ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠦᠭᠡ ᠶᠢ ᠠᠷᠭᠠᠴᠠᠭᠠᠵᠤ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠠᠷᠭ᠎ᠠ ᠬᠡᠮᠵᠢᠶ᠎ᠡ ᠨᠦᠭᠦᠳ ᠢ ᠴᠢᠩᠭᠠᠷᠠᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | | ᠥᠪᠥᠷ ᠵᠠᠰᠠᠭ ᠠᠯᠪᠠᠨ ᠲᠠᠷᠬᠠᠭᠠᠭᠰᠠᠨ ︹2020︺10 ᠳ᠋ᠤᠭᠠᠷ ᠲᠣᠭᠠᠲᠤ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠰᠢᠨ᠎ᠡ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ︽ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ︹2019︺ 28 ᠳ᠋ᠤᠭᠠᠷ ᠲᠣᠭᠠᠲᠤ︶ ᠪᠠ ︽ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠵᠤ ᠠᠵᠢᠯ | ᠣᠯᠭᠤᠯᠲᠠ ᠶᠢ ᠲᠤᠨᠨᠳᠠᠭᠤᠨ ᠪᠠᠶᠢᠯᠭᠠᠬᠤ ᠠᠷᠭ᠎ᠠ ᠪᠠᠷᠢᠯ ᠢ ᠴᠢᠩᠭᠠᠷᠠᠭᠤᠯᠬᠤ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 6 | ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠪᠦᠲᠦᠮᠵᠢᠲᠡᠶ ᠠᠷᠭᠠᠴᠠᠭᠠᠨ᠂ ᠪᠦᠬᠦ | ᠣᠷᠣᠨ ᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠠᠵᠢᠯ ᠢ ᠴᠢᠩᠭᠠᠷᠠᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ | ᠠᠷᠭ᠎ᠠ ᠬᠡᠮᠵᠢᠶ᠎ᠡ ᠶᠢ ᠳᠤᠷᠠᠳᠪᠠ᠃ ᠨᠢᠭᠡ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢ ᠠᠬᠢᠭᠤᠯᠬᠤ ᠬᠡᠷᠡᠭᠲᠡᠢ ︵ᠨᠢᠭᠡ︶ ᠦᠢᠯᠡᠳᠪᠦᠷᠢᠯᠡᠯ ᠤᠨ ᠬᠡᠪ ᠤᠨ ᠡᠮᠬᠢ ᠵᠢᠷᠤᠮ ᠢ ᠪᠦᠬᠦ ᠲᠠᠯ᠎ᠠ ᠪᠠᠷ | ᠰᠡᠷᠭᠦᠭᠡᠵᠦ᠂ ᠭᠤᠤᠯᠳᠠᠯᠭ᠎ᠠ ᠲᠠᠢ ᠠᠵᠢᠯ ᠲᠥᠷᠥᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠴᠢᠩᠭ᠎ᠠ ᠠᠩᠬᠠᠷᠤᠨ᠂ ᠭᠤᠤᠯᠳᠠᠯᠭ᠎ᠠ ᠲᠠᠢ ᠲᠥᠷᠥᠯ ᠵᠦᠢᠯ | ᠴᠢᠬᠤᠯᠠ ᠶᠡᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠮᠤᠭ ᠤᠨ | ᠲᠦᠷᠭᠡᠨ ᠬᠤᠷᠳᠤᠴᠠ ᠪᠠᠷ ᠡᠨᠧᠷᠭᠢ᠂ ᠲᠦᠭᠦᠬᠡᠶ ᠮᠠᠲ᠋ᠧᠷᠢᠶᠠᠯ ᠪᠠ ᠵᠠᠮ ᠬᠠᠷᠢᠯᠴᠠᠭ᠎ᠠ ᠲᠡᠭᠡᠭᠡᠪᠦᠷᠢ᠂ ᠪᠠᠷᠠᠭᠠᠨ ᠤ | ᠭᠦᠢᠯᠭᠡᠭᠡᠨ ᠵᠡᠷᠭᠡ ᠠᠵᠤ ᠠᠬᠤᠶᠢᠯᠠᠯ ᠤᠨ ᠳᠠᠷᠤᠢ ᠲᠦᠷᠭᠡᠨ ᠢᠶᠠᠷ ᠠᠵᠢᠯ ᠢᠶᠠᠨ ᠰᠡᠷᠭᠦᠭᠡᠨ ᠦᠢᠯᠡᠳᠪᠦᠷᠢᠯᠡᠵᠦ ᠪᠣᠯᠬᠤ | ᠪᠣᠯᠭᠠᠨ᠂ ᠡᠨᠧᠷᠭᠢ ᠪᠠ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠵᠤ᠂ ᠠᠵᠤ ᠦᠢᠯᠡᠰ ᠤᠨ | ᠬᠠᠩᠭᠠᠯᠭ᠎ᠠ ᠶᠢᠨ ᠬᠡᠯᠬᠢᠶ᠎ᠡ ᠶᠢ ᠨᠡᠪᠲᠡᠷᠡᠭᠦᠯᠦᠨ᠂ ᠳᠡᠭᠡᠳᠦ ᠳᠣᠣᠷᠠᠳᠤ ᠬᠡᠯᠬᠢᠶᠡᠨ ᠤ ᠵᠡᠷᠭᠡ ᠪᠠᠷ ᠵᠣᠯᠭᠠᠯᠳᠤᠬᠤ ᠶᠢ | ᠠᠬᠢᠭᠤᠯᠵᠤ᠂ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠨ᠂ ᠠᠵᠤ ᠦᠢᠯᠡᠰ ᠤᠨ | ᠬᠥᠭᠵᠢᠯᠲᠡ ᠪᠠᠷ ᠠᠵᠢᠯ ᠣᠯᠭᠤᠯᠲᠠ ᠶᠢ ᠳᠠᠶᠢᠴᠢᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ᠬᠤᠶᠠᠷ︶ | ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ | ︽ᠡᠷᠡᠭᠦᠯ ᠮᠡᠨᠳᠦ ᠶᠢᠨ ᠨᠡᠪᠲᠡᠷᠡᠯ ᠺᠣᠳ᠋︾ ᠤᠨ ᠭᠠᠵᠠᠷ ᠣᠷᠣᠨ ᠠᠯᠤᠰᠯᠠᠵᠤ ᠬᠠᠷᠢᠯᠴᠠᠨ ᠨᠡᠪᠲᠡᠷᠡᠵᠦ ᠬᠠᠷᠢᠯᠴᠠᠨ | ᠮᠡᠳᠡᠷᠡᠬᠦ ᠶᠢ ᠲᠦᠷᠭᠡᠳᠬᠡᠨ ᠠᠬᠢᠭᠤᠯᠵᠤ᠂ ᠨᠡᠶᠢᠭᠡᠮ ᠨᠡᠶᠢᠲᠡ ᠳᠤ ︽ᠡᠷᠡᠭᠦᠯ ᠮᠡᠨᠳᠦ ᠶᠢᠨ ᠨᠡᠪᠲᠡᠷᠡᠯ ᠺᠣᠳ᠋︾ ᠤᠨ | ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠠᠯᠤᠰᠯᠠᠵᠤ ᠬᠠᠷᠢᠯᠴᠠᠨ ᠮᠡᠳᠡᠷᠡᠬᠦ ᠨᠡᠷᠡᠰ ᠢ ᠴᠠᠭ | ᠲᠤᠬᠠᠶ ᠳᠤ ᠨᠢ ᠨᠡᠶᠢᠲᠡᠯᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠬᠤᠶᠠᠷ᠂ ᠳᠠᠷᠤᠭᠠᠰᠤ ᠶᠢ ᠨᠢ | ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ︵ᠭᠤᠷᠪᠠ︶ | ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠪᠤᠴᠠᠭᠠᠨ ᠥᠭᠬᠦ ᠶᠢ ᠨᠢ | ᠨᠡᠮᠡᠭᠳᠡᠭᠦᠯᠵᠦ᠂ ᠠᠵᠢᠯᠲᠠᠨ ᠬᠠᠰᠤᠬᠤ ᠦᠭᠡᠢ ᠪᠤᠶᠤ ᠴᠥᠭᠡᠬᠡᠨ ᠬᠠᠰᠤᠭᠰᠠᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠳᠤ ᠠᠵᠢᠯᠲᠠᠨ ᠬᠠᠰᠤᠬᠤ ᠨᠣᠷᠮ᠎ᠠ ᠶᠢ ᠨᠢ ᠠᠭᠤᠵᠢᠭᠤ ᠪᠣᠯᠭᠠᠭᠰᠠᠨ ᠰᠠᠭᠤᠷᠢᠨ ᠳᠡᠭᠡᠷ᠎ᠡ᠂ ᠪᠤᠴᠠᠭᠠᠨ | ᠥᠭᠬᠦ ᠪᠠᠷᠢᠮᠵᠢᠶ᠎ᠠ ᠶᠢ ᠨᠢ ᠠᠵᠤ ᠠᠬᠤᠶᠢᠯᠠᠯ ᠵᠢᠴᠢ ᠲᠡᠳᠡᠭᠡᠷ ᠤᠨ ᠠᠵᠢᠯᠲᠠᠨ ᠠᠵᠢᠯᠴᠢᠨ ᠤ ᠨᠢᠳᠥᠨᠤᠨ ᠤ | ᠲᠤᠰᠢᠶᠠᠭᠰᠠᠨ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ 100% ᠳᠤ ᠬᠦᠷᠲᠡᠯ᠎ᠡ ᠳᠡᠭᠡᠭᠰᠢᠯᠡᠭᠦᠯᠬᠦ | ᠬᠡᠷᠡᠭᠲᠡᠢ︔ ᠦᠢᠯᠡᠳᠪᠦᠷᠢᠯᠡᠵᠦ ᠡᠵᠡᠩᠨᠡᠬᠦ ᠳᠤ ᠲᠦᠷ ᠴᠠᠭ ᠤᠨ ᠬᠦᠴᠢᠷᠳᠡᠯ ᠲᠠᠢ ᠪᠣᠯᠪᠠᠴᠤ ᠦᠢᠯᠡᠳᠪᠦᠷᠢᠯᠡᠵᠦ | ᠡᠵᠡᠩᠨᠡᠬᠦ ᠪᠠᠨ ᠰᠡᠷᠭᠦᠭᠡᠬᠦ ᠪᠣᠯᠤᠮᠵᠢᠲᠠᠶ᠂ ᠠᠵᠢᠯᠲᠠᠨ ᠢᠶᠠᠨ ᠬᠠᠰᠤᠬᠤ ᠦᠭᠡᠢ ᠪᠤᠶᠤ ᠴᠥᠭᠡᠬᠡᠨ ᠬᠠᠰᠤᠬᠤ ᠶᠢ | ᠪᠠᠷᠢᠮᠲᠠᠯᠠᠵᠤ ᠪᠠᠶᠢᠭ᠎ᠠ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠵᠤ ᠪᠤᠴᠠᠭᠠᠨ ᠥᠭᠬᠦ ᠲᠠᠯ᠎ᠠ ᠶᠢᠨ ᠲᠥᠷᠥ ᠶᠢᠨ ᠪᠣᠳᠣᠯᠭ᠎ᠠ ᠪᠠᠷ ᠮᠠᠭᠠᠳᠯᠠᠨ ᠲᠣᠭᠲᠠᠭᠠᠬᠤ | ᠪᠠᠷᠢᠮᠵᠢᠶ᠎ᠠ ᠶᠢ ᠵᠣᠬᠢᠰᠲᠠᠶ ᠠᠭᠤᠵᠢᠭᠤ ᠲᠠᠯᠪᠢᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ | ᠨᠥᠯᠥᠭᠡᠯᠡᠭᠳᠡᠭᠰᠡᠨ ᠠᠵᠤ ᠠᠬᠤᠶᠢᠯᠠᠯ ᠢ ᠭᠤᠣᠯᠳᠠᠯᠭ᠎ᠠ ᠲᠠᠢ ᠬᠠᠷᠠᠭᠠᠯᠵᠠᠨ᠂ ᠣᠷᠣᠨ ᠨᠤᠲᠤᠭ ᠤᠨ ᠬᠦᠲᠦᠴᠢ ᠠᠵᠤ | ᠠᠬᠤᠶᠢᠯᠠᠯ ᠪᠠ ᠬᠥᠳᠡᠯᠮᠦᠷᠢ ᠬᠦᠴᠦᠨ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠪᠤᠴᠠᠭᠠᠨ ᠥᠭᠬᠦ ᠪᠠᠷᠢᠮᠵᠢᠶ᠎ᠠ ᠶᠢ ᠨᠢ ᠲᠤᠬᠠᠶ ᠶᠢᠨ ᠭᠠᠵᠠᠷ ᠤᠨ 6 ᠰᠠᠷ᠎ᠠ ᠶᠢᠨ ᠰᠠᠷ᠎ᠠ ᠪᠦᠷᠢ ᠶᠢᠨ | ᠬᠥᠮᠦᠨ ᠳᠤᠮᠳᠠᠴᠢ ᠶᠢᠨ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠ ᠳᠠᠭᠠᠳᠬᠠᠯ ᠳᠤ ᠣᠷᠣᠯᠴᠠᠭᠰᠠᠨ | ᠠᠵᠢᠯᠲᠠᠨ ᠠᠵᠢᠯᠴᠢᠨ ᠤ ᠲᠤᠭ᠎ᠠ ᠪᠠᠷ ᠲᠣᠭᠲᠠᠭᠠᠵᠤ ᠪᠣᠯᠤᠨ᠎ᠠ᠂ ᠡᠰᠡᠬᠦᠯ᠎ᠡ ᠠᠵᠤ ᠠᠬᠤᠶᠢᠯᠠᠯ ᠵᠢᠴᠢ ᠲᠡᠳᠡᠭᠡᠷ ᠤᠨ | ᠠᠵᠢᠯᠲᠠᠨ ᠠᠵᠢᠯᠴᠢᠨ ᠤ 3 ᠰᠠᠷ᠎ᠠ ᠨᠡᠶᠢᠭᠡᠮ ᠤᠨ ᠳᠠᠭᠠᠳᠬᠠᠯ ᠲᠤᠰᠢᠶᠠᠭᠰᠠᠨ ᠰᠦᠢᠳᠬᠡᠯ ᠢᠶᠠᠷ ᠲᠣᠭᠲᠠᠭᠠᠵᠤ᠂ | ᠪᠣᠳᠠᠲᠠᠶ ᠪᠠᠷᠢᠮᠵᠢᠶ᠎ᠠ ᠶᠢ ᠨᠢ ᠠᠶᠢᠮᠠᠭ ᠬᠤᠲᠠ ᠶᠢᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 | ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ | ᠬᠠᠮᠵᠢᠯᠴᠠᠨ᠎ᠠ︶ ︵ᠳᠥᠷᠪᠡ︶ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠥᠪᠡᠷᠲᠡᠭᠡᠨ | ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ | ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢ ᠳᠠᠭᠠᠭᠠᠨ ᠠᠪᠤᠭᠰᠠᠨ ᠥᠪᠡᠷᠲᠡᠭᠡᠨ ᠵᠠᠰᠠᠬᠤ ᠣᠷᠣᠨ ᠤ | ᠬᠠᠷᠢᠶ᠎ᠠ ᠪᠦᠬᠦᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠠ ᠭᠠᠳᠠᠷ ᠣᠷᠣᠨ ᠤ ᠪᠠᠷᠢᠯᠭ᠎ᠠ ᠶᠢᠨ ᠦᠢᠯᠡᠰ ᠤᠨ | ᠠᠵᠤ ᠠᠬᠤᠶᠢᠯᠠᠯ ᠤᠳ ᠤᠨ ᠲᠤᠰ ᠠᠵᠤ ᠠᠬᠤᠶᠢᠯᠠᠯ ᠳᠤ ᠪᠠᠨ ᠪᠠᠶᠢᠭᠤᠯᠤᠭᠰᠠᠨ ᠴᠠᠯᠢᠩ ᠣᠷᠣᠯᠠᠨ ᠣᠯᠭᠤᠬᠤ | ᠲᠤᠰᠬᠠᠶ ᠳᠠᠩᠰᠠᠨ ᠡᠷᠦᠬᠡ ᠳᠤ ᠬᠠᠳᠠᠭᠠᠯᠠᠵᠤ ᠪᠠᠶᠢᠭ᠎ᠠ ᠴᠠᠯᠢᠩ ᠤᠨ ᠪᠠᠲᠤᠯᠠᠭ᠎ᠠ ᠶᠢᠨ ᠮᠥᠩᠭᠦ ᠶᠢ ᠲᠦᠷ | ᠬᠤᠶᠢᠰᠢᠯᠠᠭᠤᠯᠤᠨ ᠲᠤᠰᠢᠶᠠᠬᠤ ᠶᠢ ᠨᠢ ᠵᠥᠪᠰᠢᠶᠡᠷᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠮᠵᠢᠯᠴᠠᠨ᠎ᠠ︶ | ᠭᠤᠷᠪᠠ᠂ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ ︵ᠲᠠᠪᠤ︶ | ᠦᠢᠯᠡᠰ ᠴᠣᠭᠴᠠᠯᠠᠬᠤ ᠬᠦᠷᠢᠶᠡᠯᠡᠩ ᠪᠠ ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ ᠭᠠᠵᠠᠷ ᠤᠨ ᠠᠮᠵᠢᠯᠲᠠ | ᠪᠦᠲᠦᠮᠵᠢ ᠶᠢᠨ ᠦᠨᠡᠯᠡᠨ ᠵᠢᠱᠢᠬᠦ ᠳᠦᠷᠢᠮ ᠢ ᠬᠡᠷᠡᠭᠵᠢᠭᠦᠯᠦᠨ᠂ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ | ᠵᠣᠬᠢᠬᠤ ᠬᠡᠮᠵᠢᠶᠡᠨ ᠤ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠲᠥᠷᠥᠯ ᠵᠦᠢᠯ ᠤᠨ ᠪᠡᠯᠡ | ᠮᠦᠩᠬᠦᠨ ᠤ ᠱᠠᠩᠨᠠᠯ ᠨᠥᠬᠦᠪᠥᠷᠢ ᠣᠯᠭᠤᠵᠤ᠂ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ ᠪᠠ ᠬᠡᠷᠡᠭᠵᠢᠭᠦᠯᠬᠦ | ᠨᠠᠷᠢᠨ ᠳᠦᠷᠢᠮ ᠢ ᠠᠶᠢᠮᠠᠭ ᠬᠤᠲᠠ ᠥᠪᠡᠰᠦᠪᠡᠨ ᠲᠣᠭᠲᠠᠭᠠᠬᠤ ᠬᠡᠷᠡᠭᠲᠡᠢ᠃ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠬᠤᠭᠤᠴᠠᠭᠠᠨ ᠳᠤ ᠦᠢᠯᠡᠰ ᠴᠣᠭᠴᠠᠯᠠᠬᠤ ᠬᠦᠷᠢᠶᠡᠯᠡᠩ ᠪᠠ ᠦᠢᠯᠡᠰ ᠴᠣᠭᠴᠠᠯᠠᠵᠤ | ᠨᠡᠪᠴᠢᠭᠦᠯᠬᠦ ᠰᠠᠭᠤᠷᠢᠨ ᠭᠠᠵᠠᠷ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠳᠠᠭᠠᠭᠠᠴᠢᠯᠠᠬᠤ ᠲᠡᠳᠭᠦᠬᠦ | ᠴᠤᠭᠯᠠᠭᠤᠯᠬᠤ ᠶᠢᠨ ᠦᠢᠯᠡᠰ ᠴᠣᠭᠴᠠᠯᠠᠬᠤ ᠲᠤᠯᠭᠠᠭᠤᠷᠢᠯᠠᠬᠤ ᠲᠠᠪᠴᠠᠩ ᠨᠢ ᠦᠢᠯᠡᠰ ᠴᠣᠭᠴᠠᠯᠠᠭᠴᠢ ᠶᠢᠨ ᠲᠠᠯᠠᠪᠤᠷ | ᠭᠠᠵᠠᠷ ᠲᠦᠷᠢᠶᠡᠰᠦᠯᠡᠬᠦ ᠮᠥᠩᠭᠦᠨ ᠤ ᠰᠦᠢᠳᠬᠡᠯ ᠢ ᠪᠠᠭᠤᠷᠠᠭᠤᠯᠤᠭᠰᠠᠨ ᠪᠤᠶᠤ ᠬᠠᠰᠤᠵᠤ ᠬᠡᠯᠲᠦᠷᠢᠭᠦᠯᠦᠭᠰᠡᠨ ᠭᠡᠪᠡᠯ᠂ | ᠪᠣᠳᠠᠲᠠᠶ ᠶᠢ ᠦᠨᠳᠦᠰᠦᠯᠡᠨ 3 ᠰᠠᠷ᠎ᠠ ᠶᠢᠨ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠨᠥᠬᠦᠪᠥᠷᠢ ᠦᠭᠬᠦ ᠬᠡᠷᠡᠭᠲᠡᠢ | ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ ︵ᠵᠢᠷᠭᠤᠭ᠎ᠠ︶ ᠵᠢᠵᠢᠭ ᠪᠢᠴᠢᠯ ᠠᠵᠤ ᠠᠬᠤᠶᠢᠯᠠᠯ ᠤᠨ ᠦᠢᠯᠡᠰ | ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠢ ᠪᠠᠭᠤᠷᠠᠭᠤᠯᠵᠤ᠂ ᠵᠢᠵᠢᠭ ᠪᠢᠴᠢᠯ ᠠᠵᠤ | ᠠᠬᠤᠶᠢᠯᠠᠯ ᠤᠨ ᠲᠤᠰ ᠵᠢᠯ ᠤᠨ ᠰᠢᠨ᠎ᠡ ᠪᠠᠷ ᠡᠯᠰᠡᠨ ᠬᠡᠷᠡᠭᠯᠡᠭᠰᠡᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ | ᠭᠤᠶᠤᠴᠢᠯᠠᠬᠤ ᠨᠥᠬᠦᠴᠡᠯ ᠳᠤ ᠨᠡᠶᠢᠴᠡᠬᠦ ᠬᠥᠮᠦᠨ ᠤ ᠲᠤᠭ᠎ᠠ ᠨᠢ ᠣᠲᠣ ᠶᠢᠨ ᠠᠵᠢᠯ ᠳᠤ ᠪᠠᠶᠢᠭ᠎ᠠ ᠠᠵᠢᠯᠲᠠᠨ | ᠠᠵᠢᠯᠴᠢᠨ ᠤ ᠲᠤᠭᠠᠨ ᠤ 25% ᠶᠢ ᠡᠵᠡᠯᠡᠵᠦ ᠪᠠᠶᠢᠭᠰᠠᠨ ᠢ ᠨᠢ ᠪᠠᠭᠤᠷᠠᠭᠤᠯᠤᠭᠠᠳ 15% ᠪᠣᠯᠭᠠᠨ | ᠲᠣᠬᠢᠷᠠᠭᠤᠯᠬᠤ ᠬᠡᠷᠡᠭᠲᠡᠢ ︵100 ᠠᠵᠢᠯᠲᠠᠨ ᠠᠵᠢᠯᠴᠢᠨ ᠠᠴᠠ ᠬᠡᠲᠦᠷᠡᠭᠰᠡᠨ ᠠᠵᠤ ᠠᠬᠤᠶᠢᠯᠠᠯ ᠤᠨ ᠤᠤᠯ ᠤᠨ | 15% ᠪᠠᠶᠢᠭᠰᠠᠨ ᠢ ᠪᠠᠭᠤᠷᠠᠭᠤᠯᠤᠭᠠᠳ 8% ᠪᠣᠯᠭᠠᠨ ᠲᠣᠬᠢᠷᠠᠭᠤᠯᠬᠤ ᠬᠡᠷᠡᠭᠲᠡᠢ︶᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ | ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠎ᠠ︶ ︵ᠳᠣᠯᠤᠭ᠎ᠠ︶ | ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠰᠲᠠᠶ ᠳᠡᠭᠡᠭᠰᠢᠯᠡᠭᠦᠯᠵᠦ᠂ | ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠭᠤᠶᠤᠴᠢᠯᠠᠬᠤ ᠦᠢᠯᠡᠰ ᠴᠣᠭᠴᠠᠯᠠᠬᠤ ᠳᠠᠭᠠᠭᠠᠯᠲᠠ ᠲᠠᠢ | ᠵᠢᠭᠡᠯᠡᠯᠭᠡ ᠶᠢᠨ ᠬᠠᠮᠤᠭ ᠤᠨ ᠶᠡᠭᠡ ᠲᠤᠭ᠎ᠠ ᠬᠡᠮᠵᠢᠶ᠎ᠡ ᠶᠢ 15 ᠲᠦᠮᠡᠨ ᠲᠥᠭᠦᠷᠢᠭ ᠠᠴᠠ 20 ᠲᠦᠮᠡᠨ ᠲᠥᠭᠦᠷᠢᠭ | ᠪᠣᠯᠭᠠᠨ ᠳᠡᠭᠡᠭᠰᠢᠯᠡᠭᠦᠯᠬᠦ ᠬᠡᠷᠡᠭᠲᠡᠢ᠃ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ ᠦᠢᠯᠡᠰ ᠴᠣᠭᠴᠠᠯᠠᠬᠤ | ᠳᠠᠭᠠᠭᠠᠯᠲᠠ ᠲᠠᠢ ᠵᠢᠭᠡᠯᠡᠯᠭᠡ ᠶᠢᠨ ᠵᠢᠭᠡᠯᠡᠭᠴᠢ ᠨᠦᠭᠦᠳ ᠬᠤᠷᠰᠢᠵᠤ ᠦᠢᠯᠡᠰ ᠴᠣᠭᠴᠠᠯᠠᠭᠰᠠᠨ ᠪᠣᠯ᠂ ᠬᠤᠷᠰᠢᠵᠤ | ᠦᠢᠯᠡᠰ ᠴᠣᠭᠴᠠᠯᠠᠵᠤ ᠪᠠᠶᠢᠭ᠎ᠠ ᠬᠥᠮᠦᠨ ᠤ ᠲᠤᠭ᠎ᠠ ᠶᠢ ᠦᠨᠳᠦᠰᠦᠯᠡᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠢ | ᠵᠣᠬᠢᠰᠲᠠᠶ ᠳᠡᠭᠡᠭᠰᠢᠯᠡᠭᠦᠯᠵᠦ᠂ ᠬᠠᠮᠤᠭ ᠤᠨ ᠶᠡᠭᠡ ᠳᠤ ᠪᠠᠨ ᠨᠥᠬᠦᠴᠡᠯ ᠳᠤ ᠨᠡᠶᠢᠴᠡᠭᠰᠡᠨ ᠬᠤᠪᠢ ᠬᠥᠮᠦᠨ ᠤ | ᠵᠢᠭᠡᠯᠡᠯᠭᠡ ᠶᠢᠨ ᠪᠥᠬᠦ ᠲᠤᠭ᠎ᠠ ᠬᠡᠮᠵᠢᠶᠡᠨ ᠤ 10% ᠠᠴᠠ ᠳᠠᠪᠠᠭᠤᠯᠵᠤ ᠪᠣᠯᠬᠤ ᠦᠭᠡᠶ᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ᠨᠠᠢᠮᠠ︶ ᠲᠦᠯᠦᠭᠦᠯᠬᠦ ᠳᠠᠭᠠᠭᠠᠯᠲᠠ ᠬᠢᠬᠦ | ᠱᠠᠭᠠᠷᠳᠠᠯᠭ᠎ᠠ ᠶᠢ ᠬᠡᠯᠲᠦᠷᠢᠭᠦᠯᠦᠨ᠎ᠡ᠂ 2020 ᠣᠨ ᠤ 4 ᠳ᠋ᠤᠬᠡᠷ ᠰᠠᠷ᠎ᠠ ᠶᠢᠨ 15 ᠤ ᠡᠳᠦᠷ ᠠᠴᠠ ᠬᠤᠶᠢᠰᠢᠬᠢ | ᠬᠤᠪᠢ ᠬᠥᠮᠦᠨ ᠤ ᠦᠢᠯᠡᠰ ᠴᠣᠭᠴᠠᠯᠠᠬᠤ ᠳᠤ ᠰᠢᠨ᠎ᠡ ᠪᠠᠷ ᠲᠠᠯᠪᠢᠭᠰᠠᠨ 10 ᠲᠦᠮᠡᠨ ᠲᠥᠭᠦᠷᠢᠭ ᠬᠢᠭᠡᠳ | ᠡᠭᠦᠨ ᠠᠴᠠ ᠪᠠᠭ᠎ᠠ ᠳᠠᠭᠠᠭᠠᠯᠲᠠ ᠲᠠᠢ ᠵᠢᠭᠡᠯᠡᠯᠭᠡ᠂ ᠵᠢᠴᠢ ᠪᠦᠬᠦ ᠤᠯᠤᠰ ᠤᠨ ᠦᠢᠯᠡᠰ ᠴᠣᠭᠴᠠᠯᠠᠵᠤ ᠨᠡᠪᠴᠢᠭᠦᠯᠦᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠶᠤ ᠢᠲᠡᠭᠡᠮᠵᠢ ᠶᠢᠨ ᠬᠤᠷᠰᠢᠶ᠎ᠠ ︵ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ︶ ᠶᠢᠨ ᠲᠠᠨᠢᠯᠴᠠᠭᠤᠯᠤᠭᠰᠠᠨ ᠦᠢᠯᠡᠰ ᠴᠣᠭᠴᠠᠯᠠᠬᠤ ᠲᠥᠷᠥᠯ ᠵᠦᠢᠯ᠂ ᠠᠶᠢᠮᠠᠭ ᠬᠤᠲᠠ ᠶᠢᠨ ᠳᠡᠰ ᠠᠴᠠ | ᠳᠡᠭᠡᠭᠰᠢᠬᠢ ︵ᠠᠶᠢᠮᠠᠭ ᠬᠤᠲᠠ ᠶᠢᠨ ᠳᠡᠰ ᠪᠠᠭᠲᠠᠨ᠎ᠠ︶ ᠢᠷᠠᠭᠤ ᠠᠯᠳᠠᠷ ᠤᠨ ᠴᠣᠯᠠ ᠬᠦᠷᠲᠡᠭᠰᠡᠨ ᠦᠢᠯᠡᠰ | ᠴᠣᠭᠴᠠᠯᠠᠭᠴᠢ ᠦᠢᠯᠡᠰ ᠴᠣᠭᠴᠠᠯᠠᠬᠤ ᠲᠥᠷᠥᠯ ᠵᠦᠢᠯ᠂ ᠦᠢᠯᠡᠰ ᠴᠣᠭᠴᠠᠯᠠᠬᠤ ᠠᠵᠤ ᠠᠬᠤᠶᠢᠯᠠᠯ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠪᠠᠷ ᠦᠨᠡᠯᠡᠨ ᠵᠢᠱᠢᠭᠦᠯᠵᠦ ᠮᠠᠭᠠᠳᠯᠠᠨ ᠲᠣᠭᠲᠠᠭᠠᠯᠭᠠᠭᠰᠠᠨ ᠢᠲᠡᠭᠡᠮᠵᠢ ᠶᠢᠨ ᠵᠢᠵᠢᠭ | ᠪᠢᠴᠢᠯ ᠠᠵᠤ ᠠᠬᠤᠶᠢᠯᠠᠯ᠂ ᠬᠤᠳᠠᠯᠳᠤᠭᠠᠴᠢᠨ ᠡᠷᠦᠬᠡ᠂ ᠮᠠᠯᠴᠢᠨ ᠲᠠᠷᠢᠶᠠᠴᠢᠨ ᠡᠷᠦᠬᠡ᠂ ᠡᠵᠡᠩᠨᠡᠯᠲᠡ ᠶᠢᠨ | ᠢᠲᠡᠬᠡᠮᠵᠢ ᠰᠠᠶᠢᠲᠠᠢ ᠳᠠᠬᠢᠨᠲᠠ ᠦᠢᠯᠡᠰ ᠴᠣᠭᠴᠠᠯᠠᠭᠴᠢ ᠵᠡᠷᠭᠡ ᠣᠨᠴᠠᠭᠠᠶᠢᠯᠠᠨ ᠲᠣᠭᠲᠠᠭᠠᠭᠰᠠᠨ ᠬᠥᠮᠥᠰ ᠲᠤ | ᠲᠥᠯᠥᠭᠦᠯᠬᠦ ᠳᠠᠭᠠᠭᠠᠯᠲᠠ ᠬᠢᠬᠦ ᠶᠢ ᠨᠢ ᠵᠠᠷᠴᠢᠮ ᠳᠡᠭᠡᠷ᠎ᠡ ᠪᠠᠨ ᠬᠦᠴᠦᠨ ᠥᠬᠡᠶ ᠪᠣᠯᠭᠠᠬᠤ ᠬᠡᠷᠡᠭᠲᠡᠢ᠃ | ᠨᠥᠬᠦᠴᠡᠯ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠦᠢᠯᠡᠰ ᠴᠣᠭᠴᠠᠯᠠᠬᠤ ᠪᠤᠰᠤᠳ ᠳᠠᠭᠠᠭᠠᠯᠲᠠ ᠲᠠᠢ | ᠵᠢᠭᠡᠯᠡᠯᠭᠡ ᠶᠢᠨ ᠲᠥᠯᠥᠭᠦᠯᠬᠦ ᠳᠠᠭᠠᠭᠠᠯᠲᠠ ᠬᠢᠬᠦ ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠪᠠᠭᠤᠷᠠᠭᠤᠯᠬᠤ ᠪᠤᠶᠤ | ᠬᠡᠯᠲᠦᠷᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ | ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ᠶᠢᠰᠦ︶ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠭᠠᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠯᠲᠡ᠂ | ᠬᠠᠤᠯᠢᠵᠢᠯᠲᠠ ᠶᠢᠨ ᠵᠠᠷᠴᠢᠮ ᠶᠣᠰᠣᠭᠠᠷ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ | ᠨᠥᠯᠥᠭᠡᠯᠡᠭᠳᠡᠭᠰᠡᠨ᠂ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ 2020 ᠣᠨ ᠤ 1 ᠳ᠋ᠤᠬᠡᠷ ᠰᠠᠷ᠎ᠠ ᠶᠢᠨ 25 ᠤ ᠡᠳᠦᠷ ᠠᠴᠠ ᠬᠤᠶᠢᠰᠢᠬᠢ ᠬᠤᠭᠤᠴᠠᠭ᠎ᠠ ᠨᠢ | ᠲᠤᠯᠤᠭᠰᠠᠨ ᠵᠢᠭᠡᠯᠡᠯᠭᠡ ᠳᠤ᠂ ᠡᠬᠡ ᠮᠥᠩᠭᠦ ᠶᠢ ᠪᠤᠴᠠᠭᠠᠨ ᠬᠦᠤ ᠮᠥᠩᠭᠦ ᠲᠥᠯᠥᠬᠦ ᠶᠢ ᠨᠢ ᠲᠦᠷ ᠴᠠᠭ ᠤᠨ | ᠴᠢᠨᠠᠷᠲᠠᠶ ᠪᠠᠷ ᠬᠤᠶᠢᠰᠢᠯᠠᠭᠤᠯᠬᠤ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠬᠦ ᠬᠡᠷᠡᠭᠲᠡᠢ᠃ ᠡᠬᠡ ᠮᠥᠩᠭᠦ ᠶᠢ | ᠪᠤᠴᠠᠭᠠᠬᠤ ᠬᠤᠭᠤᠴᠠᠭ᠎ᠠ ᠶᠢ ᠨᠢ ᠬᠠᠮᠤᠭ ᠤᠨ ᠤᠷᠲᠤ ᠳᠤ ᠪᠠᠨ 2020 ᠣᠨ ᠤ 6 ᠳ᠋ᠤᠭᠠᠷ ᠰᠠᠷ᠎ᠠ ᠶᠢᠨ 30 ᠤ | ᠡᠳᠦᠷ ᠪᠣᠯᠲᠠᠯ᠎ᠠ ᠤᠷᠲᠤᠳᠬᠠᠵᠤ ᠪᠣᠯᠤᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠤ ᠬᠦᠨᠳᠦ | ᠨᠣᠴᠢᠲᠠᠶ ᠨᠥᠯᠥᠭᠡᠯᠡᠭᠳᠡᠭᠰᠡᠨ᠂ ᠰᠡᠷᠭᠦᠭᠡᠯᠲᠡ ᠶᠢᠨ ᠦᠶᠡᠯᠡᠯ ᠢᠶᠠᠷ ᠨᠡᠯᠢᠶᠡᠳ ᠤᠷᠲᠤ ᠪᠥᠭᠡᠳ ᠬᠥᠭᠵᠢᠯᠲᠡ ᠶᠢᠨ | ᠢᠷᠡᠭᠡᠳᠦᠶ ᠪᠠᠷ ᠰᠠᠶᠢᠨ ᠪᠠᠶᠢᠭ᠎ᠠ ᠴᠥᠭᠡᠨ ᠲᠣᠭᠠᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ᠂ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠠᠵᠤ | ᠠᠬᠤᠶᠢᠯᠠᠯ ᠲᠠᠢ ᠵᠥᠪᠳᠡᠯᠴᠡᠵᠦ ᠪᠠᠶᠢᠭᠠᠳ ᠤᠷᠳᠤᠳᠬᠠᠬᠤ ᠲᠠᠯ᠎ᠠ ᠪᠠᠷ ᠪᠤᠰᠤᠳ ᠲᠤᠬᠢᠷᠠᠭᠤᠯᠭ᠎ᠠ ᠬᠢᠵᠦ ᠪᠣᠯᠤᠨ᠎ᠠ᠃ | ︵ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠮᠵᠢᠯᠴᠠᠨ᠎ᠠ︶ ᠳᠥᠷᠪᠡ᠂ | ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠬᠦ ᠬᠡᠷᠡᠭᠲᠡᠢ ︵ᠠᠷᠪᠠ︶ ᠳᠡᠯᠭᠡᠭᠦᠷᠴᠢᠨ ᠤ | ᠠᠵᠤ ᠠᠬᠤᠢ ᠶᠢᠨ ᠲᠠᠯ᠎ᠠ ᠪᠠᠷ ᠬᠢ ᠬᠢᠵᠠᠭᠠᠷᠯᠠᠬᠤ ᠴᠢᠨᠠᠷᠲᠠᠶ ᠲᠥᠷᠥ ᠶᠢᠨ ᠪᠣᠳᠣᠯᠭ᠎ᠠ ᠶᠢ ᠴᠢᠯᠥᠭᠡᠲᠡᠶ ᠪᠣᠯᠭᠠᠨ᠂ | ᠲᠣᠭᠲᠠᠮᠠᠯ ᠡᠵᠡᠩᠨᠡᠯᠲᠡ ᠶᠢᠨ ᠲᠠᠯᠠᠪᠤᠷ ᠭᠠᠵᠠᠷ ᠦᠭᠡᠢ ᠳᠡᠯᠭᠡᠭᠦᠷᠴᠢᠳ ᠢ ᠬᠠᠮᠢᠶᠠᠷᠬᠤ ᠵᠠᠭᠪᠤᠷ ᠢ ᠵᠣᠬᠢᠰᠲᠠᠢ | ᠲᠣᠭᠲᠠᠭᠠᠵᠤ᠂ ᠬᠤᠰᠢᠭᠤ ᠰᠢᠶᠠᠨ ᠤ ᠱᠠᠲᠤᠨ ᠠᠴᠠ ᠳᠣᠷᠣᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠨᠢ ᠲᠠᠯᠠᠪᠤᠷ ᠭᠠᠵᠠᠷ᠂ ᠴᠠᠭ ᠬᠤᠭᠤᠴᠠᠭ᠎ᠠ ᠶᠢ ᠨᠢ ᠵᠢᠭᠠᠵᠤ ᠲᠣᠭᠲᠠᠭᠠᠨ᠂ ᠠᠵᠢᠯ ᠣᠯᠬᠤ ᠳᠤ ᠬᠦᠴᠢᠷᠲᠡᠶ | ᠬᠥᠮᠦᠰ᠂ ᠲᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ | ᠭᠤᠣᠯᠳᠠᠯᠭ᠎ᠠ ᠲᠠᠢ ᠬᠥᠮᠦᠰ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ᠂ ᠡᠳᠦᠷ ᠲᠤᠲᠤᠮ ᠤᠨ | ᠠᠮᠢᠳᠤᠷᠠᠯ ᠤᠨ ᠬᠡᠷᠡᠭᠰᠡᠯ ᠪᠣᠷᠣᠯᠠᠭᠤᠯᠬᠤ᠂ ᠡᠰᠡᠬᠦᠯ᠎ᠡ ᠬᠤᠪᠢ ᠬᠥᠮᠦᠨ ᠥᠪᠡᠷ ᠤᠨ ᠤᠷ᠎ᠠ ᠴᠢᠳᠠᠪᠤᠷᠢ ᠳᠤ ᠪᠠᠨ | ᠲᠦᠰᠢᠭᠯᠡᠨ ᠬᠠᠤᠯᠢ ᠶᠣᠰᠣᠭᠠᠷ ᠵᠥᠪᠰᠢᠶᠡᠷᠡᠭᠦᠯᠬᠦ ᠴᠢᠬᠤᠯᠠ ᠦᠭᠡᠢ ᠠᠷᠠᠳ ᠲᠤ ᠲᠦᠬᠦᠮ ᠦᠵᠡᠭᠦᠯᠬᠦ ᠬᠥᠳᠡᠯᠮᠦᠷᠢ | ᠦᠢᠯᠡᠴᠢᠯᠡᠭᠡᠨ ᠤ ᠠᠵᠢᠯᠯᠠᠭ᠎ᠠ ᠬᠢᠬᠦ ᠶᠢ ᠵᠣᠷᠢᠭᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠬᠠᠮᠵᠢᠯᠴᠠᠨ᠎ᠠ︶ ︵ᠠᠷᠪᠠᠨ ᠨᠢᠭᠡ︶ ᠠᠮᠢᠳᠤᠯᠢᠭ ᠢᠶᠠᠷ ᠠᠵᠢᠯ ᠤᠯᠬᠤ ᠬᠦᠮᠦᠰ ᠤᠨ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠤᠯᠴᠠᠬᠤ ᠳᠤ ᠥᠪᠡᠷᠲᠡᠭᠡᠨ ᠵᠠᠰᠠᠬᠤ | ᠣᠷᠣᠨ ᠳᠠᠬᠢ ᠬᠤᠲᠠ ᠬᠥᠳᠡᠭᠡ ᠶᠢᠨ ᠡᠷᠦᠬᠡ ᠠᠮᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠵᠤ᠂ ᠠᠵᠢᠯ | ᠣᠯᠬᠤ ᠳᠤ ᠬᠦᠴᠢᠷᠲᠡᠶ ᠬᠥᠮᠦᠰ᠂ ᠰᠤᠷᠭᠠᠭᠤᠯᠢ ᠠᠴᠠ ᠪᠠᠨ ᠰᠠᠯᠵᠤ ᠭᠠᠷᠤᠭᠠᠳ 2 ᠵᠢᠯ ᠳᠤ ᠠᠵᠢᠯ ᠣᠯᠤᠭᠠᠳᠤᠶ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ ᠣᠯᠣᠭᠠᠳ 1 ᠵᠢᠯ ᠠᠴᠠ ᠳᠡᠭᠡᠭᠰᠢ | ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠲᠣᠭᠲᠠᠭᠠᠯ ᠶᠣᠰᠣᠭᠠᠷ ᠨᠡᠶᠢᠭᠡᠮ ᠤᠨ | ᠳᠠᠭᠠᠳᠬᠠᠯ ᠤᠨ ᠰᠦᠢᠳᠬᠡᠯ ᠤᠨ ᠨᠡᠮᠡᠭᠦᠷᠢ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ | ᠬᠠᠮᠵᠢᠯᠴᠠᠨ᠎ᠠ︶ ᠲᠠᠪᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠠᠵᠢᠯ ᠣᠯᠵᠤ ᠦᠢᠯᠡᠰ | ᠴᠣᠭᠴᠠᠯᠠᠬᠤ ᠶᠢ ᠠᠬᠢᠭᠤᠯᠬᠤ ᠬᠡᠷᠡᠭᠲᠡᠢ ︵ᠠᠷᠪᠠᠨ ᠬᠤᠶᠠᠷ︶ ᠠᠵᠤ ᠠᠬᠤᠶᠢᠯᠠᠯ ᠪᠠ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠵᠡᠷᠭᠡ ᠠᠵᠢᠯ | ᠣᠯᠭᠤᠬᠤ ᠠᠴᠢᠶᠠᠯᠠᠪᠤᠷᠢ ᠪᠠᠷ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠳᠤ ᠠᠵᠢᠯ ᠣᠯᠭᠤᠭᠰᠠᠨ ᠤ | ᠬᠠᠮᠲᠤ 1 ᠵᠢᠯ ᠠᠴᠠ ᠳᠡᠭᠡᠭᠰᠢᠬᠢ ᠬᠦᠳᠡᠯᠮᠦᠷᠢ ᠶᠢᠨ ᠭᠡᠷ᠎ᠡ ᠲᠣᠭᠲᠠᠭᠰᠠᠨ ᠮᠥᠷᠲᠡᠭᠡᠨ ᠲᠣᠭᠲᠠᠭᠠᠯ ᠶᠣᠰᠣᠭᠠᠷ | ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠬᠥᠮᠦᠨ ᠪᠦᠷᠢ ᠳᠤ 1000 ᠲᠥᠭᠦᠷᠢᠭ ᠠᠴᠠ | ᠳᠣᠤᠷ᠎ᠠ ᠪᠠᠶᠢᠯᠭᠠᠬᠤ ᠥᠬᠡᠶ ᠶᠣᠰᠣᠭᠠᠷ ᠠᠵᠢᠯ ᠣᠯᠭᠤᠯᠲᠠ ᠶᠢᠨ ᠨᠡᠮᠡᠭᠦᠷᠢ ᠶᠢ ᠨᠢᠭᠡ ᠯᠡ ᠤᠳᠠᠭ᠎ᠠ ᠳᠤ ᠣᠯᠭᠤᠬᠤ | ᠬᠡᠷᠡᠭᠲᠡᠢ᠂ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 ᠣᠨ ᠤ 12 | ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ | ᠬᠥᠳᠡᠯᠮᠦᠷᠢ ᠬᠦᠴᠦᠨ ᠳᠤ ᠠᠵᠢᠯ ᠣᠯᠭᠤᠭᠰᠠᠨ ᠪᠥᠭᠡᠳ ᠠᠵᠢᠯᠯᠠᠬᠤ ᠪᠠᠷ ᠪᠣᠯᠪᠠᠰᠤᠷᠠᠭᠤᠯᠬᠤ ᠶᠢ ᠣᠷᠣᠯᠠᠭᠤᠯᠤᠭᠰᠠᠨ | ᠪᠠᠶᠢᠪᠠᠯ᠂ ᠠᠵᠢᠯ ᠤᠯᠭᠤᠨᠨᠰᠠᠨ ᠬᠥᠮᠦᠨ ᠤ ᠲᠤᠭ᠎ᠠ ᠶᠢ ᠦᠨᠳᠦᠰᠦᠯᠡᠨ᠂ ᠬᠠᠮᠤᠭ ᠤᠨ ᠶᠡᠭᠡ ᠳᠤ ᠪᠠᠨ 6 ᠰᠠᠷ᠎ᠠ ᠶᠢᠨ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ | ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ ︵ᠠᠷᠪᠠᠨ ᠭᠤᠷᠪᠠ︶ ︽ | ᠴᠡᠭ ᠠᠴᠠ ᠴᠡᠭ ᠲᠤ ᠬᠠᠨᠳᠤᠭᠤᠯᠤᠭᠰᠠᠨ︾ ᠦᠢᠯᠡᠴᠢᠯᠡᠭᠡ ᠥᠷᠨᠢᠭᠦᠯᠦᠨ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠡᠮᠬᠢ ᠵᠢᠷᠤᠮ ᠲᠠᠢ ᠪᠠᠷ ᠠᠵᠢᠯ ᠤᠨ ᠪᠠᠶᠢᠷᠢᠨ ᠳᠤ ᠪᠠᠨ ᠪᠤᠴᠠᠵᠦ ᠠᠵᠢᠯᠯᠠᠬᠤ ᠶᠢ ᠬᠥᠲᠥᠯᠥᠨ | ᠵᠢᠯᠣᠭᠤᠳᠴᠤ᠂ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠳᠤ ᠦᠢᠯᠡᠴᠢᠯᠡᠬᠦ ᠪᠠᠶᠢᠭᠤᠯᠤᠮᠵᠢ᠂ | ᠬᠥᠮᠦᠨ ᠤ ᠬᠦᠴᠦᠨ ᠤ ᠡᠬᠢ ᠪᠠᠶᠠᠯᠢᠭ ᠤᠨ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠪᠠᠶᠢᠭᠤᠯᠤᠮᠵᠢ᠂ ᠠᠵᠢᠯ | ᠲᠥᠷᠥᠯ ᠤᠨ ᠨᠡᠶᠢᠭᠡᠮᠯᠢᠭ ᠵᠢᠴᠢ ᠬᠥᠳᠡᠯᠮᠦᠷᠢ ᠦᠢᠯᠡᠴᠢᠯᠡᠭᠡᠨ ᠤ ᠡᠷᠬᠢᠯᠡᠨ ᠵᠠᠭᠤᠴᠢᠯᠠᠭᠴᠢᠳ ᠲᠤ ᠣᠷᠣᠨ ᠪᠦᠰᠡ | ᠠᠯᠤᠰᠯᠠᠨ ᠬᠥᠳᠡᠯᠮᠦᠷᠢ ᠦᠢᠯᠡᠴᠢᠯᠡᠭᠡ ᠪᠠᠨ ᠭᠠᠳᠠᠭᠰᠢ ᠭᠠᠷᠭᠠᠬᠤ ᠶᠢ ᠥᠷᠨᠢᠭᠦᠯᠵᠦ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠠᠵᠢᠯᠯᠠᠭᠤᠯᠬᠤ ᠶᠢᠨ ᠬᠠᠮᠲᠤ᠂ 1 ᠵᠢᠯ ᠠᠴᠠ | ᠳᠡᠭᠡᠭᠰᠢᠬᠢ ᠬᠥᠳᠡᠯᠮᠦᠷᠢ ᠶᠢᠨ ᠭᠡᠷ᠎ᠡ ᠶᠢ ᠬᠠᠪᠰᠤᠷᠤᠨ ᠲᠣᠭᠲᠠᠭᠠᠭᠰᠠᠨ ᠪᠠᠶᠢᠪᠠᠯ᠂ ᠲᠣᠭᠲᠠᠭᠠᠯ ᠶᠣᠰᠣᠭᠠᠷ ᠬᠥᠮᠦᠨ | ᠪᠦᠷᠢ ᠳᠤ 100 ᠲᠥᠭᠦᠷᠢᠭ ᠤᠨ ᠠᠵᠢᠯ ᠣᠯᠭᠤᠵᠤ ᠦᠢᠯᠡᠰ ᠴᠣᠭᠴᠠᠯᠠᠭᠰᠠᠨ ᠦᠢᠯᠡᠴᠢᠯᠡᠭᠡᠨ ᠤ ᠨᠡᠮᠡᠭᠦᠷᠢ | ᠣᠯᠭᠤᠬᠤ ᠬᠡᠷᠡᠭᠲᠡᠢ᠃ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠵᠣᠬᠢᠶᠠᠨ | ᠪᠠᠶᠢᠭᠤᠯᠤᠯᠲᠠ ᠲᠠᠢ ᠪᠠᠷ ᠭᠠᠳᠠᠭᠰᠢ ᠭᠠᠷᠭᠠᠭᠰᠠᠨ ᠪᠠᠶᠢᠪᠠᠯ᠂ ᠠᠵᠢᠯ ᠣᠯᠭᠤᠵᠤ ᠦᠢᠯᠡᠰ ᠴᠣᠭᠴᠠᠯᠠᠬᠤ | ᠨᠥᠬᠦᠪᠥᠷᠢ ᠪᠠᠷ ᠳᠠᠮᠵᠢᠭᠤᠯᠤᠨ ᠲᠡᠳᠡᠨ ᠤ ᠦᠨᠳᠦᠰᠦᠨ ᠦᠢᠯᠡᠴᠢᠯᠡᠭᠡᠨ ᠤ ᠦᠷ᠎ᠡ ᠪᠦᠲᠦᠭᠡᠯ ᠢ ᠬᠤᠳᠠᠯᠳᠤᠨ ᠠᠪᠴᠤ | ᠪᠣᠯᠤᠨ᠎ᠠ᠂ ᠪᠣᠳᠠᠲᠠᠶ ᠬᠡᠷᠡᠭᠵᠢᠭᠦᠯᠬᠦ ᠠᠷᠭ᠎ᠠ ᠶᠢ ᠡᠯ᠎ᠡ ᠠᠶᠢᠮᠠᠭ ᠬᠤᠲᠠ ᠲᠣᠭᠲᠠᠭᠠᠨ᠎ᠠ᠃ ᠳᠡᠭᠡᠷ᠎ᠡ ᠳᠤᠷᠠᠳᠤᠭᠰᠠᠨ | ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 ᠣᠨ ᠤ 12 ᠳ᠋ᠤᠭᠠᠷ | ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠶᠠᠳᠠᠭᠤ ᠶᠢ ᠲᠡᠳᠬᠦᠬᠦ ᠠᠯᠪᠠᠨ ᠭᠡᠷ᠂ ᠠᠷᠠᠳ ᠤᠨ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠬᠠᠮᠵᠢᠯᠴᠠᠨ᠎ᠠ︶ ︵ᠠᠷᠪᠠᠨ ᠳᠥᠷᠪᠡ︶ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠨᠤᠲᠤᠭ ᠲᠤ ᠪᠠᠨ ᠪᠤᠴᠠᠵᠤ ᠦᠢᠯᠡᠰ ᠴᠣᠭᠴᠠᠯᠠᠬᠤ ᠶᠢ ᠨᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ | ᠂ ᠮᠠᠯᠴᠢᠨ ᠲᠠᠷᠢᠶᠠᠴᠢᠨ ᠤ ᠨᠤᠲᠤᠭ ᠲᠤ ᠪᠠᠨ ᠪᠤᠴᠠᠵᠤ ᠦᠢᠯᠡᠰ ᠴᠣᠭᠴᠠᠯᠠᠬᠤ ᠳᠤ ᠬᠡᠷᠡᠭᠯᠡᠬᠦ ᠭᠠᠵᠠᠷ ᠤᠨ | ᠭᠦᠢᠴᠡᠳᠬᠡᠯ ᠲᠤᠭ᠎ᠠ ᠶᠢ ᠤᠷᠢᠳ ᠢᠶᠠᠷ ᠪᠠᠲᠤᠯᠠᠨ᠂ ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ | ᠶᠠᠪᠤᠭᠰᠠᠳ ᠨᠢ ᠵᠠᠰᠠᠭ ᠤᠨ ᠣᠷᠳᠣᠨ ᠠᠴᠠ ᠭᠤᠤᠯᠯᠠᠭᠤᠯᠤᠨ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠨ | ᠬᠥᠭᠵᠢᠭᠦᠯᠬᠦ ᠬᠦᠷᠢᠶᠡᠯᠡᠩ ᠲᠣᠭᠤᠷᠢᠭ ᠲᠠᠬᠢ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠲᠠᠰᠤᠭ ᠲᠤ | ᠦᠢᠯᠡᠰ ᠴᠤᠭᠴᠠᠯᠪᠠᠯ᠂ 3 ᠵᠢᠯ ᠤᠨ ᠳᠣᠲᠣᠷ᠎ᠠ ᠲᠦᠷᠢᠶᠡᠰᠦᠨ ᠮᠥᠩᠭᠦ᠂ ᠠᠳᠠᠯ ᠠᠬᠤᠢ ᠶᠢᠨ ᠬᠠᠮᠢᠶᠠᠷᠤᠯᠲᠠ ᠶᠢᠨ | ᠰᠦᠢᠳᠬᠡᠯ᠂ ᠠᠷᠢᠭᠤᠨ ᠴᠡᠪᠡᠷ ᠤᠨ ᠰᠦᠢᠳᠬᠡᠯ᠂ ᠤᠰᠤ ᠴᠠᠬᠢᠯᠭᠠᠨ ᠳᠤᠯᠠᠭᠠᠯᠠᠭ᠎ᠠ ᠵᠡᠷᠭᠡ ᠰᠦᠢᠳᠬᠡᠯ ᠢ | ᠬᠡᠯᠲᠦᠷᠢᠭᠦᠯᠬᠦ ᠬᠡᠷᠡᠭᠲᠡᠢ᠃ ᠲᠦᠷᠢᠶᠡᠰᠦᠯᠡᠬᠦ ᠵᠡᠷᠭᠡ ᠡᠷᠭᠢᠯᠳᠦᠭᠦᠯᠬᠦ ᠬᠡᠯᠪᠡᠷᠢ ᠪᠠᠷ ᠬᠠᠮᠲᠤ ᠶᠢᠨ ᠭᠠᠵᠠᠷ ᠰᠢᠷᠣᠶ ᠶᠢᠨ | ᠡᠵᠡᠩᠨᠡᠯᠲᠡ ᠶᠢᠨ ᠡᠷᠬᠡ ᠶᠢ ᠣᠯᠵᠤ ᠲᠠᠷᠢᠵᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠰᠢᠨᠵᠢ ᠴᠢᠨᠠᠷ ᠪᠠ ᠬᠡᠷᠡᠭᠴᠡᠭᠡ ᠶᠢ ᠬᠤᠪᠢᠷᠠᠭᠤᠯᠤᠭᠰᠠᠨ ᠦᠭᠡᠢ ᠪᠠᠶᠢᠪᠠᠯ᠂ ᠲᠠᠷᠢᠶᠠᠯᠠᠩ ᠳᠤ | ᠬᠡᠷᠡᠭᠯᠡᠬᠦ ᠭᠠᠵᠠᠷ ᠰᠢᠷᠣᠶ ᠶᠢᠨ ᠲᠥᠷᠥ ᠶᠢᠨ ᠪᠣᠳᠣᠯᠭ᠎ᠠ ᠶᠣᠰᠣᠭᠠᠷ ᠬᠠᠮᠢᠶ᠎ᠠ ᠪᠦᠬᠦᠢ ᠰᠦᠢᠳᠬᠡᠯ ᠢ ᠨᠢ ᠬᠡᠯᠲᠦᠷᠢᠭᠦᠯᠬᠦ | ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠦᠷᠦᠭᠦᠯᠡᠵᠦ᠂ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠵᠢᠯᠴᠠᠨ᠎ᠠ︶ ︵ | ᠠᠷᠪᠠᠨ ᠲᠠᠪᠤ︶ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠠᠵᠢᠯ ᠣᠯᠭᠤᠬᠤ ᠶᠢ ᠤᠷᠢᠳ ᠢᠶᠠᠷ ᠳᠠᠮᠵᠢᠵᠤ᠂ | ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ | ᠪᠥᠬᠦ ᠲᠠᠯ᠎ᠠ ᠪᠠᠷ ᠨᠠᠷᠢᠨ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠂ | ᠲᠥᠷᠥ ᠶᠢᠨ ᠪᠣᠳᠣᠯᠭ᠎ᠠ ᠬᠦᠷᠲᠡᠬᠦ ᠨᠥᠬᠦᠴᠡᠯ ᠳᠤ ᠨᠡᠶᠢᠴᠡᠭᠰᠡᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ | ᠬᠥᠳᠡᠯᠮᠦᠷᠢ ᠬᠦᠴᠦᠨ ᠪᠦᠬᠦᠨ ᠢ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ | ᠲᠡᠳᠬᠦᠬᠦ ᠬᠡᠪᠴᠢᠶᠡᠨ ᠳᠤ ᠣᠷᠣᠭᠤᠯᠬᠤ ᠬᠡᠷᠡᠭᠲᠡᠢ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ | ᠦᠢᠯᠡᠳᠪᠦᠷᠢᠯᠡᠯ ᠢᠶᠠᠨ ᠰᠡᠷᠭᠦᠭᠡᠬᠦ᠂ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠬᠦ᠂ ᠪᠠᠷᠠᠭᠠᠨ ᠤ | ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠳᠤ ᠶᠠᠳᠠᠭᠤ ᠬᠦᠴᠢᠷᠳᠡᠯᠲᠡᠶ ᠬᠦᠳᠡᠯᠮᠦᠷᠢ ᠬᠦᠴᠦᠨ ᠢ ᠡᠩ | ᠲᠡᠷᠢᠭᠦᠨ ᠳᠤ ᠵᠣᠬᠢᠶᠠᠨ ᠪᠠᠶᠢᠭᠤᠯᠤᠨ ᠬᠡᠷᠡᠭᠯᠡᠵᠦ᠂ ᠠᠵᠤ ᠠᠬᠤᠶᠢᠯᠠᠯ ᠳᠤ ᠶᠠᠳᠠᠭᠤ ᠬᠦᠴᠢᠷᠳᠡᠯ ᠲᠠᠢ ᠬᠥᠳᠡᠯᠮᠦᠷᠢ | ᠬᠦᠴᠦᠨ ᠢ ᠨᠡᠩ ᠶᠡᠭᠡ ᠪᠠᠷ ᠡᠯᠰᠡᠨ ᠬᠡᠷᠡᠭᠯᠡᠬᠦ ᠶᠢ ᠵᠣᠷᠢᠭᠵᠢᠭᠤᠯᠬᠤ ᠬᠡᠷᠡᠭᠲᠡᠢ᠃ ᠶᠠᠳᠠᠭᠤ ᠶᠢ ᠲᠡᠳᠬᠦᠬᠦ ᠬᠦᠲᠦᠴᠢ | ᠠᠵᠤ ᠠᠬᠤᠶᠢᠯᠠᠯ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠳ ᠤᠨ ᠠᠵᠢᠯ ᠢᠶᠠᠨ ᠲᠦᠷᠭᠡᠬᠡᠨ | ᠰᠡᠷᠭᠦᠭᠡᠬᠦ ᠶᠢ ᠳᠡᠮᠵᠢᠬᠦ ᠬᠡᠷᠡᠭᠲᠡᠶ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠶᠢ ᠵᠢᠷᠤᠮᠵᠢᠭᠤᠯᠵᠤ᠂ ︽ | ᠨᠤᠲᠤᠭ ᠠᠴᠠ ᠪᠠᠨ ᠰᠠᠯᠬᠤ ᠶᠢᠨ ᠠᠷᠭ᠎ᠠ ᠦᠭᠡᠢ᠂ ᠲᠡᠳᠭᠦᠮᠡᠷ ᠠᠵᠢᠯ ᠦᠭᠡᠢ᠂ ᠶᠠᠳᠠᠭᠤ ᠠᠴᠠ ᠠᠩᠭᠢᠵᠢᠷᠠᠬᠤ | ᠬᠦᠴᠦᠨ ᠦᠭᠡᠢ︾ ᠮᠥᠷᠲᠡᠭᠡᠨ ᠠᠵᠢᠯ ᠤᠨ ᠪᠠᠶᠢᠷᠢ ᠶᠢᠨ ᠠᠵᠢᠯ ᠢ ᠬᠢᠬᠦ ᠴᠢᠳᠠᠪᠤᠷᠢ ᠲᠠᠢ ᠳᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠢ ᠬᠥᠳᠡᠯᠮᠦᠷᠢ ᠬᠦᠴᠦᠨ ᠢ ᠤᠷᠢᠳ ᠢᠶᠠᠷ ᠲᠥᠪᠬᠢᠨᠡᠭᠦᠯᠬᠦ ᠬᠡᠷᠡᠭᠲᠡᠢ᠃ ᠶᠠᠳᠠᠭᠤ ᠬᠦᠴᠢᠷᠳᠡᠯᠲᠡᠶ | ᠬᠥᠳᠡᠯᠮᠦᠷᠢ ᠬᠦᠴᠦᠨ ᠳᠤ ᠠᠵᠢᠯ ᠣᠯᠭᠤᠬᠤ ᠬᠡᠪᠴᠢᠶ᠎ᠡ ᠨᠢ ᠶᠡᠭᠡ ᠪᠠᠶᠢᠪᠠᠯ᠂ ᠡᠯ᠎ᠡ ᠭᠠᠵᠠᠷ ᠣᠷᠣᠨ ᠨᠢ ᠡᠳ᠋ ᠤᠨ | ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠨ ᠭᠦᠬᠢᠭᠦᠯᠵᠦ | ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ᠂ | ᠲᠠᠷᠢᠶᠠᠯᠠᠩ ᠮᠠᠯ ᠠᠵᠤ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ ᠵᠢᠷᠭᠤᠭ᠎ᠠ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠭᠡᠬᠦ ᠬᠡᠷᠡᠭᠲᠡᠢ ︵ᠠᠷᠪᠠᠨ ᠵᠢᠷᠭᠤᠭ᠎ᠠ︶ | ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠤᠯᠤᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠳ ᠳᠡᠭᠡᠳᠦ | ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠭᠰᠡᠨ ᠤ ᠬᠠᠮᠲᠤ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ | ᠲᠣᠭᠲᠠᠭᠰᠠᠨ ᠪᠠᠶᠢᠪᠠᠯ᠂ ᠬᠥᠮᠦᠨ ᠪᠦᠷᠢ ᠳᠤ 1000 ᠲᠥᠭᠦᠷᠢᠭ ᠠᠴᠠ ᠳᠣᠤᠷ᠎ᠠ ᠪᠠᠶᠢᠯᠭᠠᠬᠤ ᠥᠬᠡᠶ ᠶᠣᠰᠣᠭᠠᠷ | ᠠᠵᠤ ᠠᠬᠤᠶᠢᠯᠠᠯ ᠳᠤ ᠠᠵᠢᠯ ᠣᠯᠭᠤᠯᠲᠠ ᠶᠢᠨ ᠨᠡᠮᠡᠭᠦᠷᠢ ᠶᠢ ᠨᠢᠭᠡ ᠯᠡ ᠤᠳᠠᠭ᠎ᠠ ᠳᠤ ᠣᠯᠭᠤᠬᠤ ᠬᠡᠷᠡᠭᠲᠡᠢ᠂ | ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ ᠬᠤᠭᠤᠴᠠᠭ᠎ᠠ ᠨᠢ 2020 ᠣᠨ ᠤ 12 ᠳ᠋ᠤᠭᠠᠷ | ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠥᠪᠥᠷ | ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠲᠠᠮᠠᠬᠢ ᠲᠤᠰᠬᠠᠢ ᠬᠤᠳᠠᠯᠳᠤᠬᠤ | ᠲᠣᠪᠴᠢᠶ᠎ᠠ ᠵᠡᠷᠭᠡ ᠬᠠᠮᠵᠢᠯᠴᠠᠨ᠎ᠠ︶ ︵ᠠᠷᠪᠠᠨ ᠳᠣᠯᠤᠭ᠎ᠠ︶ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ | 2020 ᠣᠨ ᠪᠠ 2021 ᠣᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ | ᠬᠡᠪᠴᠢᠶ᠎ᠡ ᠪᠠᠨ ᠦᠷᠭᠦᠯᠵᠢᠯᠡᠨ ᠥᠷᠭᠡᠳᠭᠡᠬᠦ ᠬᠡᠷᠡᠭᠲᠡᠢ᠂ ᠲᠣᠰ ᠨᠢᠭᠡᠴᠢ ᠳᠤ ᠳᠠᠳᠤᠯᠭ᠎ᠠ ᠬᠢᠭᠰᠡᠨ ᠬᠤᠭᠤᠴᠠᠭ᠎ᠠ ᠶᠢ | ᠤᠷᠢᠵᠤ ᠡᠯᠰᠡᠨ ᠠᠵᠢᠯ ᠣᠯᠭᠤᠬᠤ ᠤᠷᠢᠲᠠᠯ ᠨᠥᠬᠦᠴᠡᠯ ᠪᠣᠯᠭᠠᠵᠤ ᠪᠣᠯᠬᠤ ᠥᠬᠡᠶ᠃ ᠣᠨᠴᠠᠭᠠᠢ ᠠᠵᠤ ᠠᠬᠤᠶᠢᠯᠠᠯ ᠢ | ᠭᠠᠷᠭᠠᠪᠠᠯ᠂ ᠵᠠᠷᠴᠢᠮ ᠳᠡᠭᠡᠷ᠎ᠡ ᠪᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠣᠨ ᠤ ᠤᠷᠢᠵᠤ ᠡᠯᠰᠡᠬᠦ | ᠲᠥᠯᠥᠪᠯᠡᠭᠡ ᠳᠠᠬᠢ ᠲᠤᠰ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ ᠬᠠᠷᠢᠴᠠᠯ ᠢᠶᠠᠨ | 80% ᠠᠴᠠ ᠳᠣᠤᠷ᠎ᠠ ᠪᠠᠶᠢᠯᠭᠠᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ | ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠭᠤᠣᠯᠴᠢᠯᠠᠨ ᠬᠠᠮᠢᠶᠠᠷᠬᠤ ᠨᠢᠭᠡᠴᠢ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠳ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ᠠᠷᠪᠠᠨ ᠨᠠᠢᠮᠠ︶ ᠡᠯ᠎ᠡ | ᠱᠠᠲᠤᠨ ᠤ ᠠᠵᠢᠯ ᠦᠢᠯᠡᠰ ᠤᠨ ᠨᠢᠭᠡᠴᠢ ᠨᠢ 2020 ᠣᠨ ᠪᠠ 2021 ᠣᠨ ᠤ ᠬᠤᠭᠤᠰᠣᠨ ᠣᠷᠣᠨ ᠲᠤᠭ᠎ᠠ ᠲᠠᠢ | ᠠᠵᠢᠯ ᠤᠨ ᠪᠠᠶᠢᠷᠢ ᠶᠢ ᠭᠤᠤᠯᠳᠠᠭᠤ ᠲᠤᠰ ᠵᠢᠯ ᠤᠨ ᠲᠡᠭᠦᠰᠬᠦ ᠰᠤᠷᠤᠭᠴᠢᠳ ᠪᠠ ᠠᠵᠢᠯ ᠡᠷᠢᠵᠦ ᠪᠠᠶᠢᠭ᠎ᠠ ᠡᠨᠡ ᠬᠦ | ᠬᠤᠭᠤᠴᠠᠭᠠᠨ ᠳᠤ ᠪᠠᠨ ᠠᠵᠢᠯᠯᠠᠬᠤ ᠨᠢᠭᠡᠴᠢ ᠦᠭᠡᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠲᠤᠰᠬᠠᠶᠢᠯᠠᠨ | ᠤᠷᠢᠵᠤ ᠡᠯᠰᠡᠬᠦ ᠳᠤ ᠬᠡᠷᠡᠭᠯᠡᠬᠦ ᠬᠡᠷᠡᠭᠲᠡᠢ᠃ ᠡᠯ᠎ᠡ ᠭᠠᠵᠠᠷ ᠣᠷᠣᠨ ᠨᠢ ᠬᠤᠲᠠ ᠬᠥᠳᠡᠭᠡ ᠶᠢᠨ ᠨᠡᠶᠢᠭᠡᠮ ᠲᠣᠭᠤᠷᠢᠭ | ᠵᠡᠷᠭᠡ ᠦᠨᠳᠦᠰᠦᠨ ᠱᠠᠲᠤᠨ ᠤ ᠣᠯᠠᠨ ᠨᠡᠶᠢᠲᠡ ᠶᠢᠨ ᠬᠠᠮᠢᠶᠠᠷᠤᠯᠲᠠ ᠪᠠ ᠨᠡᠶᠢᠭᠡᠮ ᠤᠨ ᠦᠢᠯᠡᠴᠢᠯᠡᠭᠡᠨ ᠤ ᠠᠵᠢᠯ ᠤᠨ | ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ | ᠬᠡᠪᠴᠢᠶ᠎ᠡ ᠪᠠᠨ ᠥᠷᠭᠡᠳᠬᠡᠨ᠂ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ 50% ᠠᠴᠠ | ᠳᠣᠤᠷ᠎ᠠ ᠪᠠᠶᠢᠯᠭᠠᠬᠤ ᠦᠭᠡᠶ ᠬᠠᠷᠢᠴᠠᠯ ᠢᠶᠠᠷ ᠲᠣᠬᠢᠷᠠᠭᠤᠯᠵᠤ ᠠᠵᠢᠯ ᠣᠯᠭᠤᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶᠠᠨ ᠤ ᠣᠷᠣᠨ ᠲᠤᠭᠠᠨ ᠤ | ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ᠠᠷᠪᠠ ᠶᠢᠰᠦ︶ 2020 ᠣᠨ ᠳᠤ | ᠠᠰᠫᠢᠷᠠᠨᠲ ᠡᠯᠰᠡᠬᠦ ᠬᠡᠪᠴᠢᠶ᠎ᠡ ᠶᠢ 20% ᠠᠴᠠ ᠳᠡᠭᠡᠭᠰᠢ ᠨᠡᠮᠡᠭᠳᠡᠭᠦᠯᠵᠦ᠂ ᠰᠣᠷᠣᠭᠴᠢ ᠡᠯᠰᠡᠬᠦ ᠲᠥᠯᠥᠪᠯᠡᠭᠡ ᠶᠢ 1. | 2 ᠲᠦᠮᠡ ᠭᠠᠷᠤᠢ ᠪᠣᠯᠭᠠᠬᠤ ᠬᠡᠷᠡᠭᠲᠡᠢ︔ ᠲᠤᠰᠬᠠᠶ ᠮᠡᠷᠭᠡᠵᠢᠯ ᠤᠨ ᠠᠩᠭᠢ ᠠᠴᠠ ᠵᠢᠩᠬᠢᠨᠢ ᠠᠩᠭᠢ ᠳᠤ ᠰᠣᠷᠣᠭᠴᠢ | ᠡᠯᠰᠡᠬᠦ ᠬᠡᠪᠴᠢᠶ᠎ᠡ ᠶᠢ ᠨᠡᠮᠡᠭᠳᠡᠭᠦᠯᠵᠦ᠂ ᠰᠣᠷᠣᠭᠴᠢ ᠡᠯᠰᠡᠬᠦ ᠬᠠᠷᠢᠴᠠᠯ ᠢ 5% ᠠᠴᠠ ᠨᠡᠮᠡᠭᠳᠡᠬᠦᠯᠦᠬᠡᠳ 15% | ᠪᠣᠯᠭᠠᠬᠤ ᠬᠡᠷᠡᠭᠲᠡᠢ᠃ ᠴᠡᠷᠢᠭ ᠲᠤ ᠡᠯᠰᠡᠬᠦ ᠤᠶᠤᠲᠠᠳ ᠤᠨ ᠬᠡᠪᠴᠢᠶ᠎ᠡ ᠶᠢ ᠨᠡᠮᠡᠭᠳᠡᠭᠦᠯᠵᠦ᠂ ᠴᠡᠷᠢᠭ ᠲᠤ ᠡᠯᠰᠡᠬᠦ | ᠶᠡᠷᠦᠩᠬᠡᠶ ᠡᠭᠦᠷᠭᠡ ᠳᠤ ᠲᠣᠰ ᠵᠢᠯ ᠤᠨ ᠲᠡᠭᠦᠰᠦᠭᠰᠡᠳ ᠢ ᠡᠯᠰᠡᠬᠦ ᠳᠤ ᠪᠠᠨ ᠬᠢᠵᠠᠭᠠᠷᠯᠠᠬᠤ ᠲᠤᠭ᠎ᠠ ᠲᠣᠭᠲᠠᠭᠠᠬᠤ | ᠦᠭᠡᠢ᠂ ᠴᠡᠷᠢᠭ ᠲᠤ ᠡᠯᠰᠡᠪᠡᠰᠦ ᠵᠣᠬᠢᠬᠤ ᠪᠦᠬᠦᠨ ᠢ ᠡᠯᠰᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ ︵ᠬᠤᠷᠢ︶ ᠬᠥᠮᠦᠨ ᠬᠡᠷᠡᠭᠯᠡᠬᠦ ᠨᠢᠭᠡᠴᠢ ᠶᠢ ᠬᠥᠲᠥᠯᠥᠨ ᠵᠢᠯᠣᠭᠤᠳᠴᠤ ᠪᠠᠶᠢᠭᠠᠳ ᠨᠢᠭᠤᠷᠳᠠᠨ | ᠰᠢᠯᠭᠠᠵᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠤᠨ ᠪᠠᠶᠢᠴᠠᠭᠠᠯᠲᠠ ᠪᠠ ᠭᠡᠷ᠎ᠡ ᠲᠣᠭᠲᠠᠵᠤ ᠡᠯᠰᠡᠨ ᠠᠵᠢᠯᠯᠠᠭᠤᠯᠬᠤ | ᠴᠠᠭ ᠢ ᠬᠤᠶᠢᠰᠢᠯᠠᠭᠤᠯᠵᠤ᠂ ᠰᠤᠷᠭᠠᠭᠤᠯᠢ ᠠᠴᠠ ᠰᠠᠯᠵᠤ ᠭᠠᠷᠬᠤ ᠪᠠᠨ ᠬᠤᠶᠢᠰᠢᠯᠠᠭᠤᠯᠤᠭᠰᠠᠨ ᠲᠣᠰ ᠵᠢᠯ ᠤᠨ | ᠲᠡᠭᠦᠰᠦᠭᠰᠡᠳ ᠤᠨ ᠨᠡᠷ᠎ᠡ ᠪᠠᠨ ᠮᠡᠳᠡᠭᠦᠯᠬᠦ ᠶᠢ ᠨᠢ ᠬᠦᠯᠢᠶᠡᠨ ᠠᠪᠬᠤ᠂ ᠳᠠᠩᠰᠠ ᠡᠪᠬᠡᠮᠡᠯ ᠢ ᠨᠢ ᠰᠢᠯᠵᠢᠭᠦᠯᠦᠨ ᠥᠭᠬᠦ᠂ | ᠡᠷᠦᠬᠡ ᠠᠮᠠ ᠶᠢ ᠨᠢ ᠭᠦᠢᠴᠡᠳᠭᠡᠬᠦ ᠴᠠᠭ ᠬᠤᠭᠤᠴᠠᠭ᠎ᠠ ᠶᠢ ᠵᠣᠬᠢᠬᠤ ᠬᠡᠮᠵᠢᠶ᠎ᠡ ᠪᠠᠷ ᠤᠷᠲᠤᠳᠬᠠᠬᠤ ᠬᠡᠷᠡᠭᠲᠡᠶ᠃ | ᠰᠤᠷᠭᠠᠭᠤᠯᠢ ᠠᠴᠠ ᠪᠠᠨ ᠰᠠᠯᠵᠤ ᠭᠠᠷᠤᠭᠠᠳ ᠠᠵᠢᠯ ᠣᠯᠤᠭᠠᠳᠤᠶ ᠲᠡᠭᠦᠰᠦᠭᠰᠡᠳ ᠥᠪᠡᠷ ᠤᠨ ᠬᠦᠰᠡᠯ ᠪᠣᠳᠣᠯ ᠢᠶᠠᠨ | ᠦᠨᠳᠦᠰᠦᠯᠡᠵᠦ᠂ ᠡᠷᠦᠬᠡ ᠠᠮᠠ᠂ ᠳᠠᠩᠰᠠ ᠡᠪᠬᠡᠮᠡᠯ ᠢᠶᠠᠨ ᠰᠤᠷᠭᠠᠭᠤᠯᠢ ᠳᠤ ᠪᠠᠨ 2 ᠵᠢᠯ ᠬᠠᠳᠠᠭᠠᠯᠠᠭᠤᠯᠬᠤ ᠪᠤᠶᠤ | ᠰᠤᠷᠤᠭᠴᠢ ᠶᠢᠨ ᠰᠢᠯᠭᠠᠵᠤ ᠢᠷᠡᠭᠰᠡᠨ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠯᠲᠠ ᠪᠠ ᠴᠢᠳᠠᠪᠤᠷᠢᠲᠠᠨ ᠳᠤ | ᠦᠢᠯᠡᠴᠢᠯᠡᠬᠦ ᠪᠠᠶᠢᠭᠤᠯᠤᠮᠵᠢ ᠳᠤ ᠨᠢ ᠰᠢᠯᠵᠢᠭᠦᠯᠦᠨ ᠥᠭᠴᠦ᠂ ᠲᠤᠰ ᠵᠢᠯ ᠤᠨ ᠲᠡᠭᠦᠰᠦᠭᠰᠡᠳ ᠤᠨ ᠬᠤᠪᠢ ᠪᠠᠷ | ᠠᠵᠢᠯᠲᠠᠨ ᠬᠡᠷᠡᠭᠯᠡᠬᠦ ᠨᠢᠭᠡᠴᠢ ᠶᠢᠨ ᠰᠢᠯᠭᠠᠯᠲᠠ᠂ ᠡᠯᠰᠡᠨ ᠬᠡᠷᠡᠭᠯᠡᠬᠦ ᠳᠤ ᠣᠷᠣᠯᠴᠠᠭᠤᠯᠬᠤ ᠬᠡᠷᠡᠭᠲᠡᠶ᠂ ᠠᠵᠢᠯᠯᠠᠬᠤ | ᠨᠢᠭᠡᠴᠢ ᠪᠠᠨ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠲᠣᠰ ᠵᠢᠯ ᠤᠨ ᠲᠡᠭᠦᠰᠦᠭᠰᠡᠳ ᠢᠶᠠᠷ ᠯᠠᠪᠯᠠᠯᠲᠠ ᠪᠣᠯᠭᠠᠵᠤ | ᠬᠠᠮᠢᠶ᠎ᠠ ᠪᠥᠬᠦᠶ ᠭᠠᠷᠳᠠᠮ ᠢ ᠨᠢ ᠭᠦᠢᠴᠡᠳᠭᠡᠵᠦ ᠥᠭᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠬᠠᠮᠵᠢᠯᠴᠠᠨ᠎ᠠ︶ ᠳᠣᠯᠤᠭ᠎ᠠ᠂ ᠬᠦᠴᠢᠷᠳᠡᠯᠲᠡᠶ ᠬᠥᠮᠦᠰ ᠲᠤ ᠰᠠᠭᠤᠷᠢ ᠠᠴᠠ ᠨᠢ | ᠪᠠᠲᠤᠯᠠᠬᠤ ᠶᠢ ᠴᠢᠩᠭᠠᠳᠬᠠᠬᠤ ᠬᠡᠷᠡᠭᠲᠡᠢ ︵ᠬᠤᠷᠢᠨ ᠨᠢᠭᠡ︶ ᠲᠣᠰ ᠵᠢᠯ ᠤᠨ ᠳᠣᠲᠣᠷ᠎ᠠ ᠠᠵᠢᠯ ᠠᠯᠳᠠᠭᠰᠠᠳ ᠤᠨ | ᠳᠠᠭᠠᠳᠬᠠᠯ ᠤᠨ ᠮᠥᠩᠭᠦ ᠪᠠᠨ ᠠᠪᠬᠤ ᠬᠤᠭᠤᠴᠠᠭ᠎ᠠ ᠨᠢ ᠲᠤᠯᠤᠭᠰᠠᠨ ᠪᠣᠯᠪᠠᠴᠤ ᠪᠠᠰᠠ ᠠᠵᠢᠯ ᠣᠯᠤᠭᠠᠳᠤᠶ ᠠᠵᠢᠯ | ᠠᠯᠳᠠᠭᠰᠠᠳ᠂ ᠠᠵᠢᠯ ᠠᠯᠳᠠᠭᠰᠠᠳ ᠤᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠭᠰᠠᠨ ᠪᠥᠭᠡᠳ ᠠᠵᠢᠯ | ᠠᠯᠳᠠᠭᠰᠠᠳ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠣᠯᠪᠠᠴᠤ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠪᠠᠨ ᠠᠪᠬᠤ ᠨᠥᠬᠦᠴᠡᠯ ᠳᠤ ᠨᠡᠶᠢᠴᠡᠬᠦ ᠦᠭᠡᠢ ᠳᠠᠭᠠᠳᠬᠠᠯ ᠳᠤ ᠣᠷᠣᠯᠴᠠᠭᠰᠠᠨ ᠠᠵᠢᠯ ᠠᠯᠳᠠᠭᠰᠠᠳ ᠪᠠ | ᠲᠡᠳᠡᠨ ᠤ ᠠᠵᠢᠯᠯᠠᠵᠤ ᠪᠠᠶᠢᠭ᠎ᠠ ᠨᠢᠭᠡᠴᠢ ᠨᠢ ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠢ ᠲᠣᠭᠲᠠᠭᠠᠯ | ᠶᠣᠰᠣᠭᠠᠷ ᠲᠤᠰᠢᠶᠠᠭᠰᠠᠨ ᠪᠣᠯᠪᠠᠴᠤ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠪᠠᠷ ᠲᠣᠭᠲᠠᠭᠠᠭᠰᠠᠨ | ᠨᠢᠭᠡ ᠯᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ ᠠᠪᠬᠤ ᠨᠥᠬᠦᠴᠡᠯ ᠳᠤ ᠨᠡᠶᠢᠴᠡᠬᠦ ᠦᠭᠡᠢ ᠠᠵᠢᠯ | ᠠᠯᠳᠠᠭᠰᠠᠳ ᠲᠤ ᠠᠵᠢᠯ ᠠᠯᠳᠠᠭᠰᠠᠳ ᠤᠨ ᠨᠥᠬᠦᠪᠥᠷᠢ ᠮᠥᠩᠭᠦ ᠶᠢ ᠨᠢ 6 ᠰᠠᠷ᠎ᠠ ᠪᠠᠷ ᠨᠢᠭᠡᠳᠦᠯᠲᠡᠶ ᠣᠯᠭᠤᠬᠤ | ᠬᠡᠷᠡᠭᠲᠡᠢ᠂ ᠪᠠᠷᠢᠮᠵᠢᠶ᠎ᠠ ᠶᠢ ᠨᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ 1 — 12 ᠳ᠋ᠤᠭᠠᠷ ᠰᠠᠷ᠎ᠠ | ᠬᠦᠷᠲᠡᠯᠡᠬᠢ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦᠨ ᠤ ᠪᠠᠷᠢᠮᠵᠢᠶ᠎ᠠ ᠶᠢᠨ 80% ᠪᠠᠷ ᠲᠣᠭᠲᠠᠭᠠᠬᠤ | ᠬᠡᠷᠡᠭᠲᠡᠢ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠᠨ ᠠᠪᠬᠤ ᠬᠤᠭᠤᠴᠠᠭ᠎ᠠ ᠨᠢ ᠲᠤᠯᠤᠭᠰᠠᠨ | ᠪᠣᠯᠪᠠᠴᠤ ᠪᠠᠰᠠ ᠠᠵᠢᠯ ᠣᠯᠤᠭᠠᠳᠤᠢ ᠮᠥᠷᠲᠡᠭᠡᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ | ᠬᠤᠭᠤᠴᠠᠭ᠎ᠠ ᠲᠤᠯᠳᠠᠯ᠎ᠠ 1 ᠵᠢᠯ ᠪᠠᠶᠢᠬᠤ ᠦᠭᠡᠢ ᠬᠥᠮᠦᠰ ᠲᠤ᠂ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠶᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠦᠷᠭᠦᠯᠵᠢᠯᠡᠨ ᠣᠯᠭᠤᠵᠤ ᠪᠣᠯᠣᠨ᠎ᠠ᠃ ᠳᠡᠭᠡᠷ᠎ᠡ | ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠨᠢ 2020 ᠣᠨ ᠤ 1 ᠳ᠋ᠦ᠋ᠭᠡᠷ ᠰᠠᠷ᠎ᠠ ᠶᠢᠨ | 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ᠬᠤᠷᠢᠨ ᠬᠤᠶᠠᠷ︶ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠬᠤᠭᠤᠴᠠᠭ᠎ᠠ ᠨᠢ | ᠲᠤᠯᠤᠭᠰᠠᠨ ᠤ ᠳᠠᠷᠠᠭ᠎ᠠ ᠪᠠᠰᠠ ᠲᠣᠭᠲᠠᠪᠤᠷᠢᠲᠠᠶ ᠠᠵᠢᠯ ᠣᠯᠣᠭᠠᠳᠤᠢ ᠪᠠᠶᠢᠪᠠᠯ᠂ ᠲᠥᠷᠥ ᠶᠢᠨ ᠪᠣᠳᠣᠯᠭ᠎ᠠ ᠪᠠᠷ | ᠬᠠᠷᠠᠭᠠᠯᠵᠠᠯ ᠬᠦᠷᠲᠡᠬᠦ ᠬᠤᠭᠤᠴᠠᠭ᠎ᠠ ᠶᠢ ᠨᠢ 1 ᠵᠢᠯ ᠤᠷᠲᠤᠳᠬᠠᠵᠤ ᠪᠣᠯᠤᠨ᠎ᠠ︔ ᠠᠵᠢᠯ ᠣᠯᠬᠤ ᠳᠤ ᠬᠦᠴᠢᠷᠲᠡᠶ | ᠬᠥᠮᠦᠰ ᠤᠨ ᠠᠮᠢᠳᠤᠯᠢᠭ ᠢᠶᠠᠷ ᠠᠵᠢᠯ ᠣᠯᠵᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠡᠮᠡᠭᠦᠷᠢ ᠬᠦᠷᠲᠡᠬᠦ | ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠨᠢ ᠲᠤᠯᠤᠭᠰᠠᠨ ᠪᠣᠯᠪᠠᠴᠤ ᠪᠠᠰᠠ ᠲᠣᠭᠲᠠᠪᠤᠷᠢᠲᠠᠶ ᠠᠵᠢᠯ ᠣᠯᠣᠭᠠᠳᠤᠢ | ᠪᠠᠶᠢᠪᠠᠯ᠂ ᠲᠥᠷᠥ ᠶᠢᠨ ᠪᠣᠳᠣᠯᠭ᠎ᠠ ᠪᠠᠷ ᠬᠠᠷᠠᠭᠠᠯᠵᠠᠯ ᠬᠦᠷᠲᠡᠬᠦ ᠬᠤᠭᠤᠴᠠᠭ᠎ᠠ ᠶᠢ ᠨᠢ 1 ᠵᠢᠯ ᠤᠷᠲᠤᠳᠬᠠᠵᠤ | ᠪᠣᠯᠤᠨ᠎ᠠ᠃ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠨᠢ 2020 ᠣᠨ ᠤ | 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠤᠨ᠎ᠠ᠃ ᠵᠠᠬ᠎ᠠ | ᠳᠡᠯᠭᠡᠭᠦᠷ ᠤᠨ ᠠᠷᠭ᠎ᠠ ᠵᠠᠮ ᠢᠶᠠᠷ ᠠᠵᠢᠯ ᠣᠯᠭᠤᠬᠤ ᠳᠤ ᠦᠨᠡᠨ ᠬᠦ ᠬᠦᠴᠢᠷᠲᠡᠶ ᠲᠡᠳᠡᠭᠡᠷ ᠠᠵᠢᠯ ᠤᠯᠬᠤ ᠳᠤ | ᠬᠦᠴᠢᠷᠳᠡᠵᠦ ᠪᠠᠶᠢᠭ᠎ᠠ ᠬᠥᠮᠦᠰ ᠲᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠠᠰᠢᠭᠯᠠᠨ | ᠰᠠᠭᠤᠷᠢ ᠠᠴᠠ ᠨᠢ ᠪᠠᠲᠤᠯᠠᠵᠤ ᠲᠥᠪᠬᠢᠨᠡᠭᠦᠯᠬᠦ ᠬᠡᠷᠡᠭᠲᠡᠢ᠃ ᠠᠷᠢᠭᠤᠳᠬᠠᠨ ᠴᠡᠪᠡᠷᠯᠡᠵᠦ ᠬᠢᠵᠢᠭ ᠰᠡᠷᠭᠡᠶᠢᠯᠡᠬᠦ ᠪᠠ | ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠵᠡᠷᠭᠡ ᠨᠢᠭᠡ ᠪᠦᠯᠦᠭ ᠲᠦᠷ ᠴᠠᠭ ᠤᠨ ᠴᠢᠨᠠᠷᠲᠠᠶ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ ᠭᠠᠷᠭᠠᠵᠤ᠂ ᠠᠵᠢᠯ ᠤᠨ ᠡᠭᠦᠷᠭᠡ ᠪᠠ ᠠᠵᠢᠯᠯᠠᠬᠤ | ᠴᠠᠭ ᠢ ᠦᠨᠳᠦᠰᠦᠯᠡᠨ᠂ ᠵᠣᠬᠢᠬᠤ ᠬᠡᠮᠵᠢᠶᠡᠨ ᠤ ᠠᠵᠢᠯ ᠤᠨ ᠪᠠᠶᠢᠷᠢ ᠶᠢᠨ ᠨᠡᠮᠡᠭᠦᠷᠢ ᠪᠠ ᠨᠡᠶᠢᠭᠡᠮ ᠤᠨ ᠳᠠᠭᠠᠳᠬᠠᠯ ᠤᠨ | ᠨᠡᠮᠡᠭᠦᠷᠢ ᠣᠯᠭᠤᠬᠤ ᠬᠡᠷᠡᠭᠲᠡᠢ᠂ ᠨᠡᠮᠡᠭᠦᠷᠢ ᠣᠯᠭᠤᠬᠤ ᠬᠤᠭᠤᠴᠠᠭ᠎ᠠ ᠶᠢ ᠬᠠᠮᠤᠭ ᠤᠨ ᠤᠷᠲᠤ ᠳᠤ ᠪᠠᠨ 6 | ᠰᠠᠷ᠎ᠠ ᠠᠴᠠ ᠬᠡᠲᠦᠷᠡᠭᠦᠯᠵᠦ ᠪᠣᠯᠬᠤ ᠦᠭᠡᠶ᠃ ᠬᠡᠷᠡᠭᠰᠡᠬᠦ ᠪᠡᠯᠡ ᠮᠥᠩᠭᠦ ᠶᠢ ᠠᠵᠢᠯ ᠣᠯᠭᠤᠬᠤ ᠨᠦᠬᠦᠪᠦᠷᠢ ᠶᠢᠨ ᠪᠡᠯᠡ | ᠮᠥᠩᠭᠦ ᠠᠴᠠ ᠵᠠᠷᠤᠴᠠᠭᠤᠯᠵᠤ ᠪᠣᠯᠤᠨ᠎ᠠ᠃ ᠠᠵᠤ ᠠᠬᠤᠶᠢᠯᠠᠯ ᠨᠢ ᠠᠵᠢᠯ ᠠᠯᠳᠠᠭᠰᠠᠨ ᠢᠶᠠᠨ ᠳᠠᠩᠰᠠᠯᠠᠨ | ᠲᠡᠮᠳᠡᠭᠯᠡᠭᠦᠯᠦᠭᠡᠳ ᠬᠠᠭᠠᠰ ᠵᠢᠯ ᠭᠠᠷᠤᠢ ᠪᠣᠯᠣᠭᠰᠠᠨ ᠬᠥᠮᠦᠰ ᠲᠤ ᠠᠵᠢᠯ ᠣᠯᠭᠤᠭᠰᠠᠨ ᠪᠥᠭᠡᠳ 1 ᠵᠢᠯ ᠠᠴᠠ | ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠳᠠᠭᠠᠤ ᠳᠤ ᠨᠡᠶᠢᠭᠡᠮ ᠤᠨ ᠳᠠᠭᠠᠳᠬᠠᠯ ᠢ ᠲᠣᠭᠲᠠᠭᠠᠯ ᠶᠣᠰᠣᠭᠠᠷ | ᠲᠤᠰᠢᠶᠠᠭᠰᠠᠨ ᠪᠠᠶᠢᠪᠠᠯ᠂ ᠬᠥᠮᠦᠨ ᠪᠦᠷᠢ ᠳᠤ 1000 ᠲᠥᠭᠦᠷᠢᠭ ᠢᠶᠠᠷ ᠠᠵᠢᠯ ᠣᠯᠭᠤᠯᠲᠠ ᠶᠢᠨ ᠨᠡᠮᠡᠭᠦᠷᠢ ᠶᠢ ᠨᠢᠭᠡ | ᠯᠡ ᠤᠳᠠᠭ᠎ᠠ ᠳᠤ ᠥᠭᠴᠦ ᠪᠣᠯᠤᠨ᠎ᠠ᠂ ᠲᠥᠷᠥ ᠶᠢᠨ ᠪᠣᠳᠣᠯᠭ᠎ᠠ ᠪᠠᠷ ᠭᠥᠯᠢᠶᠡᠨ ᠠᠪᠴᠤ ᠭᠦᠢᠴᠡᠳᠭᠡᠬᠦ | ᠬᠤᠭᠤᠴᠠᠭ᠎ᠠ ᠨᠢ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠬᠦ ᠪᠣᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠨᠠᠢᠮᠠ᠂ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠭᠡᠨ ᠬᠡᠪᠴᠢᠶ᠎ᠡ ᠲᠠᠢ ᠥᠷᠨᠢᠭᠦᠯᠬᠦ ᠬᠡᠷᠡᠭᠲᠡᠢ ︵ | ᠬᠤᠷᠢᠨ ᠭᠤᠷᠪᠠ︶ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠳᠡᠭᠡᠭᠰᠢᠯᠡᠭᠦᠯᠬᠦ ᠪᠠ | ᠠᠵᠢᠯ ᠤᠨ ᠪᠠᠶᠢᠷᠢ ᠰᠣᠯᠢᠵᠤ ᠠᠵᠢᠯ ᠰᠢᠯᠵᠢᠬᠦ ᠪᠣᠯᠪᠠᠰᠤᠷᠠᠭᠤᠯᠤᠯ ᠢ ᠶᠡᠭᠡ ᠪᠠᠷ ᠥᠷᠨᠢᠭᠦᠯᠵᠦ᠂ ᠠᠵᠤ ᠠᠬᠤᠶᠢᠯᠠᠯ | ᠪᠤᠶᠤ ᠠᠵᠤ ᠠᠬᠤᠶᠢᠯᠠᠯ ᠤᠨ ᠨᠠᠶᠢᠳᠠᠵᠤ ᠪᠣᠯᠪᠠᠰᠤᠷᠠᠭᠤᠯᠬᠤ ᠪᠠᠶᠢᠭᠤᠯᠤᠮᠵᠢ ᠨᠢ ᠠᠵᠢᠯᠲᠠᠨ ᠠᠵᠢᠯᠴᠢᠨ ︵ᠠᠵᠤ | ᠠᠬᠤᠶᠢᠯᠠᠯ ᠳᠤ ᠠᠵᠢᠯᠯᠠᠵᠤ ᠪᠠᠶᠢᠭ᠎ᠠ ᠬᠥᠳᠡᠯᠮᠦᠷᠢ ᠦᠢᠯᠡᠴᠢᠯᠡᠭᠡᠨ ᠢᠶᠠᠷ ᠲᠣᠮᠢᠯᠠᠭᠳᠠᠭᠰᠠᠨ ᠬᠥᠮᠦᠰ ᠢ ᠪᠠᠭᠲᠠᠭᠠᠨ᠎ᠠ᠂ | ᠳᠣᠷᠣᠭᠰᠢ ᠠᠳᠠᠯᠢ︶ ᠢᠶᠠᠨ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠭᠤᠯᠤᠯ᠂ ᠠᠵᠢᠯ ᠤᠨ ᠪᠠᠶᠢᠷᠢ ᠰᠣᠯᠢᠵᠤ ᠠᠵᠢᠯ ᠰᠢᠯᠵᠢᠬᠦ ᠪᠣᠯᠪᠠᠰᠤᠷᠠᠭᠤᠯᠤᠯ ᠪᠠ ᠠᠵᠢᠯ ᠤᠨ ᠪᠠᠶᠢᠷᠢ ᠶᠢᠨ | ᠤᠷ᠎ᠠ ᠴᠢᠳᠠᠪᠤᠷᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠥᠷᠨᠢᠭᠦᠯᠦᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ ᠤᠨ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠳᠡᠭᠡᠭᠰᠢᠯᠡᠭᠦᠯᠬᠦ ᠠᠵᠢᠯᠯᠠᠭᠠᠨ ᠤ ᠪᠠᠯᠠ ᠮᠥᠩᠭᠦᠨ ᠤ | ᠬᠡᠷᠡᠭᠯᠡᠵᠦ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠥᠪᠥᠷ ᠬᠥᠮᠦᠨ | ᠨᠡᠶᠢᠭᠡᠮ ᠲᠠᠷᠬᠠᠭᠠᠭᠰᠠᠨ ︹2019︺ 60 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ᠂ | ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠶ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠳᠡᠭᠡᠭᠰᠢᠯᠡᠭᠦᠯᠬᠦ ᠰᠦᠯᠵᠢᠶᠡᠨ ᠳᠠᠬᠢ ᠨᠡᠮᠡᠭᠦᠷᠢ ᠥᠭᠬᠦ | ᠴᠢᠨᠠᠷᠲᠠᠶ ᠪᠣᠯᠪᠠᠰᠤᠷᠠᠭᠤᠯᠤᠯ ᠥᠷᠨᠢᠭᠦᠯᠦᠭᠰᠡᠨ ᠪᠠᠶᠢᠪᠠᠯ᠂ ᠴᠥᠮ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ | ᠳᠡᠭᠡᠭᠰᠢᠯᠡᠭᠦᠯᠬᠦ ᠨᠡᠮᠡᠭᠦᠷᠢ ᠶᠢ ᠲᠣᠭᠲᠠᠭᠠᠯ ᠶᠣᠰᠣᠭᠠᠷ ᠭᠤᠶᠤᠴᠢᠯᠠᠨ ᠠᠪᠴᠤ ᠪᠣᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ ︵ᠬᠤᠷᠢᠨ ᠳᠥᠷᠪᠡ︶ ᠠᠮᠤᠷ ᠲᠦᠪᠰᠢᠨ ᠤ ᠤᠷ᠎ᠠ ᠴᠢᠳᠠᠪᠤᠷᠢ ᠳᠡᠭᠡᠭᠰᠢᠯᠡᠭᠦᠯᠬᠦ | ᠲᠥᠯᠥᠪᠯᠡᠭᠡ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠤᠷ᠎ᠠ ᠴᠢᠳᠠᠪᠤᠷᠢ ᠶᠢᠨ ᠠᠵᠢᠯ ᠤᠨ ᠪᠠᠶᠢᠷᠢ ᠶᠢᠨ ᠠᠵᠢᠯᠲᠠᠨ | ᠠᠵᠢᠯᠴᠢᠳ ᠣᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠠᠳ ᠠᠶᠤᠯ | ᠦᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠯᠭᠠᠨ ᠬᠤᠷᠢᠶᠠᠵᠤ | ᠠᠪᠬᠤ ᠳᠤ ᠬᠢᠷᠢ ᠲᠡᠩᠴᠡᠭᠰᠡᠨ ᠪᠠᠶᠢᠪᠠᠯ᠂ ᠵᠢᠯ ᠪᠦᠷᠢ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠨ ᠤ | ᠲᠤᠭ᠎ᠠ ᠪᠠᠷ ᠠᠵᠤ ᠠᠬᠤᠶᠢᠯᠠᠯ ᠳᠤ ᠬᠥᠮᠦᠨ ᠳᠤᠮᠳᠠᠴᠢ ᠪᠠᠷ 200 ᠲᠥᠭᠦᠷᠢᠭ ᠤᠨ ᠪᠣᠯᠪᠠᠰᠤᠷᠠᠭᠤᠯᠤᠯ ᠤᠨ ᠨᠡᠮᠡᠭᠦᠷᠢ | ᠣᠯᠭᠤᠬᠤ ᠬᠡᠷᠡᠭᠲᠡᠢ᠃ ᠬᠢᠮᠢ ᠶᠢᠨ ᠠᠵᠤ ᠦᠢᠯᠡᠳᠪᠦᠷᠢ ᠶᠢᠨ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠠᠭᠤᠷᠬᠠᠶ᠂ | ᠨᠡᠭᠦᠷᠡᠰᠦᠨ ᠤ ᠪᠤᠰᠤ ᠠᠭᠤᠷᠬᠠᠶ᠂ ᠲᠡᠮᠦᠷᠯᠢᠭ ᠬᠠᠶᠢᠯᠤᠭᠤᠯᠬᠤ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ | ᠲᠤᠰᠠᠯᠠᠬᠤ ᠵᠡᠷᠭᠡ ᠠᠶᠤᠯ ᠶᠡᠭᠡ ᠲᠠᠢ ᠠᠵᠢᠯ ᠲᠥᠷᠥᠯ ᠤᠨ ᠠᠵᠤ ᠠᠬᠤᠶᠢᠯᠠᠯ ᠤᠳ ᠠᠵᠢᠯᠯᠠᠵᠤ ᠪᠠᠶᠢᠭ᠎ᠠ ᠬᠥᠮᠦᠰ ᠪᠠ | ᠡᠯ᠎ᠡ ᠲᠥᠷᠥᠯ ᠤᠨ ᠣᠨᠴᠠᠭᠠᠢ ᠵᠦᠢᠯ ᠤᠨ ᠠᠵᠢᠯ ᠬᠢᠵᠦ ᠪᠠᠶᠢᠭ᠎ᠠ ᠬᠥᠮᠦᠰ ᠢᠶᠠᠨ ᠵᠣᠬᠢᠶᠠᠨ ᠪᠠᠶᠢᠭᠤᠯᠵᠤ ᠠᠮᠤᠷ | ᠲᠦᠪᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠠᠵᠢᠯ ᠬᠢᠭᠰᠡᠳ ᠤᠨ ᠠᠮᠤᠷ | ᠲᠦᠪᠰᠢᠨ ᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠬᠢᠷᠢ ᠲᠡᠩᠴᠡᠪᠡᠯ ᠠᠵᠢᠯ ᠤᠨ ᠪᠠᠶᠢᠷᠢ ᠳᠤ ᠭᠠᠷᠭᠠᠬᠤ | ᠳᠦᠷᠢᠮ ᠢ ᠴᠢᠩᠭ᠎ᠠ ᠬᠡᠷᠡᠭᠵᠢᠭᠦᠯᠦᠨ᠂ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠪᠠᠶᠢᠪᠠᠯ᠂ ᠥᠪᠡᠷᠲᠡᠭᠡᠨ ᠵᠠᠰᠠᠬᠤ | ᠣᠷᠣᠨ ᠤ ︽ᠭᠤᠤᠯᠳᠠᠯᠭ᠎ᠠ ᠲᠠᠢ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ᠲᠠᠬᠢ A | ᠲᠥᠷᠥᠯ ᠤᠨ ᠠᠵᠢᠯ ᠮᠡᠷᠭᠡᠵᠢᠯ ︵ᠠᠵᠢᠯ︶ ᠤᠨ ᠨᠡᠮᠡᠭᠦᠷᠢ ᠶᠢᠨ ᠪᠠᠷᠢᠮᠵᠢᠶ᠎ᠠ ᠶᠣᠰᠣᠭᠠᠷ᠂ ᠠᠵᠢᠯᠲᠠᠨ ᠠᠵᠢᠯᠴᠢᠨ | ᠬᠤᠪᠢ ᠬᠥᠮᠦᠨ ᠪᠤᠶᠤ ᠠᠵᠤ ᠠᠬᠤᠶᠢᠯᠠᠯ ᠳᠤ ᠪᠣᠯᠪᠠᠰᠤᠷᠠᠭᠤᠯᠤᠯ ᠤᠨ ᠨᠡᠮᠡᠭᠦᠷᠢ ᠣᠯᠭᠤᠬᠤ ᠬᠡᠷᠡᠭᠲᠡᠢ᠂ ᠨᠡᠮᠡᠭᠦᠷᠢ ᠶᠢᠨ | ᠪᠡᠯᠡ ᠮᠥᠩᠭᠦ ᠶᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠳᠡᠭᠡᠭᠰᠢᠯᠡᠭᠦᠯᠬᠦ ᠠᠵᠢᠯᠯᠠᠭᠠᠨ ᠤ ᠲᠤᠰᠬᠠᠶ ᠪᠡᠯᠡ | ᠮᠦᠩᠬᠦᠨ ᠠᠴᠠ ᠭᠠᠷᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ | ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠵᠡᠷᠭᠡ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ︵ᠬᠤᠷᠢᠨ ᠲᠠᠪᠤ︶ ᠠᠵᠢᠯ ᠣᠯᠬᠤ | ᠭᠤᠣᠯᠳᠠᠯᠭ᠎ᠠ ᠲᠠᠢ ᠬᠥᠮᠥᠰ ᠢ ᠵᠣᠷᠢᠭᠵᠢᠭᠤᠯᠵᠤ ᠪᠠᠶᠢᠭᠠᠳ ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠯᠥᠪᠯᠡᠭᠡ︾ ᠳᠤ ᠢᠳᠡᠪᠬᠢᠲᠡᠢ ᠣᠷᠣᠯᠴᠠᠭᠤᠯᠤᠨ᠂ ᠡᠯ᠎ᠡ ᠭᠠᠵᠠᠷ | ᠣᠷᠣᠨ ᠨᠢ ᠠᠵᠢᠯ ᠣᠯᠭᠤᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠦᠢᠯᠡᠰ ᠴᠣᠭᠴᠠᠯᠠᠬᠤ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠠᠳᠠᠯᠢ ᠪᠤᠰᠤ ᠠᠵᠢᠯ ᠮᠡᠷᠭᠡᠵᠢᠯ ︵ᠠᠵᠢᠯ︶ ᠪᠠ | ᠪᠣᠯᠪᠠᠰᠤᠷᠠᠭᠤᠯᠤᠯ ᠤᠨ ᠲᠥᠷᠥᠯ ᠵᠦᠢᠯ ᠢ ᠦᠨᠳᠦᠰᠦᠯᠡᠨ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ | ᠪᠣᠯᠪᠠᠰᠤᠷᠠᠭᠤᠯᠬᠤ ᠬᠢᠴᠢᠶᠡᠯ ᠤᠨ ᠴᠠᠭ ᠤᠨ ᠬᠠᠷᠢᠴᠠᠯ ᠢ ᠵᠣᠬᠢᠰᠲᠠᠶ ᠲᠣᠭᠲᠠᠭᠠᠵᠤ ᠪᠣᠯᠤᠨ᠎ᠠ᠂ ᠵᠠᠷᠢᠮ ᠪᠣᠳᠠᠲᠠᠢ | ᠠᠵᠢᠯᠯᠠᠭᠤᠯᠵᠤ ᠰᠣᠷᠢᠬᠤ ᠴᠢᠬᠤᠯᠠ ᠦᠭᠡᠢ ᠪᠤᠶᠤ ᠰᠦᠯᠵᠢᠶ᠎ᠡ ᠪᠠᠷ ᠳᠠᠭᠤᠷᠢᠶᠠᠨ ᠠᠵᠢᠯᠯᠠᠵᠤ ᠰᠣᠷᠢᠵᠤ ᠪᠣᠯᠬᠤ ᠠᠵᠢᠯ | ᠮᠡᠷᠭᠡᠵᠢᠯ ︵ᠠᠵᠢᠯ︶ ᠤᠨ ᠲᠥᠷᠥᠯ ᠵᠦᠢᠯ ᠢ ᠪᠥᠬᠦ ᠶᠠᠪᠤᠴᠠ ᠪᠠᠷ ᠨᠢ ᠰᠦᠯᠵᠢᠶ᠎ᠡ ᠪᠠᠷ ᠪᠣᠯᠪᠠᠰᠤᠷᠠᠭᠤᠯᠬᠤ ᠪᠠ | ᠰᠦᠯᠵᠢᠶ᠎ᠡ ᠪᠠᠷ ᠰᠢᠯᠭᠠᠨ ᠬᠢᠨᠠᠵᠤ ᠪᠣᠯᠬᠤ ᠶᠢᠨ ᠬᠠᠮᠲᠤ᠂ ᠪᠣᠯᠪᠠᠰᠤᠷᠠᠭᠤᠯᠤᠯ ᠤᠨ ᠨᠡᠮᠡᠭᠦᠷᠢ ᠶᠢ ᠲᠣᠭᠲᠠᠭᠠᠯ ᠶᠣᠰᠣᠭᠠᠷ | ᠣᠯᠭᠤᠬᠤ ᠬᠡᠷᠡᠭᠲᠡᠢ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠣᠷᠣᠨ ᠪᠦᠰᠡ ᠠᠯᠤᠰᠯᠠᠨ | ᠪᠣᠯᠪᠠᠰᠤᠷᠠᠭᠤᠯᠬᠤ ᠪᠠ ᠪᠣᠯᠪᠠᠰᠤᠷᠠᠭᠤᠯᠤᠭᠰᠠᠨ ᠴᠠᠭ ᠢ ᠨᠢ ᠨᠡᠶᠢᠯᠡᠭᠦᠯᠦᠨ ᠪᠤᠳᠤᠬᠤ ᠵᠡᠷᠭᠡ ᠪᠣᠯᠪᠠᠰᠤᠷᠠᠭᠤᠯᠤᠯ ᠤᠨ | ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔ ᠪᠣᠯᠪᠠᠰᠤᠷᠠᠭᠤᠯᠤᠯ ᠳᠤ ᠣᠷᠣᠯᠴᠠᠭᠰᠠᠨ | ᠪᠥᠭᠡᠳ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠦᠨᠡᠮᠯᠡᠯ ᠣᠯᠤᠭᠰᠠᠨ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦᠨ ᠪᠦᠷᠢ ᠳᠤ ᠡᠳᠦᠷ ᠪᠦᠷᠢ 100 ᠲᠥᠭᠦᠷᠢᠭ ᠤᠨ ᠠᠮᠢᠳᠤᠷᠠᠯ ᠤᠨ ᠨᠡᠮᠡᠭᠦᠷᠢ ︵ᠵᠠᠮ | ᠬᠠᠷᠢᠯᠴᠠᠭᠠᠨ ᠤ ᠨᠡᠮᠡᠭᠦᠷᠢ ᠪᠠᠭᠲᠠᠨ᠎ᠠ︶ ᠣᠯᠭᠤᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠬᠠᠮᠵᠢᠯᠴᠠᠨ᠎ᠠ︶ ᠶᠢᠰᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠤᠯᠠᠮ | ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ ︵ᠬᠤᠷᠢᠨ ᠵᠢᠷᠭᠤᠭ᠎ᠠ︶ ᠰᠦᠯᠵᠢᠶ᠎ᠡ ᠪᠠᠷ ᠬᠠᠩᠭᠠᠯᠭ᠎ᠠ ᠬᠡᠷᠡᠭᠴᠡᠭᠡ ᠶᠢ | ᠪᠠᠶᠢᠴᠠᠭᠠᠬᠤ᠂ ᠪᠣᠯᠪᠠᠰᠤᠷᠠᠭᠤᠯᠤᠯ ᠢ ᠵᠣᠯᠭᠠᠭᠤᠯᠬᠤ᠂ ᠠᠵᠢᠯ ᠣᠯᠭᠤᠯᠲᠠ ᠶᠢ ᠵᠣᠯᠭᠠᠭᠤᠯᠬᠤ᠂ ᠮᠥᠷᠳᠡᠨ | ᠦᠢᠯᠡᠴᠢᠯᠡᠬᠦ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠣᠯᠠᠨ ᠨᠡᠶᠢᠲᠡ ᠶᠢᠨ ᠠᠵᠢᠯ ᠣᠯᠭᠤᠬᠤ | ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠯᠮᠦᠷᠢ ᠬᠦᠴᠦᠨ ᠤ ᠡᠬᠢ ᠪᠠᠶᠠᠯᠢᠭ ᠤᠨ | ᠮᠡᠳᠡᠭᠡ ᠵᠠᠩᠭᠢ ᠶᠢᠨ ᠪᠠᠶᠢᠴᠠᠭᠠᠯᠲᠠ ᠶᠢ ᠥᠷᠭᠡᠨ ᠬᠡᠪᠴᠢᠶ᠎ᠡ ᠲᠠᠢ ᠥᠷᠨᠢᠭᠦᠯᠦᠨ᠂ ᠪᠠᠶᠢᠴᠠᠭᠠᠯᠲᠠ ᠶᠢᠨ ᠦᠷ᠎ᠡ | ᠳ᠋ᠦᠩ ᠢ ᠭᠦᠢᠴᠡᠳ ᠠᠰᠢᠨᠨᠯᠠᠵᠦ᠂ ᠬᠠᠩᠭᠠᠯᠭ᠎ᠠ ᠬᠡᠷᠡᠭᠴᠡᠭᠡ ᠪᠠᠷ ᠨᠢ ᠠᠵᠢᠯ ᠣᠯᠭᠤᠬᠤ ᠦᠢᠯᠡᠴᠢᠯᠡᠭᠡᠨ ᠤ | ᠠᠵᠢᠯᠯᠠᠭ᠎ᠠ ᠶᠢ ᠬᠠᠨᠳᠤᠯᠭ᠎ᠠ ᠲᠠᠢ ᠪᠠᠷ ᠥᠷᠨᠢᠭᠦᠯᠬᠦ ᠬᠡᠷᠡᠭᠲᠡᠢ᠃ ᠨᠡᠶᠢᠭᠡᠮ ᠤᠨ ᠡᠵᠡᠩᠨᠡᠯᠲᠡ ᠶᠢᠨ ᠴᠢᠨᠠᠷᠲᠠᠶ ᠬᠥᠮᠦᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠠ ᠬᠥᠳᠡᠯᠮᠦᠷᠢ ᠦᠢᠯᠡᠴᠢᠯᠡᠭᠡᠨ ᠤ ᠡᠷᠬᠢᠯᠡᠨ | ᠵᠠᠭᠤᠴᠢᠯᠠᠭᠴᠢ ᠵᠡᠷᠭᠡ ᠦᠢᠯᠡᠴᠢᠯᠡᠭᠡ ᠬᠠᠩᠭᠠᠭᠰᠠᠨ ᠪᠠᠶᠢᠪᠠᠯ᠂ ᠠᠵᠢᠯ ᠣᠯᠭᠤᠵᠤ ᠦᠢᠯᠡᠰ ᠴᠣᠭᠴᠠᠯᠠᠬᠤ | ᠦᠢᠯᠡᠴᠢᠯᠡᠭᠡᠨ ᠤ ᠨᠡᠮᠡᠭᠦᠷᠢ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠵᠢᠯᠴᠠᠨ᠎ᠠ︶ | ︵ᠬᠤᠷᠢᠨ ᠳᠣᠯᠤᠭ᠎ᠠ︶ ᠬᠤᠲᠠ ᠪᠠᠯᠭᠠᠰᠤ ᠶᠢ ᠪᠠᠶᠢᠩᠭᠤ ᠰᠠᠭᠤᠭ᠎ᠠ ᠭᠠᠵᠠᠷ ᠢᠶᠠᠷ ᠳᠠᠩᠰᠠᠯᠠᠨ ᠲᠡᠮᠳᠡᠭᠯᠡᠭᠦᠯᠦᠭᠰᠡᠨ | ᠠᠵᠢᠯ ᠠᠯᠳᠠᠭᠰᠠᠳ ︵ᠬᠥᠳᠡᠭᠡ ᠲᠣᠰᠬᠤᠨ ᠠᠴᠠ ᠬᠤᠲᠠ ᠣᠷᠣᠵᠤ ᠬᠦᠴᠦ ᠶᠠᠪᠤᠭᠰᠠᠳ ᠪᠠ ᠲᠤᠰ ᠭᠠᠵᠠᠷ ᠤᠨ | ᠪᠤᠰᠤ ᠡᠷᠦᠬᠡ ᠠᠮᠠ ᠲᠠᠢ ᠪᠤᠰᠤᠳ ᠬᠥᠮᠦᠰ ᠪᠠᠭᠲᠠᠨ᠎ᠠ︶ ᠢ ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠦᠯᠦᠭᠰᠡᠨ | ᠠᠵᠢᠯ ᠠᠯᠳᠠᠭᠰᠠᠳ ᠢᠶᠠᠷ ᠪᠦᠷᠢᠳᠭᠡᠬᠦ ᠬᠡᠪᠴᠢᠶᠡᠨ ᠳᠤ ᠣᠷᠣᠭᠤᠯᠵᠤ᠂ ᠡᠯ᠎ᠡ ᠲᠥᠷᠥᠯ ᠤᠨ ᠣᠯᠠᠨ ᠨᠡᠶᠢᠲᠡ ᠶᠢᠨ | ᠠᠵᠢᠯ ᠣᠯᠭᠤᠬᠤ ᠦᠢᠯᠡᠴᠢᠯᠡᠭᠡᠨ ᠢ ᠬᠦᠷᠲᠡᠭᠡᠬᠦ ᠬᠡᠷᠡᠭᠲᠡᠢ᠂ ᠬᠥᠮᠦᠨ ᠪᠠ ᠡᠷᠦᠬᠡ ᠠᠮᠠ ᠨᠢ ᠰᠠᠯᠤᠩᠬᠢᠷᠠᠭᠰᠠᠨ ᠪᠠ | ᠡᠷᠦᠬᠡ ᠠᠮᠠ ᠨᠢ ᠲᠣᠰ ᠭᠠᠵᠠᠷ ᠤᠨ ᠪᠢᠰᠢ ᠵᠡᠷᠭᠡ ᠰᠢᠯᠲᠠᠭᠠᠨ ᠢᠶᠠᠷ ᠬᠦᠯᠢᠶᠡᠨ ᠠᠪᠴᠤ ᠭᠦᠢᠴᠡᠳᠬᠡᠬᠦ ᠦᠭᠡᠢ ᠪᠠᠶᠢᠵᠤ | ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ | ᠂ ᠲᠤᠭ᠎ᠠ ᠪᠦᠷᠢᠳᠬᠡᠯ ᠤᠨ ᠲᠣᠪᠴᠢᠶ᠎ᠠ ᠬᠠᠮᠵᠢᠯᠴᠠᠨ᠎ᠠ︶ ᠠᠷᠪᠠ᠂ ᠠᠵᠢᠯ ᠣᠯᠭᠤᠬᠤ ᠠᠵᠢᠯ ᠤᠨ ᠬᠠᠷᠢᠭᠤᠴᠠᠯᠭ᠎ᠠ ᠶᠢ | ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠢ ︵ᠬᠤᠷᠢᠨ ᠨᠠᠢᠮᠠ︶ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠨᠥᠯᠥᠭᠡ ᠶᠢ ᠠᠷᠭᠠᠴᠠᠭᠠᠨ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠪᠠᠨ ᠨᠠᠩ ᠳᠣᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠢ ᠱᠠᠯᠠᠪᠳᠠᠨ ᠬᠢᠵᠦ ᠪᠣᠳᠠᠲᠠᠶ ᠪᠥᠭᠡᠳ ᠨᠠᠷᠢᠯᠢᠭ ᠠᠳᠬᠤᠬᠤ | ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ | ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠪᠡᠯᠡ ᠮᠦᠩᠬᠦᠨ ᠤ ᠪᠠᠲᠤᠯᠠᠭ᠎ᠠ ᠶᠢ ᠴᠢᠩᠭᠠᠷᠠᠭᠤᠯᠤᠨ | ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠂ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠪᠠᠨ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠵᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ | ᠠᠵᠢᠯ ᠣᠯᠭᠤᠯᠲᠠ ᠶᠢᠨ ᠠᠵᠢᠯ ᠶᠠᠪᠤᠳᠠᠯ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠨᠢ ᠦᠢᠯᠡᠳᠦᠯ ᠢᠶᠠᠨ ᠭᠦᠢᠴᠡᠳ | ᠪᠠᠳᠠᠷᠠᠭᠤᠯᠤᠨ᠂ ᠡᠯ᠎ᠡ ᠵᠦᠢᠯ ᠤᠨ ᠭᠤᠤᠯᠳᠠᠯᠭ᠎ᠠ ᠲᠠᠢ ᠭᠦᠢᠴᠡᠳᠬᠡᠯ ᠲᠣᠭᠠᠨ ᠤ ᠠᠬᠢᠴᠠ ᠶᠢᠨ ᠪᠠᠶᠢᠳᠠᠯ ᠢ ᠮᠥᠷᠳᠡᠨ | ᠲᠣᠬᠢᠷᠠᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ | ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ᠂ ᠡᠵᠡᠩᠨᠡᠨ ᠬᠤᠳᠠᠯᠳᠤᠭᠠᠯᠠᠬᠤ ᠵᠡᠷᠭᠡ ᠲᠥᠷᠥ ᠶᠢᠨ ᠪᠣᠳᠣᠯᠭ᠎ᠠ | ᠬᠢᠭᠡᠳ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠬᠠᠮᠵᠢᠯᠴᠠᠬᠤ ᠶᠢ ᠴᠢᠩᠭᠠᠳᠬᠠᠨ᠂ ᠣᠷᠣᠨ ᠳᠠᠶᠠᠭᠠᠷ ᠲᠤ | ᠠᠵᠢᠯ ᠣᠯᠭᠤᠯᠲᠠ ᠶᠢ ᠴᠢᠬᠤᠯᠠᠴᠢᠯᠠᠬᠤ᠂ ᠠᠵᠢᠯ ᠣᠯᠭᠤᠯᠲᠠ ᠶᠢ ᠳᠡᠮᠵᠢᠬᠦ᠂ ᠠᠵᠢᠯ ᠣᠯᠭᠤᠯᠲᠠ ᠶᠢ ᠠᠬᠢᠭᠤᠯᠬᠤ | ᠠᠵᠢᠯ ᠤᠨ ᠪᠠᠶᠢᠷᠢᠰᠢᠯ ᠢ ᠠᠬᠢᠭᠤᠯᠤᠨ ᠪᠣᠶ ᠪᠣᠯᠭᠠᠬᠤ ᠬᠡᠷᠡᠭᠲᠡᠢ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠤᠰᠬᠠᠶ ᠠᠵᠢᠯ ᠤᠨ ᠪᠦᠷᠢᠯᠳᠦᠬᠦᠨ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ 2020 ᠣᠨ ᠤ 5 ᠳ᠋ᠤᠭᠠᠷ ᠰᠠᠷ᠎ᠠ ᠶᠢᠨ 9 ᠤ ᠡᠳᠦᠷ ︵ᠲᠣᠰ ᠪᠢᠴᠢᠭ ᠮᠠᠲ᠋ᠧᠷᠢᠶᠠᠯ ᠢ ᠢᠯᠡ | ᠨᠡᠶᠢᠲᠡᠯᠡᠨ᠎ᠡ︶ | | | | | | | |