ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠲᠤᠬᠠᠶ ᠰᠢᠢᠳᠪᠦᠷᠢ
ᠨᠡᠶᠢᠲᠡᠯᠡᠭᠰᠡᠨ ᠴᠠᠭ᠄
2020-06-03
ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠬᠦᠯᠦᠯᠳᠡ ᠶᠢᠨ ᠲᠤᠬᠠᠶ ᠰᠢᠢᠳᠪᠦᠷᠢ      ︵2020 ᠤᠨ ᠤ 5 ᠰᠠᠷ᠎ᠠ ᠶᠢᠨ 28 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠪᠠᠳᠤᠯᠠᠪᠠ︶     ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ ᠵᠧᠤ ᠴᠢᠶᠠᠩ ᠤᠨ ᠬᠢᠭᠰᠡᠨ ᠠᠵᠢᠯ ᠤᠨ ᠮᠡᠳᠡᠬᠦᠯᠦᠯᠳᠡ ᠶᠢ ᠰᠣᠨᠣᠰᠤᠭᠰᠠᠨ ᠪᠦᠬᠡᠳ ᠬᠢᠨᠠᠨ ᠵᠦᠪᠯᠡᠪᠡ᠃ ᠬᠤᠷᠠᠯ ᠠᠴᠠ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠢ ᠭᠦᠢᠴᠡᠳ ᠨᠤᠲᠠᠯᠠᠵᠤ᠂ ᠮᠡᠳᠡᠬᠦᠯᠦᠯᠳᠡ ᠳᠤ ᠳᠤᠷᠠᠳᠤᠭᠰᠠᠨ ᠬᠤᠶᠢᠰᠢᠳᠠ ᠶᠢᠨ ᠨᠢᠬᠡ ᠬᠤᠭᠤᠴᠠᠭᠠᠨ ᠤ ᠠᠵᠢᠯ ᠤᠨ ᠲᠤᠬᠢᠷᠠᠭᠤᠯᠤᠯᠳᠡ ᠶᠢ ᠵᠥᠪᠰᠢᠶᠡᠷᠡᠵᠦ᠂ ᠡᠨᠡ ᠬᠦ ᠮᠡᠳᠡᠬᠦᠯᠦᠯᠳᠡ ᠶᠢ ᠵᠥᠪᠰᠢᠶᠡᠷᠡᠬᠦ ᠪᠠᠷ ᠳᠤᠭᠳᠠᠵᠠᠢ᠃      ᠬᠤᠷᠠᠯ ᠠᠴᠠ᠂ ᠠᠷᠠᠳ ᠤᠨ ᠳᠡᠭᠡᠳᠦ ᠰᠢᠭᠦᠬᠦ ᠬᠤᠷᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾ ᠢᠶᠠᠨ ᠪᠠᠲᠤᠳᠬᠠᠵᠤ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠠᠷᠢᠴᠠᠯᠠᠰᠢᠬᠦᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠶ᠋ᠴᠡᠳᠬᠡᠨ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠦᠴᠦᠯᠡᠨ ᠬᠠᠮᠠᠭᠠᠯᠠᠵᠤ ᠠᠵᠤ ᠠᠬᠤᠶ ᠶᠢᠨ ᠬᠥᠭᠵᠢᠯᠲᠡ ᠪᠤᠯᠤᠨ ᠨᠡᠶᠢᠭᠡᠮ ᠤᠨ ᠲᠤᠭᠳᠠᠭᠤᠨ ᠤ ᠶᠡᠭᠡ ᠳᠠᠯ᠎ᠠ ᠶᠢ ᠬᠦᠴᠦᠯᠡᠨ ᠬᠠᠮᠠᠭᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠨ᠂ ᠬᠠᠤᠯᠢ ᠪᠠᠷᠢᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠶᠤᠨᠳᠦ ᠰᠢᠭᠦᠬᠦ ᠬᠤᠷᠢᠶ᠎ᠠ ᠶᠢ ᠲᠦᠷᠭᠡᠳᠬᠡᠨ ᠪᠠᠶᠢᠭᠤᠯᠵᠤ᠂ ᠴᠠᠭᠠᠷᠠᠭᠰᠠᠨ ᠡᠩᠨᠡᠭᠡ ᠶᠢᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠂ ᠰᠢᠭᠦᠨ ᠲᠠᠰᠤᠯᠬᠤ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠦᠯᠦᠪᠵᠢᠬᠦᠯᠦᠨ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ ᠳᠠᠶᠢᠯᠠᠯᠳᠤᠭᠠᠨ ᠬᠢᠵᠤ ᠰᠢᠢᠳᠪᠦᠷᠢᠲᠦ ᠢᠯᠠᠯᠲᠠ ᠤᠯᠬᠤ ᠬᠠᠷᠠᠯᠲᠠ ᠡᠭᠦᠷᠭᠡ ᠶᠢ ᠪᠡᠶᠡᠯᠡᠭᠦᠯᠬᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠳᠤ ᠴᠢᠩᠭ᠎ᠠ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠳᠡᠢ ᠬᠡᠵᠦ ᠱᠠᠭᠠᠷᠳᠠᠪᠠ᠃      ︵ᠰᠢᠨᠬᠤᠸᠠ ᠬᠤᠷᠢᠶᠠᠨ ᠤ ᠪᠡᠬᠡᠵᠢᠩ ᠤᠨ 5 ᠰᠠᠷ᠎ᠠ ᠶᠢᠨ 28 ᠤ ᠴᠠᠬᠢᠯᠭᠠᠨ ᠮᠡᠳᠡᠭᠡ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号