ᠠᠮᠢ ᠨᠠᠰᠤ ᠶᠢ ᠬᠠᠶᠢᠷᠠᠯᠠᠵᠤ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠢ  ᠠᠩᠬᠠᠷᠠᠰᠤᠭᠠᠢ
ᠨᠡᠶᠢᠲᠡᠯᠡᠭᠰᠡᠨ ᠴᠠᠭ᠄
2020-06-03
ᠠᠮᠢ ᠨᠠᠰᠤ ᠶᠢ ᠬᠠᠶᠢᠷᠠᠯᠠᠵᠤ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠢ  ᠠᠩᠬᠠᠷᠠᠰᠤᠭᠠᠢ        6 ᠰᠠᠷ᠎ᠠ ᠶᠢᠨ 1 ᠤ ᠡᠳᠦᠷ᠂ ᠯᠢᠨᠰᠢ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠯᠢᠨᠰᠢ ᠰᠢᠶᠠᠨ ᠤ 2020 ᠣᠨ ᠤ ︽ᠠᠶᠤᠯᠭᠦᠶ  ᠦᠢᠯᠡᠳᠪᠤᠷᠢᠯᠡᠯ ᠤᠨ ᠰᠠᠷ᠎ᠠ︾ ᠪᠣᠯᠤᠨ ︽ᠠᠶᠤᠯᠭᠦᠶ  ᠦᠢᠯᠡᠳᠪᠤᠷᠢᠯᠡᠯ  ᠤᠨ ᠲᠦᠮᠡᠨ ᠭᠠᠵᠠᠷ ᠤᠨ ᠠᠶᠠᠯᠠᠯ︾ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠠᠵᠢᠯᠯᠠᠭ᠎ᠠ ᠶᠢᠨ ᠠᠬᠤᠶ ᠲᠠᠯᠠᠪᠠᠶ ᠳᠤ  ᠲᠠᠷᠢᠶᠠᠯᠠᠩ ᠮᠠᠯ ᠠᠵᠤ ᠠᠬᠤᠶ ᠶᠢᠨ ᠰᠠᠶᠢᠨ ᠳᠤᠷ᠎ᠠ ᠶᠢᠨ  ᠦᠢᠯᠡᠴᠢᠯᠡᠭᠡᠨ  ᠤ ᠭᠡᠰᠢᠭᠦᠳ ᠣᠯᠠᠨ ᠲᠦᠮᠡᠨ ᠳᠤ ᠲᠠᠷᠢᠶᠠᠯᠠᠩ ᠤᠨ ᠮᠠᠰᠢᠨ ᠤ ᠠᠶᠤᠯᠭᠦᠶ ᠦᠶ᠋ᠯᠡᠳᠪᠦᠷᠢᠯᠡᠯ ᠤᠨ ᠤᠬᠠᠭᠤᠯᠭ᠎ᠠ ᠶᠢᠨ  ᠮᠠᠲ᠋ᠧᠷᠢᠶᠠᠯ ᠢ 300 ᠭᠠᠷᠤᠶ ᠬᠤᠪᠢ  ᠲᠠᠷᠬᠠᠭᠠᠵᠤ  ᠂  ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠰᠡᠷᠡᠮᠵᠢ ᠶᠢᠨ ᠵᠢᠷᠤᠭ ᠢ 6 ᠳᠡᠯᠭᠡᠨ  ᠦᠡᠵᠡᠭᠦᠯᠵᠤ  ᠂  ᠰᠡᠷᠡᠮᠵᠢᠯᠡᠭᠦᠯᠬᠦ  ᠢᠯᠡᠷᠭᠡᠶᠢᠯᠡᠯ  1 ᠬᠤᠪᠢ  ᠡᠯᠭᠦᠵᠤ  ᠂  ᠣᠯᠠᠨ ᠲᠦᠮᠡᠨ ᠳᠤ ᠰᠡᠷᠡᠮᠵᠢᠯᠡᠭᠦᠯᠬᠦ ᠨᠡᠶᠢᠲᠡᠯᠢᠭ ᠬᠡᠷᠡᠭ ᠤᠨ ᠵᠢᠱᠢᠶ᠎ᠡ ᠶᠢ 9 ᠤᠳᠠᠭ᠎ᠠ ᠲᠠᠶᠢᠯᠪᠤᠷᠢᠯᠠᠪᠠ᠃ ᠲᠣᠰ ᠤᠳᠠᠭᠠᠨ ᠤ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ  ᠰᠠᠶᠢᠨ  ᠦᠨᠡᠯᠡᠯᠲᠡ ᠶᠢ ᠣᠯᠤᠭᠰᠠᠨ ᠪᠠᠶᠢᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号