ᠯᠢᠨᠰᠢ ᠰᠢᠶᠠᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷ ᠤᠨ ᠮᠡᠳᠡᠯᠭᠡ ᠶᠢ ᠰᠢᠨᠡᠴᠢᠯᠡᠬᠦ ᠪᠣᠯᠪᠠᠰᠤᠷᠠᠯ ᠤᠨ ᠠᠩᠭᠢ  ᠡᠬᠢᠯᠡᠪᠡ
ᠨᠡᠶᠢᠲᠡᠯᠡᠭᠰᠡᠨ ᠴᠠᠭ᠄
2020-06-23
  6 ᠰᠠᠷ᠎ᠠ ᠶᠢᠨ 15 ᠤ ᠡᠳᠦᠷ᠂ ᠪᠦᠬᠦ ᠰᠢᠶᠠᠨ ᠤ ᠰᠠᠯᠠᠭᠠᠨ ᠤ ᠲᠠᠰ ᠤᠨ ᠤᠳᠤᠷᠢᠳᠬᠤ ᠺᠠᠳ᠋ᠷ ᠤᠨ ᠮᠡᠳᠡᠯᠭᠡ ᠶᠢ ᠰᠢᠨᠡᠴᠢᠯᠡᠬᠦ ᠪᠣᠯᠪᠠᠰᠤᠷᠠᠯ ᠤᠨ ᠠᠩᠭᠢ ᠡᠬᠢᠯᠡᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠵᠧᠤ ᠵᠢᠩ ᠮᠢᠨ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠨ ᠮᠢᠩ ᠲᠤᠤ ᠬᠤᠷᠠᠯ ᠡᠷᠭᠢᠯᠡᠪᠡ᠃ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠯᠢᠦ ᠬᠠᠢ ᠵᠢᠶᠧ ︽ᠠᠷᠠᠳ ᠲᠦᠮᠡᠨ ᠢᠶᠠᠷ  ᠭᠤᠣᠯ  ᠪᠣᠯᠭᠠᠬᠤ︾ ᠶᠢ ᠪᠠᠷᠢᠮᠲᠠᠯᠠᠵᠤ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ — ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠠᠷ ᠭᠤᠣᠯ ᠰᠡᠳᠦᠪ ᠪᠣᠯᠭᠠᠨ ᠬᠢᠴᠢᠶᠡᠯᠯᠡ ᠪᠡ᠃    ᠲᠤᠰ ᠤᠳᠠᠭᠠᠨ ᠤ ᠪᠣᠯᠪᠠᠰᠤᠷᠠᠯ ᠤᠨ ᠠᠩᠭᠢ ᠨᠢ ᠬᠤᠶᠠᠷ ᠬᠤᠭᠤᠴᠠᠭ᠎ᠠ ᠬᠤᠪᠢᠶᠠᠵᠤ ᠪᠦᠬᠦ ᠰᠢᠶᠠᠨ ᠤ 381 ᠰᠠᠯᠠᠭᠠᠨ ᠲᠡᠰ ᠤᠨ ᠺᠠᠳ᠋ᠷ ᠢ ᠡᠭᠡᠯᠵᠢᠯᠡᠨ ᠪᠣᠯᠪᠠᠰᠤᠷᠠᠭᠤᠯᠵᠤ᠂ ᠬᠤᠭᠤᠴᠠᠭ᠎ᠠ ᠪᠦᠷᠢ ᠶᠢᠨ ᠪᠣᠯᠪᠠᠰᠤᠷᠠᠭᠤᠯᠤᠯ ᠤᠨ ᠴᠠᠭ ᠨᠢ 5 ᠡᠳᠦᠷ᠂ ᠲᠣᠰ ᠬᠤᠭᠤᠴᠠᠭᠠᠨ ᠤ ᠪᠣᠯᠪᠠᠰᠤᠷᠠᠭᠤᠯᠤᠯ ᠳᠤ ᠣᠷᠣᠯᠴᠠᠬᠤ ᠬᠥᠮᠦᠰ ᠨᠢ ᠰᠢᠶᠠᠩ ᠪᠠᠯᠭᠠᠰᠤ ᠪᠠ ᠰᠢᠶᠠᠨ ᠤ ᠰᠢᠭᠤᠳ ᠬᠠᠷᠢᠶ᠎ᠠ ᠰᠠᠯᠠᠭᠠᠨ ᠤ ᠲᠠᠰ ᠤᠨ ᠺᠠᠳ᠋ᠷ ᠨᠡᠶᠢᠲᠡ 164 ᠬᠥᠮᠦᠨ ᠪᠣᠯᠤᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号