ᠰᠢᠯᠢ ᠶᠢᠨ ᠭᠤᠤᠯ ᠠᠶᠢᠮᠠᠭ ᠤᠨ ᠭᠤᠤᠯ ᠡᠮᠨᠡᠯᠭᠡ ᠶᠢᠨ ᠬᠤᠷᠢᠶ᠎ᠠ ᠪᠣᠯᠤᠨ ᠰᠢᠶᠠᠨ ᠤ ᠳᠤᠮᠳᠠᠳᠤ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠪᠠᠶᠢᠭᠤᠯᠬᠤ ᠭᠡᠷ᠎ᠡ ᠲᠣᠭᠲᠠᠬᠤ ᠶᠣᠰᠣᠯᠠᠯ  ᠶᠠᠪᠤᠭᠳᠠᠪᠠ᠃
ᠨᠡᠶᠢᠲᠡᠯᠡᠭᠰᠡᠨ ᠴᠠᠭ᠄
2020-06-02
5 ᠰᠠᠷ᠎ᠠ ᠶᠢᠨ 31 ᠤ ᠡᠳᠦᠷ᠂ ᠰᠢᠯᠢ ᠶᠢᠨ ᠭᠤᠤᠯ ᠠᠶᠢᠮᠠᠭ ᠤᠨ ᠭᠤᠤᠯ ᠡᠮᠨᠡᠯᠭᠡ ᠶᠢᠨ ᠬᠤᠷᠢᠶ᠎ᠠ ᠪᠣᠯᠤᠨ ᠰᠢᠶᠠᠨ ᠤ ᠳᠤᠮᠳᠠᠳᠤ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠪᠠᠶᠢᠭᠤᠯᠬᠤ ᠭᠡᠷ᠎ᠡ ᠲᠣᠭᠲᠠᠬᠤ ᠶᠣᠰᠣᠯᠠᠯ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠷᠠᠯ ᠤᠨ ᠬᠡᠷ ᠲᠤ ᠶᠠᠪᠤᠭᠳᠠᠪᠠ᠃    ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠠᠩ ᠵᠢᠩ ᠯᠢᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠰᠢᠯᠢ ᠶᠢᠨ ᠭᠤᠤᠯ ᠠᠶᠢᠮᠠᠭ ᠤᠨ ᠭᠤᠤᠯ ᠡᠮᠨᠡᠯᠭᠡ ᠶᠢᠨ ᠬᠤᠷᠢᠶ᠎ᠠ ᠪᠣᠯᠤᠨ ᠳᠤᠮᠳᠠᠳᠤ ᠮᠣᠩᠭᠤᠯ ᠤᠨ ᠡᠮᠨᠡᠯᠭᠡ ᠶᠢᠨ ᠬᠣ‌‍ᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠶᠢᠨ ᠬᠤᠯᠪᠣᠭᠠ  ᠤ ᠵᠥᠪᠯᠡᠯᠴᠡᠭᠡᠷ ᠲᠤ ᠬᠠᠮᠲᠤ ᠪᠠᠷ ᠭᠠᠷ ᠤᠨ ᠥᠰᠥᠭ ᠵᠢᠷᠤᠪᠠ᠃    ᠰᠢᠯᠢ ᠶᠢᠨ ᠭᠤᠤᠯ ᠠᠶᠢᠮᠠᠭ ᠤᠨ ᠭᠤᠤᠯ ᠡᠮᠨᠡᠯᠭᠡ ᠶᠢᠨ ᠬᠤᠷᠢᠶ᠎ᠠ ᠶᠢᠨ ᠭᠤᠤᠯ ᠬᠠᠷᠢᠭᠤᠴᠠᠯᠭᠠᠲᠠᠨ ᠯᠢᠨᠰᠢ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠳᠤ ︽ᠰᠢᠯᠢ ᠶᠢᠨ ᠭᠤᠤᠯ ᠠᠶᠢᠮᠠᠭ ᠤᠨ ᠭᠤᠤᠯ ᠡᠮᠨᠡᠯᠭᠡ ᠶᠢᠨ ᠬᠠᠮᠵᠢᠯᠴᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠤᠯᠪᠣᠭᠠᠨ ᠤ ᠪᠦᠷᠢᠯᠳᠦᠬᠦᠨ ᠨᠢᠭᠡᠴᠡ︾ ᠶᠢᠨ ᠫᠠᠶᠢᠰᠠ ᠢᠯᠡᠷᠬᠡᠶᠢᠯᠡᠯ ᠣᠯᠭᠤᠪᠠ᠃ ᠰᠢᠯᠢ ᠶᠢᠨ ᠭᠤᠣᠯ ᠠᠶᠢᠮᠠᠭ ᠤᠨ ᠭᠤᠣᠯ ᠡᠮᠨᠡᠯᠭᠡ ᠶᠢᠨ ᠬᠤᠷᠢᠶᠠᠨ ᠤ ᠳᠣᠲᠣᠭᠠᠳᠤ ᠰᠢᠭᠦᠷᠡᠯ ᠤᠨ ᠰᠠᠯᠠᠭᠠᠨ ᠤ ᠰᠤᠪᠢᠯᠠᠭᠴᠢ  ᠶᠢᠨ ᠳᠠᠷᠤᠭ᠎ᠠ᠂ ᠬᠢᠵᠢᠭ ᠢ ᠡᠰᠡᠷᠭᠦᠴᠡᠭᠰᠡᠨ ᠪᠠᠭᠠᠲᠤᠷ ᠯᠢᠦ ᠱᠤ ᠵᠢᠶᠦ᠋ᠨ ᠤ ᠬᠡᠷᠡᠭ ᠶᠠᠪᠤᠳᠠᠯ ᠤᠨ  ᠮᠡᠳᠡᠭᠡ ᠤᠯᠥᠯᠳᠠ ᠶᠢ ᠰᠣᠨᠣᠰᠴᠠᠢ᠃    ᠭᠠᠷ ᠤᠨ ᠥᠰᠥᠭ ᠵᠢᠷᠤᠬᠤ ᠶᠣᠰᠣᠯᠠᠯ ᠤᠨ ᠳᠠᠷᠠᠭ᠎ᠠ᠂ ᠰᠢᠯᠢ ᠶᠢᠨ ᠭᠤᠤᠯ ᠠᠶᠢᠮᠠᠭ ᠤᠨ ᠭᠤᠤᠯ ᠡᠮᠨᠡᠯᠭᠡ ᠶᠢᠨ  ᠬᠤᠷᠢᠶᠠᠨ ᠤ ᠡᠯ᠎ᠡ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠤᠷᠢᠳ ᠬᠤᠵᠢᠳ ᠳᠤᠮᠳᠠᠳᠤ ᠮᠣᠩᠭᠤᠯ ᠤᠨ ᠡᠮᠨᠡᠯᠭᠡ ᠶᠢᠨ ᠬᠣ‌‍ᠷᠢᠶ᠎ᠠ ᠶᠢ ᠰᠢᠯᠵᠢᠭᠦᠯᠦᠨ ᠰᠢᠨ᠎ᠡ ᠪᠠᠷ ᠪᠠᠶᠢᠭᠤᠯᠬᠤ ᠢᠨᠵᠧᠨᠧᠷᠢᠩ ᠵᠢᠴᠢ ᠳᠤᠮᠳᠠᠳᠤ ᠮᠣᠩᠭᠤᠯ ᠤᠨ ᠡᠮᠨᠡᠯᠭᠡ ᠶᠢᠨ ᠬᠣ‌‍ᠷᠢᠶᠠᠨ ᠤ ᠪᠡᠯᠡᠨ ᠪᠠᠶᠢᠭ᠎ᠠ ᠡᠭᠦᠳᠡᠨ ᠡᠮᠨᠡᠯᠭᠡ ᠶᠢᠨ ᠠᠰᠠᠷ᠂ ᠡᠮᠨᠡᠯᠭᠡ ᠳᠤ ᠰᠠᠭᠤᠬᠤ ᠠᠰᠠᠷ᠂ ᠲᠦᠷᠭᠡᠨ  ᠡᠮᠨᠡᠯᠭᠡ ᠶᠢᠨ ᠠᠰᠠᠷ ᠵᠡᠷᠭᠡ ᠬᠡᠰᠡᠭ ᠰᠠᠯᠠᠭ᠎ᠠ ᠲᠠᠰᠤᠭ ᠲᠤ ᠬᠦᠷᠴᠦ ᠲᠣᠭᠤᠷᠢᠨ ᠦᠵᠡᠪᠡ᠃ ᠰᠢᠯᠢ ᠶᠢᠨ ᠭᠤᠤᠯ ᠠᠶᠢᠮᠠᠭ ᠤᠨ ᠲᠥᠪ ᠡᠮᠨᠡᠯᠭᠡ ᠶᠢᠨ ᠬᠤᠷᠢᠶᠠᠨ ᠤ ᠮᠢᠨᠴᠦᠷᠡᠭᠦᠯᠵᠦ  ᠂ ᠡᠪᠡᠳᠬᠦ ᠰᠠᠯᠠᠭ᠎ᠠ᠂ ᠬᠤᠰᠬᠢᠨᠠᠭ ᠭᠡᠳᠡᠰᠦᠨ ᠤ ᠰᠠᠯᠠᠭ᠎ᠠ ᠵᠡᠷᠭᠡ ᠬᠤᠶᠠᠷ ᠲᠤᠰᠬᠠᠶ ᠮᠡᠷᠭᠡᠵᠢᠯᠲᠡᠨ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号