠬᠤ ᠶᠢ ᠬᠡᠷᠡᠭᠵᠢᠭᠦᠯᠬᠦ ᠬᠡᠷᠡᠭᠲᠡᠢ᠃ ᠲᠠᠴᠢᠷᠳᠠᠭᠰᠠᠨ ᠨᠢ ᠨᠡᠯᠢᠶᠡᠳ ᠬᠦᠡᠭᠭᠡᠨ ᠨᠤᠲᠤᠭ ᠪᠡᠯᠴᠢᠭᠡᠷ ᠲᠤ ᠤᠯᠠᠷᠢᠯ ᠤᠨ ᠴᠢᠨᠠᠷᠲᠠᠢ ᠰᠡᠯᠬᠦᠨ ᠮᠠᠯᠵᠢᠬᠤ ᠶᠢ ᠬᠡᠷᠡᠭᠵᠢᠭᠦᠯᠬᠦ ᠬᠡᠷᠡᠭᠲᠡᠢ᠃ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠬᠦᠷᠢᠶ᠎ᠡ ᠬᠡᠪᠴᠢᠶ᠎ᠡ ᠪᠠ ᠴᠠᠭ ᠬᠤᠭᠤᠴᠠᠭ᠎ᠠ ᠶᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠵᠤ᠂ ᠠᠯᠪᠠᠨ ᠵᠠᠷ ᠨᠡᠶᠢᠲᠡᠯᠡᠬᠦ ᠶᠢᠨ ᠬᠠᠮᠲᠤ ᠫᠠᠢᠰᠠ ᠲᠡᠮᠳᠡᠭ ᠪᠣᠰᠬᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠶ᠂ ᠬᠠᠮᠠᠭᠠᠯᠠᠬᠤ ᠪᠠ ᠠᠰᠢᠭᠯᠠᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢᠶᠠᠷ ᠬᠥᠳᠡᠯᠦᠩᠭᠦᠶ ᠬᠠᠮᠢᠶᠠᠷᠤᠯᠲᠠ ᠶᠠᠪᠤᠭᠤᠯᠬᠤ ᠬᠡᠷᠡᠭᠲᠡᠶ᠃ ᠠᠷᠪᠠᠳᠤᠭᠠᠷ ᠵᠤᠷᠪᠤᠰ   ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠨᠤᠲᠤᠭ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢᠨ ᠪᠠᠷᠢᠮᠵᠢᠶ᠎ᠠ ᠶᠢ ᠲᠤᠬᠠᠶ ᠶᠢᠨ ᠭᠠᠵᠠᠷ ᠤᠨ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠵᠤ᠂ ᠪᠡᠯᠴᠢᠭᠡᠷ ᠨᠡᠮᠡᠭᠳᠡᠪᠡᠯ ᠮᠠᠯ ᠰᠦᠷᠦᠭ ᠢᠶᠠᠨ ᠨᠡᠮᠡᠭᠳᠡᠭᠦᠯᠵᠦ᠂ ᠪᠡᠯᠴᠢᠭᠡᠷ ᠬᠠᠰᠤᠭᠳᠠᠪᠠᠯ ᠮᠠᠯ ᠰᠦᠷᠦᠭ ᠢᠶᠠᠨ ᠬᠠᠰᠤᠬᠤ ᠵᠠᠷᠴᠢᠮ ᠶᠣᠰᠣᠭᠠᠷ ᠬᠤᠰᠢᠭᠤ ᠰᠢᠶᠠᠨ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠪᠣᠯᠤᠨ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠭᠴᠢ ᠶᠢᠨ ᠪᠡᠯᠴᠢᠭᠡᠷᠯᠡᠭᠦᠯᠵᠦ ᠪᠣᠯᠬᠤ ᠮᠠᠯ ᠤᠨ ᠲᠤᠭ᠎ᠠ ᠲᠣᠯᠣᠭᠠᠢ ᠶᠢ ᠮᠠᠭᠠᠳᠯᠠᠨ ᠲᠤᠭᠳᠠᠭᠠᠵᠤ᠂ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠬᠠᠷᠢᠭᠤᠴᠠᠯᠭ᠎ᠠ ᠶᠢᠨ ᠭᠡᠷ᠎ᠡ ᠲᠣᠭᠲᠠᠭᠠᠵᠤ᠂ ᠠᠯᠬᠤᠮ ᠬᠤᠪᠢᠶᠠᠨ ᠬᠡᠷᠡᠭᠵᠢᠭᠦᠯᠵᠦ ᠢᠳᠡᠭ ᠢᠳᠡᠭ ᠢᠶᠠᠷ ᠲᠡᠩᠴᠡᠭᠦᠷᠢᠰᠢᠭᠦᠯᠬᠦ ᠠᠷᠭ᠎ᠠ ᠪᠠᠷᠢᠯ ᠢᠶᠠᠷ ᠬᠤᠭᠤᠴᠠᠭ᠎ᠠ ᠲᠤᠭᠳᠠᠭᠠᠨ ᠪᠡᠯᠴᠢᠭᠡᠷ ᠮᠠᠯ ᠢ ᠲᠡᠩᠴᠡᠭᠦᠷᠢ ᠳᠤ ᠬᠦᠷᠭᠡᠬᠦ ᠬᠡᠷᠡᠭᠲᠡᠢ᠃ ᠠᠷᠪᠠᠨ ᠨᠢᠭᠡᠳᠦᠭᠡᠷ ᠵᠤᠷᠪᠤᠰ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠦᠨᠡᠮᠯᠡᠯ ᠢ ᠦᠨᠳᠦᠰᠦᠯᠡᠨ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠲᠣᠭᠲᠠᠭᠠᠯ ᠶᠣᠰᠣᠭᠠᠷ᠂ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠭᠴᠢ ᠶᠢᠨ ᠮᠡᠯ ᠮᠠᠯᠵᠢᠬᠤ ᠨᠤᠲᠤᠭ ᠪᠡᠯᠴᠢᠭᠡᠷ ᠤᠨ ᠭᠠᠵᠠᠷ ᠵᠦᠶ ᠶᠢᠨ ᠪᠠᠶᠢᠷᠢᠰᠢᠯ ᠪᠠ ᠬᠤᠨᠢᠨ ᠤ ᠲᠤᠭ᠎ᠠ ᠲᠤᠯᠤᠭᠠᠢ ᠶᠢ ᠮᠠᠭᠠᠳᠯᠠᠨ ᠲᠤᠭᠳᠠᠭᠠᠵᠤ᠂ ᠪᠡᠯᠴᠢᠭᠡᠷᠯᠡᠭᠦᠯᠬᠦ ᠦᠨᠡᠮᠯᠡᠯ ᠣᠯᠭᠤᠵᠤ᠂ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠭᠴᠢ ᠨᠢ ᠦᠨᠡᠮᠯᠡᠯ ᠢᠶᠠᠷ ᠢᠶᠠᠨ ᠮᠡᠯ ᠪᠡᠯᠴᠢᠭᠡᠷᠯᠡᠭᠦᠯᠦᠨ᠎ᠡ᠃ ᠠᠷᠪᠠᠨ ᠬᠤᠶᠠᠳᠤᠭᠠᠷ ᠵᠤᠷᠪᠤᠰ   ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ᠂ ᠰᠡᠯᠭᠦᠨ ᠮᠠᠯᠵᠢᠬᠤ ᠬᠤᠭᠤᠴᠠᠭ᠎ᠠ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠣᠷᠣᠨ ᠬᠡᠴᠡ ᠶᠢᠨ ᠲᠤᠲᠤᠷ᠎ᠠ ᠳᠣᠣᠷᠠᠬᠢ ᠠᠵᠢᠯᠯᠠᠭ᠎ᠠ ᠨᠤᠭᠤᠳ ᠢ ᠴᠠᠭᠠᠵᠠᠯᠠᠨ᠎ᠠ᠄ ︵ᠨᠢᠭᠡ︶ ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠪᠠ ᠰᠡᠯᠭᠦᠨ ᠮᠠᠯᠵᠢᠬᠤ ᠬᠤᠭᠤᠴᠠᠭᠠᠨ ᠳᠤ ᠦᠬᠡᠷ ᠬᠤᠨᠢ ᠵᠡᠷᠭᠡ ᠡᠪᠡᠰᠦᠨ ᠲᠡᠵᠢᠭᠡᠯᠳᠤ ᠮᠠᠯ ᠰᠦᠷᠦᠭ ᠢ ᠪᠡᠯᠴᠢᠭᠡᠷᠯᠡᠭᠦᠯᠬᠦ᠃ ︵ᠬᠤᠶᠠᠷ︶ ᠪᠡᠯᠴᠢᠭᠡᠷ ᠮᠠᠯ ᠢ ᠲᠡᠩᠴᠡᠭᠦᠷᠢ ᠶᠢ ᠪᠠᠲᠤᠯᠠᠬᠤ ᠣᠷᠣᠨ ᠬᠡᠴᠡ ᠳᠤ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ᠃ ︵ᠭᠤᠷᠪᠠ︶ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠡᠮᠳᠡᠭ ᠫᠠᠢᠰᠠ ᠵᠢᠴᠢ ᠪᠢᠲᠡᠭᠦᠮᠵᠢᠯᠡᠬᠦ ᠲᠥᠬᠦᠭᠡᠷᠦᠮᠵᠢ ᠶᠢ ᠡᠪᠳᠡᠵᠦ ᠬᠤᠯᠠᠭᠠᠢᠯᠠᠬᠤ ᠪᠣᠶᠤ ᠳᠤᠷ᠎ᠠ ᠪᠠᠷ ᠢᠶᠠᠨ ᠰᠢᠯᠵᠢᠭᠦᠯᠬᠦ᠃ ︵ᠲᠦᠷᠪᠡ︶ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠲᠦᠷᠢᠮ ᠢ ᠵᠥᠷᠢᠴᠡᠭᠰᠡᠨ ᠪᠤᠰᠤᠳ ᠠᠵᠢᠯᠯᠠᠭ᠎ᠠ᠃ ᠠᠷᠪᠠᠨ ᠭᠤᠷᠪᠠᠳᠤᠭᠠᠷ ᠵᠣᠷᠪᠣᠰ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠢ ᠰᠢᠭᠤᠶ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠠᠮᠢᠶᠠᠷᠴᠤ ᠬᠠᠮᠠᠭᠠᠯᠠᠬᠤ ᠵᠣᠬᠢᠶᠠᠨ ᠪᠠᠶᠢᠭᠤᠯᠤᠯᠲᠠ ᠪᠠᠶᠢᠭᠤᠯᠵᠤ ᠂ ᠠᠵᠢᠯᠲᠠᠨ ᠪᠠ ᠲᠣᠨᠤᠭ ᠲᠦᠭᠦᠭᠡᠷᠦᠮᠵᠢ ᠲᠣᠬᠢᠷᠠᠭᠤᠯᠵᠤ᠂ ᠬᠠᠮᠢᠶᠠᠷᠴᠤ ᠬᠠᠮᠠᠭᠠᠯᠠᠬᠤ ᠳᠦᠷᠢᠮ ᠲᠣᠭᠲᠠᠭᠠᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠷᠪᠠᠨ ᠳᠥᠷᠪᠡᠳᠦᠭᠡᠷ ᠵᠤᠷᠪᠤᠰ   ᠨᠤᠲᠤᠭ ᠪᠡᠯᠴᠢᠭᠡᠷ᠂ ᠣᠶᠢᠲᠤ ᠭᠠᠵᠠᠷ ᠤᠨ ᠡᠵᠡᠩᠨᠡᠯᠲᠡ ᠶᠢᠨ ᠨᠢᠭᠡᠴᠡ ᠪᠠ ᠬᠤᠪᠢ ᠬᠥᠮᠦᠨ ᠨᠢ ᠡᠵᠡᠩᠨᠡᠵᠦ ᠪᠠᠶᠢᠭ᠎ᠠ ᠨᠤᠲᠤᠭ ᠪᠡᠯᠴᠢᠭᠡᠷ᠂ ᠣᠶᠢᠲᠤ ᠭᠠᠵᠠᠷ ᠲᠠᠭᠠᠨ ᠬᠠᠮᠢᠶᠠᠷᠴᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠠᠷᠪᠠᠨ ᠲᠠᠪᠤᠳᠤᠭᠠᠷ ᠵᠤᠷᠪᠤᠰ   ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠣᠷᠣᠨ ᠬᠡᠴᠡ ᠶᠢᠨ ᠠᠮᠢ ᠠᠬᠤᠶ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠣᠯᠭᠤᠬᠤ ᠳᠤ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠲᠦᠷᠢᠮ ᠢ ᠨᠠᠢᠳᠠᠪᠤᠷᠢᠵᠢᠭᠤᠯᠤᠭᠰᠠᠨ ᠪᠠᠶᠢᠳᠠᠯ ᠲᠠᠢ ᠬᠤᠯᠪᠣᠭᠳᠠᠭᠤᠯᠬᠤ ᠬᠡᠷᠡᠭᠲᠡᠶ᠃ ᠪᠣᠳᠠᠲᠠᠶ ᠠᠷᠭ᠎ᠠ ᠶᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃  ᠠᠷᠪᠠᠨ ᠵᠢᠷᠭᠤᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠣᠷᠣᠨ ᠬᠡᠴᠡ ᠳᠣᠲᠣᠷᠠᠬᠢ ᠠᠵᠤ ᠦᠢᠯᠡᠰ ᠤᠨ ᠪᠦᠲᠦᠴᠡ ᠳᠤ ᠲᠤᠬᠢᠷᠠᠭᠤᠯᠤᠯᠳᠡ ᠬᠢᠬᠦ ᠬᠦᠴᠦᠯᠡᠴᠡ ᠪᠠᠨ ᠴᠢᠩᠭᠠᠳᠬᠠᠵᠤ᠂ ᠪᠡᠯᠡ ᠮᠥᠩᠭᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠬᠥᠲᠥᠯᠥᠨ ᠵᠢᠯᠣᠭᠤᠳᠬᠤ ᠪᠠ ᠳᠡᠮᠵᠢᠨ ᠲᠡᠳᠬᠦᠵᠦ᠂ ᠠᠮᠢ ᠠᠬᠤᠶ ᠶᠢᠨ ᠲᠦᠷᠦᠯ ᠵᠦᠢᠯ ᠪᠠ ᠠᠷᠠᠳ ᠢ ᠨᠡᠭᠦᠯᠭᠡᠬᠦ ᠢᠨᠵᠧᠨᠧᠷᠢᠩ ᠢ ᠵᠦᠢ ᠵᠣᠬᠢᠰᠲᠠᠶ ᠲᠣᠬᠢᠷᠠᠭᠤᠯᠵᠤ᠂ ᠬᠠᠰᠢᠶᠠᠯᠠᠨ ᠲᠡᠵᠢᠭᠡᠬᠦ᠂ ᠨᠠᠯᠠᠤ ᠲᠠᠷᠢᠶᠠᠨ ᠭᠠᠵᠠᠷ ᠡᠪᠡᠰᠦ ᠮᠣᠳᠣ ᠲᠠᠷᠢᠬᠤ᠂ ᠨᠥᠬᠦᠴᠡᠯ ᠲᠠᠢ ᠭᠠᠵᠠᠷ ᠣᠷᠣᠨ ᠳᠤ ᠲᠡᠵᠢᠭᠡᠯ ᠡᠪᠡᠰᠦ ᠪᠣᠷᠳᠤᠭ᠎ᠠ ᠲᠡᠷᠢᠬᠤ ᠶᠢ ᠵᠣᠷᠢᠭᠵᠢᠭᠤᠯᠤᠨ ᠲᠡᠮᠵᠢᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠢᠭᠡᠳ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠠᠵᠢᠯ ᠢ ᠠᠬᠢᠭᠤᠯᠬᠤ ᠬᠡᠷᠡᠭᠲᠡᠢ᠃  ᠭᠤᠷᠪᠠᠳᠤᠭᠠᠷ ᠪᠦᠯᠦᠭ    ᠬᠢᠨᠠᠯᠲᠠ ᠲᠠᠯᠪᠢᠵᠤ ᠪᠠᠶᠢᠴᠠᠭᠠᠬᠤ ᠠᠷᠪᠠᠨ ᠳᠣᠯᠣᠳᠤᠭᠠᠷ ᠵᠤᠷᠪᠤᠰ   ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ᠂ ᠤᠢ ᠰᠢᠭᠤᠶ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠠᠨ ᠵᠦᠢᠯ ᠤᠨ ᠠᠷᠭ᠎ᠠ ᠪᠠᠷᠢᠯ ᠢ ᠬᠡᠷᠡᠭᠯᠡᠨ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠦᠷ᠎ᠡ ᠪᠦᠲᠦᠮᠵᠢ ᠶᠢ ᠬᠢᠨᠠᠨ ᠬᠡᠮᠵᠢᠵᠦ᠂ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠨᠡᠢᠲᠡᠯᠡᠬᠦ ᠬᠡᠷᠡᠭᠲᠡᠶ᠃ ᠠᠷᠪᠠᠨ ᠨᠠᠢᠮᠠᠳᠤᠭᠠᠷ ᠵᠤᠷᠪᠤᠰ   ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠂ ᠤᠢ ᠰᠢᠭᠤᠶ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠠ ᠭᠠᠴᠠᠭᠠᠨ ᠤ ᠠᠷᠠᠳ ᠤᠨ ᠵᠥᠪᠯᠡᠯ ᠨᠢ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠲᠣᠭᠤᠷᠢᠨ ᠪᠠᠶᠢᠴᠠᠭᠠᠬᠤ ᠲᠦᠷᠢᠮ᠂ ᠢᠯᠡᠴᠢᠯᠡᠨ ᠮᠡᠳᠡᠭᠦᠯᠬᠦ ᠳᠦᠷᠢᠮ ᠪᠠ ᠪᠠᠶᠢᠳᠠᠯ ᠢ ᠮᠡᠳᠡᠭᠳᠡᠬᠦ ᠲᠦᠷᠢᠮ ᠲᠤᠭᠳᠠᠭᠠᠨ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠠᠬᠢ ᠬᠢᠨᠠᠯᠲᠠ ᠪᠠᠢᠴᠠᠭᠠᠯᠲᠠ ᠪᠠᠨ ᠴᠢᠩᠭᠠᠳᠬᠠᠬᠤ ᠬᠡᠷᠡᠭᠲᠡᠶ᠃ ᠠᠷᠪᠠ ᠶᠢᠰᠦᠳᠦᠭᠡᠷ ᠵᠤᠷᠪᠤᠰ   ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠶᠢ ᠬᠢᠨᠠᠨ ᠪᠠᠢᠴᠠᠭᠠᠬᠤ ᠠᠵᠢᠯᠲᠠᠨ ᠬᠠᠤᠯᠢ ᠶᠣᠰᠣᠭᠠᠷ ᠬᠢᠨᠠᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠶᠡᠰ ᠬᠤᠯᠪᠣᠭᠳᠠᠯ ᠪᠦᠬᠦᠢ ᠨᠢᠭᠡᠴᠡ ᠪᠠ ᠬᠤᠪᠢ ᠬᠥᠮᠦᠨ ᠬᠠᠮᠵᠢᠯᠴᠠᠬᠤ ᠬᠡᠷᠡᠭᠲᠡᠶ᠂ ᠬᠢᠨᠠᠨ ᠪᠠᠶᠢᠴᠠᠭᠠᠬᠤ ᠠᠵᠢᠯᠳᠡᠠ ᠤ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠲᠡᠪᠴᠢᠵᠦ ᠬᠠᠷᠰᠢᠯᠠᠵᠤ ᠪᠣᠯᠬᠤ ᠦᠭᠡᠢ ᠃ ᠳᠥᠷᠪᠡᠳᠦᠭᠡᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ ᠬᠤᠷᠢᠳᠤᠭᠠᠷ ᠵᠤᠷᠪᠤᠰ   ᠲᠤᠰ ᠲᠦᠷᠢᠮ ᠤᠨ ᠠᠷᠪᠠᠨ ᠬᠤᠶᠠᠳᠤᠭᠠᠷ ᠵᠤᠷᠪᠤᠰ ᠤᠨ ᠨᠢᠭᠡᠳᠦᠭᠡᠷ ᠵᠦᠢᠯ᠂ ᠬᠤᠶᠠᠳᠤᠭᠠᠷ ᠵᠦᠢᠯ ᠤᠨ ᠲᠣᠭᠳᠠᠭᠠᠯ ᠢ ᠵᠦᠷᠢᠴᠡᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠪᠠ ᠰᠡᠯᠬᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠦᠨ ᠮᠠᠯᠵᠢᠭᠰᠠᠨ ᠪᠤᠶᠤ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠣᠷᠣᠨ ᠬᠡᠴᠡ ᠳᠤ ᠳᠠᠭᠠᠭᠠᠴᠠ ᠠᠴᠠ ᠬᠡᠲᠦᠷᠡᠭᠦᠯᠦᠨ ᠮᠠᠯᠵᠢᠭᠰᠠᠨ ᠪᠣᠯ ᠬᠤᠲᠠ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠢ ᠰᠢᠭᠤᠶ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠢᠨᠠᠨ ᠬᠠᠮᠢᠶᠠᠷᠬᠤ ᠪᠠᠶᠢᠭᠤᠯᠤᠮᠵᠢ ᠠᠴᠠ ᠰᠡᠷᠡᠮᠵᠢ ᠥᠭᠬᠦ ᠪᠥᠭᠡᠳ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠰᠢᠢᠳᠬᠡᠨ᠎ᠡ᠄ ︵ᠨᠢᠭᠡ︶ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠪᠠ ᠰᠡᠯᠬᠦᠨ ᠮᠠᠯᠵᠢᠬᠤ ᠬᠤᠭᠤᠴᠠᠭᠠᠨ ᠳᠤ ᠪᠡᠯᠴᠢᠭᠡᠷᠯᠡᠭᠦᠯᠦᠨ ᠮᠠᠯᠵᠢᠭᠰᠠᠨ ᠪᠣᠯ ᠬᠤᠨᠢ ᠪᠠᠷ ᠨᠢᠭᠡᠴᠢᠯᠡᠨ 30 ᠲᠥᠭᠦᠷᠢᠭ ᠢᠶᠠᠷ ᠲᠣᠷᠭᠠᠨ᠎ᠠ᠃ ︵ᠬᠤᠶᠠᠷ︶ ᠪᠡᠯᠴᠢᠭᠡᠷ ᠮᠠᠯ ᠤᠨ ᠳᠡᠩᠴᠡᠬᠦᠷᠢ ᠶᠢ ᠪᠠᠲᠤᠯᠠᠬᠤ ᠤᠷᠤᠨ ᠳᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠭᠰᠠᠨ ᠪᠣᠯ ᠵᠠᠰᠠᠨ ᠵᠠᠯᠠᠷᠠᠭᠤᠯᠬᠤ ᠪᠠᠷ ᠵᠠᠷᠯᠢᠭᠳᠠᠨ᠎ᠠ᠂ ᠬᠤᠭᠤᠴᠠᠭ᠎ᠠ ᠬᠡᠳᠦᠷᠡᠵᠦ ᠦᠯᠦ ᠵᠠᠯᠠᠷᠠᠭᠤᠯᠤᠭᠰᠠᠨ ᠪᠤᠯ ᠬᠡᠳᠦᠷᠡᠭᠰᠡᠨ ᠬᠤᠨᠢ ᠪᠠᠷ ᠨᠢᠭᠡᠴᠢᠯᠡᠨ 100 ᠲᠦᠭᠦᠷᠢᠭ ᠢᠶᠠᠷ ᠲᠤᠷᠭᠠᠨ᠎ᠠ᠃ ︵ᠭᠤᠷᠪᠠ︶ ᠰᠢᠨ᠎ᠡ ᠪᠠᠷ ᠪᠠᠶᠢᠭᠤᠯᠤᠭᠰᠠᠨ ᠤᠢ ᠰᠢᠭᠤᠢ ᠶᠢᠨ ᠢᠨᠵᠧᠨᠧᠷᠢᠩ ᠤᠨ ᠲᠦᠷᠦᠯ ᠵᠦᠢᠯ ᠤᠨ ᠤᠷᠤᠨ᠂ ᠵᠤᠯᠵᠠᠭ᠎ᠠ ᠮᠤᠳᠤᠨ ᠤ ᠤᠢ᠂ ᠨᠡᠶᠢᠲᠡ ᠶᠢᠨ ᠠᠰᠠᠷᠠᠮᠵᠢ ᠶᠢᠨ ᠤᠢ᠂ ᠠᠵᠤ ᠠᠬᠤᠢ ᠶᠢᠨ ᠤᠢ ᠶᠢᠨ ᠭᠠᠵᠠᠷ ᠮᠠᠯᠵᠢᠭᠰᠠᠨ ᠪᠣᠯ ᠬᠤᠨᠢ ᠪᠠᠷ ᠨᠢᠭᠡᠴᠢᠯᠡᠨ 50 ᠲᠦᠭᠦᠷᠢᠭ ᠢᠶᠠᠷ ᠲᠤᠷᠭᠠᠨ᠎ᠠ᠃ ︵ᠳᠥᠷᠪᠡ︶ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠤᠤᠯ ᠤᠷᠤᠨ ᠪᠠ ᠵᠠᠪᠰᠠᠷ ᠤᠨ ᠤᠷᠤᠨ ᠳᠤ ᠮᠠᠯᠵᠢᠭᠰᠠᠨ ᠪᠣᠯ ᠬᠤᠨᠢ ᠪᠠᠷ ᠨᠢᠭᠡᠴᠢᠯᠡᠵᠦ 50 ᠲᠦᠭᠦᠷᠢᠭ ᠢᠶᠠᠷ ᠲᠤᠷᠭᠠᠨ᠎ᠠ᠃ ︵ᠲᠠᠪᠤ︶ ᠲᠠᠷᠢᠶᠠᠯᠠᠬᠤ ᠤᠷᠤᠨ ᠵᠢᠴᠢ ᠪᠤᠰᠤᠳ ᠪᠡᠯᠴᠢᠭᠡᠷᠯᠡᠬᠦᠯᠬᠦ ᠶᠢ ᠵᠤᠭᠰᠤᠭᠠᠬᠤ ᠴᠢᠬᠤᠯᠠᠲᠠᠢ ᠤᠷᠤᠨ ᠳᠤ ᠮᠠᠯᠵᠢᠭᠰᠠᠨ ᠪᠣᠯ ᠬᠤᠨᠢ ᠪᠠᠷ ᠨᠢᠭᠡᠴᠢᠯᠡᠨ 30 ᠲᠦᠭᠦᠷᠢᠭ ᠢᠶᠠᠷ ᠲᠤᠷᠭᠠᠨ᠎ᠠ᠃ ᠬᠤᠷᠢᠨ ᠨᠢᠭᠡᠳᠦᠭᠡᠷ ᠵᠤᠷᠪᠤᠰ   ᠲᠤᠰ ᠲᠦᠷᠢᠮ ᠤᠨ ᠠᠷᠪᠠᠨ ᠬᠤᠶᠠᠳᠤᠭᠠᠷ ᠵᠤᠷᠪᠤᠰ ᠤᠨ ᠭᠤᠷᠪᠠᠳᠤᠭᠠᠷ ᠵᠦᠢᠯ ᠤᠨ ᠲᠤᠭᠳᠠᠭᠠᠯ ᠢ ᠵᠦᠷᠢᠴᠡᠵᠦ᠂ ᠪᠡᠯᠴᠢᠭᠡᠷᠯᠡᠬᠦᠯᠬᠦ ᠶᠢ ᠵᠤᠭᠰᠤᠭᠠᠵᠤ ᠰᠡᠯᠬᠦᠨ ᠮᠠᠯᠵᠢᠬᠤ ᠫᠠᠶᠢᠰᠠ ᠳᠡᠮᠳᠡᠭ ᠢ ᠡᠪᠳᠡᠭᠰᠡᠨ᠂ ᠳᠤᠷ᠎ᠠ ᠪᠠᠷ ᠰᠢᠯᠵᠢᠬᠦᠯᠦᠭᠰᠡᠨ ᠪᠠ ᠪᠢᠳᠡᠬᠦᠮᠵᠢᠯᠡᠬᠦ ᠲᠦᠬᠦᠭᠡᠷᠦᠮᠵᠢ ᠶᠢ ᠡᠪᠳᠡᠭᠰᠡᠨ ᠪᠣᠯ ᠬᠤᠳᠠ᠂ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ᠂ ᠤᠢ ᠰᠢᠭᠤᠢ ᠶᠢᠨ ᠦᠢᠯᠡᠰ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠢᠴᠢ ᠲᠡᠭᠦᠨ ᠤ ᠬᠢᠨᠠᠵᠤ ᠬᠠᠮᠢᠶᠠᠷᠬᠤ ᠪᠠᠶᠢᠭᠤᠯᠤᠮᠵᠢ ᠠᠴᠠ ᠤᠤᠯ ᠤᠨ ᠪᠠᠶᠢᠳᠠᠯ ᠢ ᠰᠡᠷᠬᠦᠭᠡᠬᠦ ᠪᠠᠷ ᠵᠠᠷᠯᠢᠭᠳᠠᠬᠤ ᠶᠢᠨ ᠬᠠᠮᠲᠤ ᠪᠤᠳᠠᠳᠠᠢ ᠬᠤᠬᠢᠷᠠᠯ ᠤᠨ ᠨᠢᠭᠡ ᠳᠠᠬᠢᠨ ᠠᠴᠠ ᠢᠯᠡᠭᠦᠦ ᠭᠤᠷᠪᠠᠨ ᠳᠠᠬᠢᠨ ᠠᠴᠠ ᠳᠣᠣᠷ᠎ᠠ ᠵᠤᠭᠤᠰ ᠢᠶᠠᠷ ᠲᠤᠷᠭᠠᠨ᠎ᠠ᠃ ᠪᠡᠯᠴᠢᠭᠡᠷᠯᠡᠬᠦᠯᠬᠦ ᠶᠢ ᠵᠤᠭᠰᠤᠭᠠᠵᠤ ᠰᠡᠯᠬᠦᠨ ᠮᠠᠯᠵᠢᠬᠤ ᠫᠠᠶᠢᠰᠠ ᠳᠡᠮᠳᠡᠭ ᠪᠠ ᠪᠢᠳᠡᠬᠦᠮᠵᠢᠯᠡᠬᠦ ᠲᠦᠬᠦᠭᠡᠷᠦᠮᠵᠢ ᠶᠢ ᠬᠤᠯᠠᠭᠠᠢᠢᠯᠠᠪᠠᠯ᠂ ᠳᠤᠳᠤᠭᠠᠳᠤ ᠶᠢ ᠬᠠᠮᠠᠭᠠᠯᠠᠬᠤ ᠪᠠᠶᠢᠭᠤᠯᠤᠮᠵᠢ ᠨᠢ ᠬᠠᠮᠢᠶ᠎ᠠ ᠪᠦᠬᠦᠢ ᠲᠤᠭᠳᠠᠭᠠᠯ ᠶᠤᠰᠤᠭᠠᠷ ᠰᠢᠢᠳᠪᠤᠷᠢᠯᠡᠨ᠎ᠡ᠃ ᠬᠤᠷᠢᠨ ᠬᠤᠶᠠᠳᠤᠭᠠᠷ ᠵᠤᠷᠪᠤᠰ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠣᠰ ᠲᠦᠷᠢᠮ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠦᠭᠡᠢ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠠᠵᠢᠯ ᠢ ᠬᠦᠴᠦᠲᠡᠶ ᠠᠳᠬᠤᠭᠰᠠᠨ ᠦᠬᠡᠢ ᠪᠠᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠭᠤᠣᠯ ᠬᠠᠷᠢᠭᠤᠴᠠᠯᠭ᠎ᠠ ᠲᠠᠢ ᠬᠥᠮᠥᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠤᠷᠢᠨ ᠭᠤᠷᠪᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ᠂ ᠤᠢ ᠰᠢᠭᠤᠶ ᠶᠢᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠢᠨᠠᠵᠤ ᠬᠠᠮᠢᠶᠠᠷᠬᠤ ᠪᠠᠶᠢᠭᠤᠯᠤᠮᠵᠢ ᠪᠣᠯᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠠᠵᠢᠯᠳᠡᠠ ᠪᠣᠯᠤᠨ ᠲᠥᠷᠥ ᠶᠢᠨ ᠪᠠᠶᠢᠭᠤᠯᠭ᠎ᠠ ᠶᠢᠨ ᠪᠤᠰᠤᠳ ᠠᠵᠢᠯᠳᠡᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠬᠠᠮᠢᠶᠠᠷᠤᠯᠲᠠ ᠳᠤᠮᠳᠠ ᠡᠷᠬᠡ ᠲᠤᠰᠢᠶᠠᠯ ᠳᠠᠭᠠᠨ ᠣᠰᠣᠯᠳᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠲᠡᠭᠦᠨ ᠤ ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠂ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ ᠬᠤᠷᠢᠨ ᠳᠥᠷᠪᠡᠳᠦᠭᠡᠷ ᠵᠤᠷᠪᠤᠰ ᠲᠤᠰ ᠲᠦᠷᠢᠮ ᠢ 2018 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠢᠷᠡᠯᠲᠡ᠄ ᠤᠯᠠᠭᠠᠨᠬᠠᠲᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号