ᠯᠢᠨᠰᠢ ᠰᠢᠶᠠᠨ 2020 ᠣᠨ ᠤ ︽ᠠᠶᠤᠯᠭᠦᠶ ᠦᠶ᠋ᠯᠡᠳᠪᠦᠷᠢᠯᠡᠯ ᠤᠨ ᠰᠠᠷ᠎ᠠ︾᠂ ︽ᠠᠶᠤᠯᠭᠦᠶ ᠦᠶ᠋ᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2020-06-04
ᠯᠢᠨᠰᠢ ᠰᠢᠶᠠᠨ 2020 ᠣᠨ ᠤ ︽ᠠᠶᠤᠯᠭᠦᠶ ᠦᠶ᠋ᠯᠡᠳᠪᠦᠷᠢᠯᠡᠯ ᠤᠨ ᠰᠠᠷ᠎ᠠ︾᠂ ︽ᠠᠶᠤᠯᠭᠦᠶ ᠦᠶ᠋ᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ      ᠡᠨᠡ ᠵᠢᠯ ᠤᠨ 6 ᠰᠠᠷ᠎ᠠ ᠪᠣᠯ ᠪᠥᠬᠦ ᠤᠯᠤᠰ ᠤᠨ 19 ᠳ᠋ᠦᠭᠡᠷ ︽ᠠᠶᠤᠯᠭᠦᠶ ᠦᠶ᠋ᠯᠡᠳᠪᠦᠷᠢᠯᠡᠯ ᠤᠨ ᠰᠠᠷ᠎ᠠ︾ ᠪᠤᠯᠤᠨ᠎ᠠ᠃ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 6 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠯᠢᠨᠰᠢ ᠰᠢᠶᠠᠨ ᠤ ᠴᠦᠨ ᠯᠸᠢ ᠠᠭᠤᠳᠠᠮ ᠲᠠᠯᠠᠪᠠᠶ ᠳᠤ ︽ᠠᠶᠤᠯᠭᠦᠶ ᠦᠶ᠋ᠯᠡᠳᠪᠦᠷᠢᠯᠡᠯ ᠤᠨ ᠰᠠᠷ᠎ᠠ︾ ᠪᠠ ︽ᠠᠶᠤᠯᠭᠦᠶ  ᠦᠢᠯᠡᠳᠪᠤᠷᠢᠯᠡᠯ  ᠤᠨ ᠲᠦᠮᠡᠨ ᠭᠠᠵᠠᠷ ᠤᠨ ᠠᠶᠠᠯᠠᠯ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠪᠤᠰᠤᠳ ᠠᠶᠤᠯᠭᠦᠶ  ᠦᠢᠯᠡᠳᠪᠤᠷᠢᠯᠡᠯ  ᠵᠥᠪᠯᠡᠯ ᠤᠨ ᠪᠦᠷᠢᠯᠳᠦᠬᠦᠨ   ᠨᠢᠭᠡᠴᠡ ᠶᠢᠨ ᠠᠵᠢᠯᠲᠠᠨ᠂ ᠠᠵᠤ ᠠᠬᠤᠶᠢᠯᠠᠯ ᠤᠨ ᠲᠥᠯᠥᠭᠡᠯᠡᠭᠴᠢ ᠨᠡᠷ ᠠᠵᠢᠯᠯᠠᠭ᠎ᠠ ᠳᠤ ᠣᠷᠣᠯᠴᠠᠪᠠ᠃    ᠡᠬᠢᠯᠡᠬᠦ ᠶᠣᠰᠣᠯᠠᠯ ᠳᠤᠮᠳᠠ᠂ ᠯᠢᠨᠰᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠪᠴᠢᠶᠠᠨ ᠤ ᠭᠤᠤᠯ ᠤᠳᠤᠷᠢᠳᠤᠯᠭ᠎ᠠ ︽ᠠᠶᠤᠯ ᠦᠭᠡᠶ ᠦᠢᠯᠡᠳᠪᠤᠷᠢᠯᠡᠯ ᠤᠨ ᠰᠠᠷ᠎ᠠ︾᠂ ︽ᠠᠶᠤᠯ ᠦᠭᠡᠶ ᠦᠶ᠋ᠯᠡᠳᠪᠦᠷᠢᠯᠡᠯ ᠤᠨ ᠲᠦᠮᠡᠨ ᠭᠠᠵᠠᠷ ᠤᠨ ᠠᠶᠠᠨ  ︾ ᠠᠵᠢᠯᠯᠠᠭ᠎ᠠ ᠶᠢᠨ  ᠭᠡᠷᠡᠭᠵᠢᠬᠦᠯᠬᠦ  ᠲᠥᠰᠦᠯ ᠢ ᠤᠩᠰᠢᠨ ᠨᠡᠶᠢᠲᠡᠯᠡᠵᠦ᠂ ᠯᠢᠨᠰᠢ ᠰᠢᠶᠠᠨ ᠤ ᠠᠶᠤᠯ ᠦᠭᠡᠶ ᠦᠶ᠋ᠯᠡᠳᠪᠦᠷᠢᠯᠡᠯ ᠤᠨ ᠵᠥᠪᠯᠡᠯ ᠤᠨ ᠤᠳᠤᠷᠢᠳᠤᠯᠭ᠎ᠠ ᠳᠠᠶᠢᠴᠢᠯᠠᠯᠲᠠ ᠶᠢᠨ ᠶᠠᠷᠢᠶ᠎ᠠ ᠲᠠᠯᠪᠢᠵᠠᠶ ᠃ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠠᠵᠤ ᠠᠬᠤᠶᠢᠯᠠᠯ ᠤᠨ ᠪᠣᠳᠠᠲᠤ ᠪᠠᠶᠢᠳᠠᠯ ᠲᠠᠢ  ᠤᠶᠠᠯᠳᠠᠭᠤᠯᠤᠨ ᠠᠶᠤᠯᠭᠦᠶ ᠦᠶ᠋ᠯᠡᠳᠪᠦᠷᠢᠯᠡᠯ ᠤᠨ ᠲᠣᠭᠤᠷᠢᠨ ᠳᠤ ᠣᠪᠣᠷ ᠢᠶᠠᠨ ᠢᠯᠡᠳᠬᠡᠬᠦ ᠴᠢᠨᠠᠷᠲᠠᠶ ᠶᠠᠷᠢᠶ᠎ᠠ ᠲᠠᠯᠪᠢᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽ᠠᠳᠡᠯ ᠤᠨ ᠳᠠᠯᠳᠠ ᠬᠡᠮ ᠢ ᠠᠷᠢᠯᠭᠠᠵᠤ᠂ ᠠᠮᠤᠷ ᠲᠦᠪᠰᠢᠨ ᠤ  ᠰᠡᠷᠭᠡᠶᠢᠯᠡᠯᠳᠡ  ᠶᠢᠨ ᠱᠤᠭᠤᠮ ᠢ ᠪᠠᠲᠤ ᠴᠣᠭᠴᠠᠯᠠᠬᠤ︾ ᠭᠤᠤᠯ ᠰᠡᠳᠦᠪᠲᠦ ᠵᠢᠷᠤᠭ ᠤᠨ ᠦᠵᠡᠰᠬᠦᠯᠡᠩ᠂ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢᠨ ᠦᠵᠡᠭᠦᠯᠦᠯᠭᠡ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠮᠦᠷ ᠲᠦᠪᠰᠢᠨ ᠤ ᠤᠬᠠᠭᠤᠯᠭ᠎ᠠ ᠶᠢᠨ ᠵᠥᠪᠯᠡᠯᠭᠡ ᠥᠭᠬᠦ᠂ ᠠᠶᠤᠯ ᠥᠬᠡᠶ ᠦᠶ᠋ᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠵᠡᠷᠭᠡ ᠰᠢᠷᠢᠰ ᠠᠵᠢᠯᠯᠠᠭ᠎ᠠ ᠶᠢ ᠪᠠᠶᠢᠷᠢᠯᠠᠭᠤᠯᠪᠠ᠃ ᠭᠤᠤᠯ ᠰᠡᠳᠦᠪᠲᠦ ᠬᠡᠷᠡᠯ ᠵᠢᠷᠤᠭ ᠤᠨ ᠦᠵᠡᠰᠬᠦᠯᠡᠩ ᠨᠢ ᠣᠯᠠᠨ ᠲᠦᠮᠡᠨ ᠤ ᠠᠩᠬᠠᠷᠤᠯ  ᠢ ᠲᠠᠲᠠᠵᠤ᠂ ᠲᠤᠬᠠᠶ ᠶᠢᠨ ᠲᠠᠯᠠᠪᠠᠶ ᠳᠤ ᠳᠡᠯᠭᠡᠨ ᠦᠵᠡᠭᠦᠯᠦᠭᠰᠡᠨ ᠪᠠᠴᠢᠮ ᠪᠠᠶᠢᠳᠠᠯ ᠢ ᠠᠷᠭᠠᠴᠠᠬᠤ ᠲᠣᠨᠤᠭ    ᠲᠦᠭᠦᠭᠡᠷᠡᠮᠵᠢ  ᠪᠣᠯᠤᠨ ᠠᠪᠤᠷᠠᠨ ᠲᠤᠰᠠᠯᠠᠬᠤ ᠣᠨᠴᠠ ᠲᠥᠷᠥᠯ ᠤᠨ ᠲᠡᠷᠭᠡ ᠬᠥᠰᠬᠡ ᠶᠢ ᠬᠤᠲᠠ ᠶᠢᠨ ᠠᠷᠠᠳ ᠤᠨ  ᠦᠨᠳᠤᠷ ᠦᠨᠡᠯᠯᠡᠳᠡ  ᠶᠢ ᠣᠯᠵᠠᠶ᠃    ᠡᠨᠡ ᠤᠳᠠᠭᠠᠨ ᠤ ᠡᠬᠢᠯᠡᠯᠲᠡ ᠶᠢᠨ ᠶᠣᠰᠣᠯᠠᠯ ᠳᠤ᠂  ᠣᠯᠠᠨ ᠲᠦᠮᠡᠨ ᠲᠠᠢ  ᠨᠡᠩ ᠣᠢᠷᠠᠳᠬᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠤᠨ ᠣᠯᠠᠨ ᠨᠡᠶᠢᠲᠡ ᠶᠢᠨ ᠠᠶᠤᠯᠭᠦᠶ ᠤᠨ ᠦᠢᠯᠡᠳᠪᠤᠷᠢᠯᠡᠯ  ᠰᠠᠷ᠎ᠠ ᠶᠢᠨ ᠠᠵᠢᠯᠯᠠᠭ᠎ᠠ ᠶᠢ  ᠦᠢᠯᠭᠠᠬᠤ  ᠬᠡᠮᠵᠢᠶ᠎ᠡ ᠪᠣᠯᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠬᠥᠮᠦᠨ ᠪᠦᠬᠦᠨ ᠠᠮᠤᠷ ᠲᠦᠪᠰᠢᠨ ᠢ  ᠦᠢᠯᠭᠠᠨ᠂ ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠠᠶ᠃ ᠠᠶᠤᠯᠭᠦᠶ ᠦᠶ᠋ᠯᠡᠳᠪᠦᠷᠢᠯᠡᠯ ᠤᠨ ᠬᠢᠷᠢ ᠲᠦᠪᠰᠢᠨ ᠤ ᠳᠡᠭᠡᠭᠰᠢᠯᠡᠯᠲᠡ ᠪᠠ ᠠᠶᠤᠯᠭᠦᠶ ᠦᠶ᠋ᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠪᠠ᠃ ᠯᠢᠨᠰᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ︽ᠠᠳᠡᠯ ᠤᠨ ᠳᠠᠯᠳᠠ ᠭᠡᠮ ᠢ ᠠᠷᠢᠯᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾ ᠭᠤᠤᠯ ᠰᠡᠳᠦᠪ ᠤᠨ ᠲᠣᠭᠤᠷᠢᠨ ᠳᠤ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠵᠥᠪᠯᠡᠯᠭᠡ ᠥᠭᠬᠦ᠂ ᠠᠶᠤᠯᠭᠦᠶ ᠦᠢᠯᠡᠳᠪᠤᠷᠢᠯᠡᠯ   ᠤᠨ ᠭᠤᠤᠯ ᠰᠡᠳᠦᠪ ᠢ ᠤᠬᠠᠭᠤᠯᠤᠨ ᠲᠠᠶᠢᠯᠪᠤᠷᠢᠯᠠᠬᠤ ᠵᠡᠷᠭᠡ ᠠᠯᠢ ᠣᠯᠠᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠬᠦ ᠪᠣᠯᠤᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号