ᠯᠢᠨᠰᠢ  ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠠᠯᠠᠰᠢᠨ ᠦᠬᠡᠷ ᠤᠨ ᠠᠵᠢᠯ ᠲᠥᠷᠥᠯ ᠤᠨ ᠬᠠᠮᠲᠤᠷᠠᠭᠰᠠ ᠴᠣᠭᠴᠠ ᠶᠢ ᠨᠢᠭᠡ ᠴᠣᠭᠴᠠᠵᠢᠭᠤᠯᠤᠨ ᠠᠬᠢᠭᠤᠯᠬᠤ ᠬᠤᠷᠠᠯ ᠵᠢᠴᠢ ᠯᠠᠯᠤ ᠶᠢᠨ ᠠᠯᠠᠰᠢᠨ ᠮᠢᠬᠠᠨ ᠤ ᠬᠤᠨᠢ ᠢᠮᠠᠭ᠎ᠠ  ᠨᠢᠳᠦᠯᠡᠵᠤ ᠡᠳ᠋ᠰᠢᠭᠦᠯᠵᠦ ᠶᠠᠳᠠᠭᠤ ᠶᠢ ᠲᠡᠳᠬᠦᠬᠦ ᠬᠠᠮᠲᠤᠷᠠᠯᠴᠠᠭᠠᠨ ᠤ ᠲᠥᠷᠥᠯ  ᠵᠦᠢᠯ ᠤᠨ ᠬᠠᠮᠲᠤᠷᠠᠭᠰᠠᠨ ᠨᠠᠮ ᠤᠨ ᠡᠭᠦᠷ  ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-06-08
 ᠯᠢᠨᠰᠢ  ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠠᠯᠠᠰᠢᠨ ᠦᠬᠡᠷ ᠤᠨ ᠠᠵᠢᠯ ᠲᠥᠷᠥᠯ ᠤᠨ ᠬᠠᠮᠲᠤᠷᠠᠭᠰᠠ ᠴᠣᠭᠴᠠ ᠶᠢ ᠨᠢᠭᠡ ᠴᠣᠭᠴᠠᠵᠢᠭᠤᠯᠤᠨ ᠠᠬᠢᠭᠤᠯᠬᠤ ᠬᠤᠷᠠᠯ ᠵᠢᠴᠢ ᠯᠠᠯᠤ ᠶᠢᠨ ᠠᠯᠠᠰᠢᠨ ᠮᠢᠬᠠᠨ ᠤ ᠬᠤᠨᠢ ᠢᠮᠠᠭ᠎ᠠ  ᠨᠢᠳᠦᠯᠡᠵᠤ ᠡᠳ᠋ᠰᠢᠭᠦᠯᠵᠦ ᠶᠠᠳᠠᠭᠤ ᠶᠢ ᠲᠡᠳᠬᠦᠬᠦ ᠬᠠᠮᠲᠤᠷᠠᠯᠴᠠᠭᠠᠨ ᠤ ᠲᠥᠷᠥᠯ  ᠵᠦᠢᠯ ᠤᠨ ᠬᠠᠮᠲᠤᠷᠠᠭᠰᠠᠨ ᠨᠠᠮ ᠤᠨ ᠡᠭᠦᠷ  ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠪᠠ    6 ᠳ᠋ᠤᠭᠠᠷ ᠰᠠᠷ᠎ᠠ ᠶᠢᠨ 4 ᠤ ᠡᠳᠦᠷ᠂ ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰᠵᠢᠭᠦᠯᠦᠯᠳᠡ  ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ  ᠶᠢ  ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ   ᠲᠦᠷᠭᠡᠳᠬᠡᠬᠦ ᠶᠢᠨ ᠲᠦᠯᠦᠭᠡ  ᠂ ᠯᠢᠨᠰᠢ ᠰᠢᠶᠠᠨ   ᠤ  ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠠᠯᠠᠰᠢᠨ ᠦᠬᠡᠷ ᠤᠨ ᠠᠵᠢᠯ ᠲᠥᠷᠥᠯ ᠤᠨ  ᠬᠠᠮᠳᠤᠷᠠᠨ ᠨᠢᠭᠡ ᠴᠣᠭᠴᠠᠵᠢᠨ ᠠᠬᠢᠭᠤᠯᠬᠤ ᠬᠤᠷᠠᠯ ᠵᠢᠴᠢ ᠯᠠᠯᠤ ᠶᠢᠨ ᠮᠢᠬᠠᠨ ᠤ ᠦᠬᠡᠷ ᠬᠤᠨᠢ ᠢᠮᠠᠭ᠎ᠠ  ᠮᠢᠬ᠎ᠠ  ᠡᠳᠡᠰᠢᠭᠦᠯᠵᠤ ᠶᠠᠳᠠᠭᠤ ᠶᠢ ᠲᠡᠳᠬᠦᠬᠦ ᠬᠠᠮᠲᠤᠷᠠᠯᠴᠠᠭᠠᠨ ᠤ ᠲᠥᠷᠥᠯ ᠵᠦᠶ᠋ᠯ ᠤᠨ ᠬᠠᠮᠲᠤᠷᠠᠭᠰᠠᠨ ᠨᠠᠮ ᠤᠨ ᠡᠭᠦᠷ  ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠴᠤᠸᠠᠨ ᠯᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠠᠮᠲᠤᠷᠠᠭᠰᠠᠨ ᠨᠠᠮ ᠤᠨ ᠡᠭᠦᠷ ᠪᠠᠶᠢᠭᠤᠯᠤᠭᠳᠠᠭᠰᠠᠨ ᠴᠣᠬᠤᠯᠠᠪᠤᠷᠢ ᠶᠢ ᠤᠩᠰᠢᠨ ᠨᠡᠶᠢᠲᠡᠯᠡᠪᠡ᠃  ᠬᠠᠮᠲᠤᠷᠠᠭᠰᠠᠨ‌ᠨᠠᠮ ᠤᠨ ᠡᠭᠦᠷ ᠤᠨ ᠱᠦᠵᠢ ᠵᠠᠩ ᠴᠤᠸᠠᠨ ᠯᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠳᠠᠷᠠᠭ᠎ᠠ ᠨᠢ᠂ ᠪᠡᠭᠡᠵᠢᠩ ᠤᠨ ᠡᠯ ᠱᠠᠩ ᠮᠢᠬᠠᠨ ᠤ ᠲᠥᠷᠥᠯ ᠤᠨ ᠢᠳᠡᠭᠡᠨ ᠤ ᠪᠦᠯᠦᠭᠯᠡᠯ ᠤᠨ ᠬᠠᠮᠢᠶ᠎ᠠ ᠪᠥᠬᠦᠶ  ᠬᠠᠷᠢᠭᠤᠴᠠᠯᠭᠠᠳᠠᠨ ᠪᠡᠭᠡᠵᠢᠩ ᠤᠨ ᠮᠥ ᠰᠢᠶᠠᠩ ᠶᠤᠸᠠᠨ ᠺᠣᠮᠫᠠᠨᠢ ᠠᠴᠠ ᠲᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ 15 ᠶᠠᠳᠠᠭᠤ ᠬᠦᠴᠢᠷᠳᠡᠯᠲᠡᠶ ᠡᠷᠦᠬᠡ ᠶᠢ  ᠡᠯᠰᠡᠨ  ᠤᠷᠢᠵᠤ   ᠬᠡᠷᠡᠭᠯᠡᠬᠦ  ᠠᠵᠢᠯ  ᠤᠨ  ᠲᠤᠬᠠᠢ  ᠲᠠᠨᠢᠯᠴᠠᠭᠤᠯᠪᠠ᠃ ᠨᠠᠮ ᠤᠨ ᠡᠭᠦᠷ ᠤᠨ ᠪᠦᠬᠦ ᠪᠦᠷᠢᠯᠳᠦᠬᠦᠨ ᠨᠡᠷ  ᠭᠠᠳᠠᠭᠰᠢ  ᠭᠠᠷᠴᠦ  ᠪᠠᠶᠢᠴᠠᠭᠠᠨ ᠰᠤᠷᠤᠯᠴᠠᠬᠤ ᠲᠥᠰᠦᠯ ᠵᠢᠴᠢ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ᠂ ᠠᠵᠤ  ᠦᠢᠯᠡᠰᠵᠢᠭᠦᠯᠦᠯᠳᠡ  ᠶᠢᠨ ᠬᠤᠯᠪᠣᠭᠠᠲᠤ ᠴᠣᠭᠴᠠ ᠶᠢ ᠨᠢᠭᠡ ᠴᠤᠭᠴᠠᠵᠢᠭᠤᠯᠤᠨ ᠠᠬᠢᠭᠤᠯᠬᠤ ᠠᠵᠢᠯ ᠤᠨ  ᠰᠡᠳᠬᠢᠮᠵᠢ  ᠶᠢ ᠰᠤᠳᠤᠯᠤᠨ ᠶᠠᠷᠢᠯᠴᠠᠪᠠ᠃    ︽ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠪᠡᠭᠡᠵᠢᠩ ᠤᠨ ᠡᠯ ᠱᠠᠩ ᠮᠢᠬᠠᠨ ᠤ ᠲᠥᠷᠥᠯ ᠤᠨ ᠢᠳᠡᠭᠡᠨ ᠤ  ᠪᠦᠯᠦᠭᠯᠡᠯ  ᠤᠨ ᠬᠢᠵᠠᠭᠠᠷᠲᠤ ᠺᠣᠮᠫᠠᠨᠢ ᠬᠠᠮᠲᠤᠪᠠᠷ ᠯᠠᠯᠤ ᠶᠢᠨ ᠮᠢᠬᠠᠨ ᠤ ᠬᠤᠨᠢ ᠢᠮᠠᠭ᠎ᠠ  ᠠᠯᠠᠵᠤ ᠨᠢᠳᠦᠯᠡᠨ ᠪᠣᠯᠪᠠᠰᠤᠷᠠᠭᠤᠯᠵᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ  ᠵᠦᠢᠯ︾ ᠢ ᠠᠬᠢᠭᠤᠯᠬᠤ ᠳᠤ ᠨᠠᠮ ᠤᠨ ᠪᠠᠶᠢᠭᠤᠯᠤᠯᠳᠠ‌‍ᠠ ᠶᠢᠨ ᠬᠥᠲᠥᠯᠥᠨ ᠳᠠᠭᠠᠭᠤᠯᠬᠤ  ᠦᠢᠯᠡᠳᠦᠯ  ᠢ ᠭᠦᠶ᠋ᠴᠡᠳ ᠪᠠᠳᠠᠷᠠᠭᠤᠯᠵᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号