︽  ᠵᠢᠷᠭᠤᠭ᠎ᠠ ᠶᠢ ᠲᠣᠭᠲᠠᠪᠤᠷᠢᠵᠢᠭᠤᠯᠵᠤ︾ ︽ᠵᠢᠷᠭᠤᠭ᠎ᠠ ᠶᠢ ᠪᠠᠲᠤᠯᠠᠬᠤ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠤᠯᠪᠣᠭᠳᠠᠯ ᠪᠥᠬᠦᠶ ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠶᠢ ᠴᠤᠭᠯᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020-06-05
 ︽  ᠵᠢᠷᠭᠤᠭ᠎ᠠ ᠶᠢ ᠲᠣᠭᠲᠠᠪᠤᠷᠢᠵᠢᠭᠤᠯᠵᠤ︾ ︽ᠵᠢᠷᠭᠤᠭ᠎ᠠ ᠶᠢ ᠪᠠᠲᠤᠯᠠᠬᠤ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠤᠯᠪᠣᠭᠳᠠᠯ ᠪᠥᠬᠦᠶ ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠶᠢ ᠴᠤᠭᠯᠠᠭᠤᠯᠬᠤ ᠲᠤᠬᠠᠶ ᠠᠯᠪᠠᠨ ᠵᠠᠷ    ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠤᠳ ᠤᠨ ᠬᠢᠵᠢᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠤᠷᠢᠳᠠᠯ ᠳᠣᠤᠷ᠎ᠠ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠬᠤ︾ ᠲᠠᠪᠴᠠᠩ ᠨᠢ ᠲᠣᠰ ᠡᠳᠦᠷ ᠠᠴᠠ ᠡᠬᠢᠯᠡᠨ ᠨᠡᠶᠢᠭᠡᠮ ᠨᠡᠶᠢᠲᠡ ᠠᠴᠠ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠶᠢ ᠴᠤᠭᠯᠠᠭᠤᠯᠬᠤ ᠪᠠᠷ ᠪᠣᠯᠪᠠ᠃ ᠡᠭᠦᠨ ᠳᠤ ᠨᠢᠭᠡ ᠳᠤ ᠵᠠᠬ᠎ᠠ ᠳᠡᠯᠭᠡᠭᠦᠷ ᠤᠨ ᠭᠤᠤᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠵᠠᠬ᠎ᠠ ᠳᠡᠯᠭᠡᠭᠦᠷ ᠢᠶᠠᠨ ᠰᠡᠷᠭᠦᠭᠡᠵᠦ ᠡᠵᠡᠩᠨᠡᠯᠲᠡ ᠪᠠᠨ ᠰᠡᠷᠭᠦᠭᠡᠬᠦ ᠪᠠ ᠠᠵᠤ ᠠᠬᠤᠶᠢᠯᠠᠯ ᠤᠨ ᠬᠦᠴᠢᠷᠳᠡᠯ ᠢ ᠲᠠᠶᠢᠯᠵᠤ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠦᠷᠲᠡᠭᠡᠯ ᠢ ᠨᠠᠶᠢᠳᠠᠪᠤᠷᠢᠵᠢᠭᠤᠯᠵᠤ ᠪᠠᠶᠢᠭ᠎ᠠ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ︔ ᠬᠤᠶᠠᠷ ᠲᠤ ᠠᠷᠠᠳ ᠣᠯᠠᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠦᠷᠲᠡᠭᠡᠯ ᠢ ᠨᠠᠶᠢᠳᠠᠪᠤᠷᠢᠵᠢᠭᠤᠯᠵᠤ ᠪᠠᠶᠢᠭ᠎ᠠ ᠵᠡᠷᠭᠡ ᠲᠠᠯ᠎ᠠ ᠪᠠᠷ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ︔ ᠭᠤᠷᠪᠠ ᠳᠤ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ ᠲᠣᠬᠢᠷᠠᠭᠤᠯᠤᠨ ᠪᠦᠷᠢᠨᠰᠢᠭᠯᠦᠬᠦ᠂ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ ᠰᠠᠨᠠᠭᠤᠯᠭ᠎ᠠ︔ ᠳᠥᠷᠪᠡ ᠳᠤ ᠬᠤᠯᠪᠣᠭᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠳᠤᠮᠳᠠ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠠᠵᠢᠯ ᠬᠢᠵᠦ ᠴᠢᠳᠠᠬᠤ ᠦᠭᠡᠢ᠂ ᠳᠤᠷ᠎ᠠ ᠪᠠᠷ ᠢᠶᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠳᠤᠷ᠎ᠠ ᠵᠣᠷᠢᠭ ᠢᠶᠠᠷ ᠢᠶᠠᠨ ᠬᠠᠤᠯᠢ ᠬᠡᠷᠡᠭᠵᠢᠭᠦᠯᠬᠦ᠂ ᠬᠠᠷᠢᠯᠴᠠᠨ ᠲᠦᠯᠬᠢᠯᠴᠡᠬᠦ᠂ ᠠᠮᠠ ᠬᠠᠭᠠᠵᠤ ᠠᠯᠪᠠ ᠬᠠᠰᠢᠬᠤ ᠵᠢᠴᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠣᠷᠣᠰᠢᠵᠤ ᠪᠠᠶᠢᠬᠤ ᠵᠡᠷᠭᠡ ᠠᠰᠠᠭᠤᠳᠠᠯ ᠤᠨ ᠰᠦᠪᠡᠭᠴᠢ ᠪᠠᠭᠲᠠᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠬᠦᠯᠢᠶᠡᠨ ᠠᠪᠤᠭᠰᠠᠨ ᠠᠰᠠᠭᠤᠳᠠᠯ ᠤᠨ ᠰᠦᠪᠡᠭᠴᠢ ᠪᠣᠯᠤᠨ ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠨ ᠡᠮᠬᠢᠳᠬᠡᠵᠦ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠰᠤᠳᠤᠯᠤᠨ ᠰᠢᠢᠳᠪᠦᠷᠢᠯᠡᠭᠦᠯᠵᠦ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠠᠷᠠᠳ ᠣᠯᠠᠨ ᠤ ᠬᠦᠴᠢᠷᠳᠡᠯ ᠢ ᠦᠨᠡᠨ ᠬᠦ ᠰᠢᠢᠳᠪᠦᠷᠢᠯᠡᠵᠦ ᠥᠭᠭᠦᠨ᠎ᠡ᠃ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠪᠤᠶᠤ ᠪᠤᠳᠠᠲᠠᠶᠢᠵᠢᠭᠤᠯᠤᠭᠰᠠᠨ ᠦᠭᠡᠢ᠂ ᠨᠡᠶᠢᠭᠡᠮ ᠤᠨ ᠲᠤᠰᠬᠠᠯ ᠴᠢᠩᠭ᠎ᠠ ᠪᠠᠶᠢᠬᠤ ᠪᠠ ᠨᠡᠶᠢᠳᠡᠮ ᠤᠨ ᠴᠢᠨᠠᠷᠲᠠᠶ ᠪᠠ ᠨᠡᠶᠢᠲᠡᠯᠢᠭ ᠴᠢᠨᠠᠷᠲᠠᠶ ᠴᠢᠬᠤᠯᠠ ᠠᠰᠠᠭᠤᠳᠠᠯ ᠤᠨ ᠰᠦᠪᠡᠭᠴᠢ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠢᠮᠳᠠᠭᠤᠯᠤᠨ ᠪᠠᠶᠢᠴᠠᠭᠠᠬᠤ ᠲᠠᠰᠤᠭ ᠰᠢᠭᠤᠳ ᠬᠥᠮᠦᠨ ᠲᠣᠮᠢᠯᠠᠨ ᠰᠢᠮᠳᠠᠭᠤᠯᠤᠨ ᠪᠠᠶᠢᠴᠠᠭᠠᠨ᠎ᠠ᠃ ᠪᠠᠶᠢᠴᠠᠭᠠᠭᠠᠳ ᠦᠨᠡᠨ ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃                             ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ                             2020 ᠣᠨ ᠤ 6 ᠳ᠋ᠤᠭᠠᠷ ᠰᠠᠷ᠎ᠠ ᠶᠢᠨ 1 ᠤ ᠡᠳᠦᠷ
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号