ᠯᠢᠨᠰᠢ ᠰᠢᠶᠠᠨ ᠤ ︽ᠭᠤᠷᠪᠠᠨ ᠠᠯᠬᠤᠮ ᠢᠶᠠᠷ ᠶᠠᠪᠤᠬᠤ︾ ᠶᠠᠪᠤᠳᠠᠯ ᠨᠢ ᠨᠡᠶᠢᠭᠡᠮ ᠲᠣᠭᠤᠷᠢᠭ ᠤᠨ ᠲᠣᠣᠷᠴᠢᠯᠠᠭᠴᠢ ᠶᠢᠨ ᠡᠩᠨᠡᠭᠡ ᠶᠢ ᠬᠦᠴᠦᠷᠬᠡᠭᠵᠢᠭᠦᠯᠪᠡ
ᠨᠡᠶᠢᠲᠡᠯᠡᠭᠰᠡᠨ ᠴᠠᠭ᠄
2020-06-22
ᠯᠢᠨᠰᠢ ᠰᠢᠶᠠᠨ ᠤ ︽ᠭᠤᠷᠪᠠᠨ ᠠᠯᠬᠤᠮ ᠢᠶᠠᠷ ᠶᠠᠪᠤᠬᠤ︾ ᠶᠠᠪᠤᠳᠠᠯ ᠨᠢ ᠨᠡᠶᠢᠭᠡᠮ ᠲᠣᠭᠤᠷᠢᠭ ᠤᠨ ᠲᠣᠣᠷᠴᠢᠯᠠᠭᠴᠢ ᠶᠢᠨ ᠡᠩᠨᠡᠭᠡ ᠶᠢ ᠬᠦᠴᠦᠷᠬᠡᠭᠵᠢᠭᠦᠯᠪᠡ᠃    ᠨᠢᠭᠡ ᠳᠤ ᠣᠯᠠᠨ  ᠵᠦᠢᠯ  ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠳᠥᠷᠪᠡᠨ ᠲᠠᠯ᠎ᠠ ᠶᠢᠨ ᠡᠷᠳᠡᠮᠲᠡᠨ ᠴᠢᠳᠠᠪᠤᠷᠢᠲᠠᠨ ᠢ ᠥᠷᠭᠡᠨ ᠢᠶᠠᠷ ᠴᠤᠭᠯᠠᠭᠤᠯᠪᠠ᠃ ᠲᠣᠤᠷᠯᠢᠭ ᠤᠨ ᠠᠵᠢᠯᠲᠠᠨ ᠨᠢ ᠥᠩᠭᠡᠷᠡᠭᠰᠡᠨ ᠤ ᠨᠠᠰᠤ᠂ ᠴᠢᠳᠠᠪᠤᠷᠢ᠂ ᠬᠡᠪ ᠴᠢᠨᠠᠷ᠂ ᠰᠣᠶᠣᠯ ᠤᠨ ᠬᠡᠮᠵᠢᠶ᠎ᠡ ᠵᠡᠷᠭᠡ 6 ᠲᠠᠯ᠎ᠠ ᠶᠢᠨ ᠨᠥᠬᠦᠴᠡᠯ ᠳᠡᠭᠡᠷ᠎ᠡ᠂ 3 ᠵᠦᠢᠯ ᠤᠨ ᠬᠡᠯᠪᠡᠷᠢ ᠪᠠᠷ ᠵᠢᠱᠢᠭᠳᠡᠭᠴᠢ ᠶᠢᠨ ᠬᠡᠪᠴᠢᠶ᠎ᠡ ᠶᠢ ᠥᠷᠭᠡᠳᠬᠡᠵᠦ᠂ ︽3 ᠨᠢᠭᠡ ᠪᠦᠯᠦᠭ︾ ᠤᠨ ᠪᠦᠲᠦᠴᠡ ᠶᠢ ᠪᠦᠷᠢᠯᠳᠦᠭᠦᠯᠵᠡᠶ᠂ ᠳᠠᠷᠤᠶ᠄ ᠣᠳᠣ ᠶᠢᠨ ᠰᠦᠯᠵᠢᠶᠡᠨ ᠤ ᠭᠡᠰᠢᠭᠦᠨ᠂ ᠲᠤᠳᠤᠭᠠᠳᠤ  ᠶᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯᠲᠠᠨ᠂ ᠵᠡᠮᠳᠡᠭᠴᠦᠳ ᠤᠨ ᠬᠤᠯᠪᠣᠭ᠎ᠠ ᠶᠢᠨ ᠬᠠᠪᠰᠤᠷᠤᠭᠴᠢ  ᠨᠢᠭᠡ  ᠪᠦᠯᠦᠭ ᠠᠵᠢᠯ ᠤᠨ ᠪᠠᠶᠢᠷᠢ  ᠶᠢ ᠰᠢᠯᠵᠢᠭᠦᠯᠵᠠᠢ  ᠃ ᠡᠨᠡ ᠲᠥᠷᠥᠯ ᠤᠨ ᠨᠡᠶᠢᠲᠡ 47 ᠬᠥᠮᠦᠨ ᠨᠡᠷ᠎ᠡ ᠮᠡᠳᠡᠭᠦᠯᠵᠡᠶ︔ ᠣᠷᠣᠨ ᠤ ᠳᠣᠲᠣᠷ᠎ᠠ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠬᠤ ᠮᠥᠷᠲᠡᠭᠡᠨ ᠨᠡᠶᠢᠭᠡᠮ  ᠲᠤᠭᠤᠷᠢᠭ  ᠤᠨ ᠬᠡᠷᠡᠭ ᠶᠠᠪᠤᠳᠠᠯ ᠳᠤ ᠬᠠᠯᠠᠭᠤᠨ ᠰᠡᠳᠬᠢᠯ ᠲᠠᠢ ᠰᠠᠭᠤᠭᠠᠯᠢ ᠠᠷᠠᠳ ᠢ ᠠᠷᠠᠳᠴᠢᠯᠠᠯ ᠢᠶᠠᠷ ᠨᠢᠭᠡ ᠪᠦᠯᠦᠭ ᠢ ᠲᠠᠨᠢᠯᠴᠠᠭᠤᠯᠵᠤ᠂ ᠨᠡᠶᠢᠲᠡ 15 ᠬᠥᠮᠦᠨ ᠨᠡᠷ᠎ᠡ  ᠮᠡᠳᠡᠭᠦᠯᠵᠠᠢ  ︔ ᠨᠡᠶᠢᠭᠡᠮ ᠨᠡᠶᠢᠲᠡ ᠠᠴᠠ ᠨᠢᠭᠡ ᠪᠦᠯᠦᠭ ᠰᠢᠨ᠎ᠡ ᠪᠠᠷ ᠡᠯᠰᠡᠵᠦ᠂ ᠨᠡᠶᠢᠲᠡ 266 ᠬᠥᠮᠦᠨ ᠨᠡᠷ᠎ᠡ ᠮᠡᠳᠡᠭᠦᠯᠵᠡᠶ᠃    ᠬᠤᠶᠠᠷ ᠲᠤ  ᠲᠡᠰ ᠲᠠᠷᠠᠭᠠᠯᠠᠯ  ᠤᠨ ᠰᠢᠨ᠎ᠡ ᠶᠢ ᠡᠭᠦᠳᠴᠦ᠂ ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ  ᠰᠤᠩᠭᠤᠵᠠᠢ  ᠃ ︽ᠬᠤᠶᠠᠷ ᠢ ᠪᠠᠲᠤᠯᠠᠨ ᠲᠠᠨᠢᠯᠴᠠᠭᠤᠯᠬᠤ  ᠂  ᠬᠤᠶᠠᠷ ᠢ ᠡᠵᠡᠮᠳᠡᠬᠦ  ᠂  ᠨᠢᠭᠡ ᠠᠮᠠᠯᠠᠯᠲᠠ︾ ᠶᠢᠨ ᠰᠣᠩᠭᠤᠨ ᠭᠠᠷᠭᠠᠬᠤ  ᠰᠢᠨ᠎ᠡ  ᠶᠢ ᠡᠭᠦᠳᠴᠦ᠂ ︽ᠬᠤᠶᠠᠷ ᠢ ᠪᠠᠲᠤᠯᠠᠨ ᠲᠠᠨᠢᠯᠴᠠᠭᠤᠯᠬᠤ︾ ᠭᠡᠳᠡᠭ ᠨᠢ ᠠᠷᠠᠳᠴᠢᠯᠠᠯ ᠢᠶᠠᠷ ᠲᠠᠨᠢᠯᠴᠠᠭᠤᠯᠬᠤ ᠬᠤᠷᠠᠯ ᠬᠢᠬᠦ ᠪᠠ  ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ᠨᠡᠷ᠎ᠡ ᠬᠤᠯᠪᠣᠭᠠᠯᠠᠨ ᠪᠠᠲᠤᠯᠠᠨ ᠲᠠᠨᠢᠯᠴᠠᠭᠤᠯᠵᠤ᠂ ᠵᠢᠱᠢᠭᠳᠡᠭᠰᠡᠳ  ᠰᠠᠨᠠᠭᠤᠯᠭ᠎ᠠ ᠶᠢᠨ ᠨᠡᠷᠡᠰ ᠢ ᠳᠤᠷᠠᠳᠤᠨ᠎ᠠ︔ ︽ᠬᠤᠶᠠᠷ ᠢ ᠬᠢᠵᠠᠭᠠᠷᠯᠠᠬᠤ︾ ᠭᠡᠳᠡᠭ ᠨᠢ ᠳᠠᠷᠤᠶ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠰ᠊ ᠠᠨᠠᠭᠤᠯᠭ᠎ᠠ ᠭᠠᠷᠭᠠᠭᠰᠠᠨ ᠡᠲᠡᠭᠡᠳ ᠲᠤ ᠠᠩᠬ᠎ᠠ ᠠᠯᠬᠤᠮ ᠤᠨ ᠡᠵᠡᠮᠳᠡᠯ ᠬᠢᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠨᠡᠷᠡᠰ ᠤᠨ ᠵᠢᠭᠰᠠᠭᠠᠯᠲᠠ ᠶᠢ ᠬᠠᠮᠲᠤᠷᠠᠨ ᠬᠢᠨᠠᠨ  ᠡᠵᠡᠮᠳᠡᠵᠤ  ᠂ ᠵᠢᠱᠢᠭᠳᠡᠭᠰᠡᠳ ᠢ ᠵᠢᠩᠬᠢᠨᠢ ᠪᠠᠷ ᠲᠣᠭᠲᠠᠭᠠᠪᠠ︔ ︽ᠨᠢᠭᠡ ᠠᠮᠠᠯᠠᠯᠲᠠ︾ ᠭᠡᠳᠡᠭ ᠨᠢ ᠳᠠᠷᠤᠶ ᠵᠢᠱᠢᠭᠳᠡᠭᠰᠡᠳ ᠵᠢᠩᠬᠢᠨᠢ ᠰᠣᠩᠭᠤᠭᠤᠯᠢ ᠶᠠᠪᠤᠭᠤᠯᠬᠤ ᠠᠴᠠ ᠡᠮᠦᠨ᠎ᠡ  ᠨᠡᠶᠢᠭᠡᠮ  ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ ︽ᠠᠮᠠᠯᠠᠯᠲᠠ ᠶᠢᠨ ᠪᠢᠴᠢᠭ︾ ᠲᠣᠭᠲᠠᠨ᠎ᠠ᠃ ᠣᠳᠣᠬᠠᠨ ᠳᠤ  ᠰᠤᠩᠭᠤᠭᠤᠯᠢ  ᠶᠢᠨ ᠠᠵᠢᠯ ᠢ ᠪᠦᠬᠦᠨ ᠢ ᠪᠡᠶᠡᠯᠡᠭᠦᠯᠵᠦ᠂ 170 ᠨᠡᠷᠡᠰ ᠲᠤᠰᠬᠠᠶ ᠲᠤᠰᠢᠶᠠᠯᠲᠤ   ᠲᠤᠤᠷᠯᠠᠭᠴᠢ  ᠠᠵᠢᠯᠲᠠᠨ ᠢ ᠪᠦᠬᠦᠨ ᠢ ᠲᠣᠬᠢᠷᠠᠭᠤᠯᠵᠠᠶ᠃    ᠭᠤᠷᠪᠠ ᠳᠤ ᠪᠣᠯᠪᠠᠰᠤᠷᠠᠭᠤᠯᠤᠯ ᠢ ᠴᠢᠩᠭᠠᠳᠬᠠᠵᠤ᠂ ᠴᠢᠳᠠᠪᠤᠷᠢ ᠪᠠ ᠬᠡᠪ ᠴᠢᠨᠠᠷ ᠢ  ᠲᠡᠭᠡᠭᠰᠢᠯᠡᠭᠦᠯᠪᠡ  ᠃ ᠲᠣᠤᠷᠯᠢᠭ ᠬᠠᠮᠢᠶᠠᠷᠤᠯᠲᠠ ᠶᠢᠨ ᠤᠳᠤᠷᠢᠳᠤᠯᠭ᠎ᠠ᠂ ᠲᠠᠪᠴᠠᠩ ᠤᠨ ᠬᠠᠮᠢᠶᠠᠷᠤᠭᠴᠢ᠂ ᠲᠣᠤᠷᠯᠢᠭ ᠬᠠᠮᠢᠶᠠᠷᠤᠭᠴᠢ ︵ ᠲᠠᠷᠤᠭ᠎ᠠ  ︶ ᠵᠡᠷᠭᠡ ᠳᠤ ᠳᠠᠪᠬᠤᠷᠭ᠎ᠠ ᠬᠤᠪᠢᠶᠠᠨ ᠪᠣᠯᠪᠠᠰᠤᠷᠠᠯ ᠬᠢᠨ᠎ᠡ᠃ ︽ᠴᠢᠭ ᠤᠨ ᠡᠰᠡᠷᠭᠦ ᠲᠠᠯ᠎ᠠ︾ ᠶᠢᠨ ᠲᠤᠰᠬᠠᠶ ᠮᠡᠷᠭᠡᠵᠢᠯᠲᠡᠨ ᠤ ᠬᠢᠴᠢᠶᠡᠯ ᠵᠢᠭᠠᠬᠤ᠂ ᠣᠯᠠᠨ ᠬᠥᠮᠦᠨ ᠲᠠᠢ  ᠨᠢᠭᠤᠷᠳᠠᠨ ᠶᠠᠷᠢᠯᠴᠠᠬᠤ ᠵᠡᠷᠭᠡ ᠭᠤᠷᠪᠠᠨ ᠠᠷᠭ᠎ᠠ ᠬᠡᠯᠪᠡᠷᠢ ᠶᠢ ᠠᠪᠴᠤ᠂ ᠭᠠᠷ ᠤᠲᠠᠰᠤᠨ ᠤ ᠦᠵᠦᠭᠦᠷ ᠵᠥᠭᠡᠯᠡᠨ ᠲᠣᠨᠤᠭ ᠢ ᠬᠡᠷᠡᠭᠯᠡᠬᠦ᠂ ᠲᠥᠷᠥ ᠶᠢᠨ ᠪᠣᠳᠣᠯᠭ᠎ᠠ ᠴᠢᠭᠯᠡᠯᠲᠡ ᠶᠢ  ᠤᠯᠠᠮᠵᠢᠯᠠᠬᠤ  ᠂ ᠠᠵᠢᠯ ᠮᠡᠷᠭᠡᠵᠢᠯ ᠤᠨ ᠶᠣᠰᠣ ᠮᠣᠷᠠᠯ ᠢ ᠬᠥᠮᠦᠵᠢᠭᠦᠯᠬᠦ ᠵᠡᠷᠭᠡ ᠶᠢ ᠪᠣᠯᠪᠠᠰᠤᠷᠠᠭᠤᠯᠵᠤ᠂ ᠲᠣᠤᠷᠴᠢᠯᠠᠭᠴᠢ  ᠶᠢᠨ  ᠡᠩᠨᠡᠭᠡ ᠶᠢᠨ  ᠦᠢᠯᠡᠴᠢᠯᠡᠭᠡᠨ  ᠤ ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠳᠤ᠂ ᠬᠠᠮᠢᠶ᠎ᠠ ᠪᠥᠬᠦᠶ ᠪᠣᠯᠪᠠᠰᠤᠷᠠᠭᠤᠯᠤᠯ ᠢ ᠨᠡᠶᠢᠲᠡ 4 ᠤᠳᠠᠭ᠎ᠠ ᠥᠷᠨᠢᠭᠦᠯᠵᠦ᠂ 420 ᠭᠠᠷᠤᠶ  ᠬᠦᠮᠦᠨ  ᠤᠳᠠᠭ᠎ᠠ ᠪᠣᠯᠪᠠᠰᠤᠷᠠᠭᠤᠯᠪᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号