ᠸᠠᠩ ᠸᠠᠩ ᠱᠧᠩ ᠬᠠᠷᠠᠴᠢᠨ ᠬᠤᠰᠢᠭᠤ ᠨᠢᠩᠴᠧᠩ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-06-09
 ᠸᠠᠩ ᠸᠠᠩ ᠱᠧᠩ ᠬᠠᠷᠠᠴᠢᠨ ᠬᠤᠰᠢᠭᠤ ᠨᠢᠩᠴᠧᠩ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ      ᠠᠮᠢ ᠠᠬᠤᠢ ᠶᠢ ᠲᠡᠷᠢᠭᠦᠨ ᠳᠤ ᠲᠠᠯᠪᠢᠵᠤ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠪᠠᠲᠤ ᠪᠤᠢ ᠪᠣᠯᠭᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠲᠠ ᠵᠣᠯᠭᠠᠭᠤᠯᠬᠤ ᠶᠢ ᠠᠬᠢᠭᠤᠯᠬᠤ ᠬᠡᠷᠡᠭᠲᠡᠢ 6 ᠰᠠᠷ᠎ᠠ ᠶᠢᠨ 3 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠲᠤᠬᠠᠢ ᠬᠠᠷᠠᠴᠢᠨ ᠬᠤᠰᠢᠭᠤ᠂ ᠨᠢᠩᠴᠧᠩ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠲᠠ ᠵᠣᠯᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠸᠠᠩ ᠸᠠᠩ ᠱᠧᠩ ᠤᠷᠢᠳ ᠬᠤᠵᠢᠳ ᠬᠠᠷᠠᠴᠢᠨ ᠬᠤᠰᠢᠭᠤᠨ ᠤ ᠨᠢᠦ ᠵᠢᠶᠠ ᠶᠢᠩᠽᠢ ᠪᠠᠯᠭᠠᠰᠤᠨ ᠤ ᠷᠦᠩ ᠰᠢᠩ ᠳᠠᠩ ᠡᠮ ᠤᠨ ᠦᠢᠯᠡᠰ ᠤᠨ ᠬᠤᠷᠰᠢᠶ᠎ᠠ᠂ ᠨᠢᠩᠴᠧᠩ ᠰᠢᠶᠠᠨ ᠤ ᠪᠣᠷᠬᠠᠨᠲᠤ ᠪᠠᠯᠭᠠᠰᠤᠨ ᠤ ᠯᠢ ᡁᠢ ᠵᠢᠮᠢᠰ ᠢᠳᠡᠰᠢᠨ ᠨᠣᠭᠤᠭᠠᠨ ᠤ ᠲᠤᠰᠬᠠᠶ ᠬᠤᠷᠰᠢᠶ᠎ᠠ᠂ ᠪᠣᠷᠬᠠᠨᠲᠤ ᠲᠣᠰᠬᠤᠨ ᠤ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠲᠤ ᠬᠦᠷᠴᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠣᠨᠴᠠᠯᠢᠭᠲᠤ ᠭᠤᠤᠯᠯᠠᠬᠤ ᠠᠵᠤ ᠦᠢᠯᠡᠰ ᠢ ᠪᠣᠵᠠᠭᠠᠶᠢᠷᠠᠭᠤᠯᠤᠨ ᠬᠦᠴᠦᠷᠬᠡᠭᠵᠢᠭᠦᠯᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠬᠤ ᠵᠡᠷᠭᠡ ᠠᠵᠢᠯ ᠳᠤ ᠪᠣᠳᠠᠲᠠᠶ ᠵᠢᠯᠣᠭᠤᠳᠬᠤ ᠰᠠᠨᠠᠯ ᠳᠤᠷᠠᠳᠪᠠ᠃ ᠸᠠᠩ ᠸᠠᠩ ᠱᠧᠩ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠣᠯᠬᠤ ᠵᠢᠯ ᠪᠣᠯᠤᠨ᠎ᠠ᠂ ᠡᠯ᠎ᠡ ᠭᠠᠵᠠᠷ ᠣᠷᠣᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ︽ᠡᠴᠦᠰ ᠤᠨ ᠨᠢᠭᠡ ᠺᠢᠯᠣᠮᠧᠳ᠋ᠷ︾ ᠲᠤ ᠰᠢᠪᠲᠤᠯᠤᠯᠲᠠ ᠬᠢᠬᠦ ᠶᠢᠨ ᠬᠠᠮᠲᠤ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠤᠢ ᠵᠢᠮᠢᠰ᠂ ᠪᠡᠯᠡᠳᠭᠡᠮᠵᠢᠳᠤ ᠲᠠᠷᠢᠶᠠᠯᠠᠩ᠂ ᠡᠪᠡᠰᠦᠨ ᠡᠮ ᠲᠠᠷᠢᠵᠤ ᠪᠣᠯᠪᠠᠰᠤᠷᠠᠭᠤᠯᠬᠤ ᠵᠡᠷᠭᠡ ᠠᠵᠤ ᠦᠢᠯᠡᠰ ᠤᠨ ᠣᠨᠴᠠᠯᠢᠭ ᠪᠠ ᠳᠠᠪᠠᠭᠤᠯᠢᠭ ᠢᠶᠠᠨ ᠦᠷᠭᠦᠯᠵᠢᠯᠡᠨ ᠰᠢᠯᠢᠳᠡᠭᠵᠢᠭᠦᠯᠦᠨ ᠪᠤᠶᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠵᠤ ᠦᠢᠯᠡᠰ ᠤᠨ ᠳᠡᠰ ᠳᠠᠪᠬᠤᠷᠭ᠎ᠠ ᠪᠣᠯᠤᠨ ᠠᠭᠤᠯᠬᠤᠨ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠥᠷᠥᠯ ᠵᠦᠢᠯ ᠤᠨ ᠲᠥᠯᠥᠪᠵᠢᠭᠦᠯᠭᠡ ᠶᠢ ᠴᠢᠩᠭᠠᠷᠠᠭᠤᠯᠵᠤ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠨᠡᠷᠡᠲᠦ ᠲᠡᠮᠳᠡᠭ ᠢ ᠡᠭᠦᠳᠬᠦ ᠪᠠᠷ ᠬᠦᠴᠦᠯᠡᠵᠦ᠂ ᠬᠥᠲᠦᠴᠢ ᠠᠵᠤ ᠠᠬᠤᠶᠢᠯᠠᠯ ᠪᠣᠯᠤᠨ ᠮᠠᠯᠵᠢᠬᠤ ᠲᠠᠷᠢᠶᠠᠯᠠᠬᠤ ᠡᠷᠦᠬᠡ ᠶᠢᠨ ᠠᠰᠢᠭ ᠲᠤᠰᠠ ᠶᠢᠨ ᠬᠤᠯᠪᠣᠯᠳᠤᠬᠤ ᠲᠣᠭᠲᠠᠴᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠥᠲᠥᠯᠥᠨ ᠵᠢᠯᠣᠭᠤᠳᠴᠤ ᠪᠠᠶᠢᠭᠠᠳ ᠲᠥᠪᠯᠡᠷᠡᠭᠦᠯᠦᠨ ᠨᠢᠭᠲᠠᠷᠠᠭᠤᠯᠤᠨ ᠡᠷᠴᠢᠮᠵᠢᠭᠦᠯᠦᠨ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠲᠠ ᠵᠣᠯᠭᠠᠭᠤᠯᠬᠤ ᠶᠢ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠪᠣᠯᠤᠨ ᠠᠵᠤ ᠠᠬᠤᠶ ᠶᠢᠨ ᠬᠥᠭᠵᠢᠯᠲᠡ ᠶᠢᠨ ᠬᠤᠤᠰ ᠠᠮᠵᠢᠯᠲᠠ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠸᠠᠩ ᠸᠠᠩ ᠱᠧᠩ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠬᠤ ᠨᠢ ᠮᠠᠨ ᠤ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃ ᠡᠯ᠎ᠡ ᠭᠠᠵᠠᠷ ᠣᠷᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠳᠠᠯᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠤᠳᠤᠷᠢᠳᠤᠮᠵᠢ ᠪᠣᠯᠭᠠᠵᠤ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠥᠪᠯᠡᠷᠡᠭᠦᠯᠦᠨ ᠬᠥᠭᠵᠢᠬᠦ᠂ ᠠᠭᠤᠰᠤᠯᠴᠠᠨ ᠬᠥᠭᠵᠢᠬᠦ ᠰᠢᠨ᠎ᠡ ᠪᠠᠶᠢᠷᠢᠰᠢᠯ ᠢ ᠪᠣᠶ ᠪᠣᠯᠭᠠᠵᠤ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠲᠥᠯᠦᠪᠵᠢᠭᠦᠯᠭᠡ ᠨᠠᠶᠢᠷᠠᠭᠤᠯᠬᠤ ᠶᠢᠨ ᠵᠠᠩᠭᠢᠯᠠᠭ᠎ᠠ ᠪᠣᠯᠭᠠᠬᠤ ᠶᠢ ᠪᠠᠷᠢᠮᠲᠠᠯᠠᠵᠤ᠂ ᠤᠰᠤ ᠪᠠᠷ ᠠᠵᠢᠯ ᠦᠢᠯᠡᠰ ᠤᠨ ᠪᠠᠶᠢᠭᠤᠯᠤᠯᠲᠠ ᠶᠢ ᠲᠣᠭᠲᠠᠭᠠᠵᠤ᠂ ᠤᠰᠤ ᠪᠠᠷ ᠬᠤᠲᠠ ᠶᠢᠨ ᠬᠥᠭᠵᠢᠯᠲᠡ ᠶᠢ ᠲᠣᠭᠲᠠᠭᠠᠵᠤ᠂ ᠤᠰᠤ ᠪᠠᠷ ᠬᠡᠷᠡᠭᠴᠡᠭᠡ ᠱᠠᠭᠠᠷᠳᠠᠯᠭ᠎ᠠ ᠶᠢ ᠲᠣᠭᠲᠠᠭᠠᠵᠤ᠂ ᠤᠰᠤᠨ ᠤ ᠬᠡᠮᠵᠢᠶ᠎ᠡ ᠪᠠᠷ ᠶᠠᠪᠤᠭᠳᠠᠭᠤᠯᠵᠤ᠂ ᠤᠰᠤᠨ ᠤ ᠡᠬᠢ ᠪᠠᠶᠠᠯᠢᠭ ᠢ ᠦᠨᠡᠨᠬᠦ ᠰᠠᠶᠢᠲᠤᠷ ᠬᠡᠷᠡᠭᠯᠡᠵᠦ᠂ ᠤᠰᠤᠨ ᠤ ᠶᠠᠪᠤᠳᠠᠯ ᠢ ᠰᠠᠶᠢᠲᠤᠷ ᠬᠢᠬᠦ ᠬᠡᠷᠡᠭᠲᠡᠶ᠃ ᠠᠯᠤᠰ ᠬᠡᠳᠦ ᠳᠤ ᠰᠠᠭᠤᠷᠢᠯᠠᠨ᠂ ᠨᠡᠶᠢᠲᠡᠯᠢᠭ ᠵᠢᠱᠢᠶ᠎ᠡ ᠶᠢᠨ ᠳᠠᠭᠤᠷᠢᠶᠠᠯ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠨᠢᠭᠡᠳᠦᠭᠦᠯᠬᠦ ᠶᠢ ᠠᠬᠢᠭᠤᠯᠵᠤ᠂ ᠠᠵᠤ ᠦᠢᠯᠡᠰ ᠤᠨ ᠰᠣᠷᠤᠯᠲᠠ ᠴᠢᠳᠠᠪᠤᠷᠢ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠳᠡᠯᠭᠡᠷᠡᠭᠦᠯᠵᠦ ᠯᠠᠪᠯᠠᠯᠲᠠ ᠪᠣᠯᠭᠠᠬᠤ ᠲᠤᠷᠰᠢᠯᠭ᠎ᠠ ᠠᠷᠭ᠎ᠠ ᠪᠠᠷᠢᠯ ᠢ ᠰᠤᠳᠤᠯᠤᠨ ᠳ᠋ᠦᠩᠨᠡᠵᠦ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠯᠠᠪᠳᠠᠭᠤᠨ ᠢᠶᠠᠷ ᠳᠡᠯᠭᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠲᠠ ᠶᠢᠨ ᠳᠡᠳ᠋ ᠳᠠᠷᠤᠭ᠎ᠠ ᠸᠠᠩ ᠭᠦᠸᠧ ᠰᠧᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠸᠠᠩ ᠯᠢ ᠧᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    
 
ᠢᠷᠡᠯᠲᠡ᠄ ᠤᠯᠠᠭᠠᠨᠬᠠᠳᠠ ᠬᠤᠳᠠ  ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号