ᠳ᠋ᠤᠸᠠᠨ ᡁᠢ ᠴᠢᠶᠠᠩ ᠮᠠᠨ ᠤ ᠰᠢᠶᠠᠨ ᠳ᠋ᠤ᠋‌ᠢᠷᠡᠵᠦ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-06-09
ᠳ᠋ᠤᠸᠠᠨ ᡁᠢ ᠴᠢᠶᠠᠩ ᠮᠠᠨ ᠤ ᠰᠢᠶᠠᠨ ᠳ᠋ᠤ᠋‌ᠢᠷᠡᠵᠦ  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ    6 ᠳ᠋ᠤᠭᠠᠷ ᠰᠠᠷ᠎ᠠ ᠶᠢᠨ 6 ᠤ ᠡᠳᠦᠷ ᠠᠴᠠ 7 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠮᠠᠨ  ᠤ ᠰᠢᠶᠠᠨ ᠳᠤ  ᠢᠷᠡᠵᠦ  ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃    ᠳ᠋ᠤᠸᠠᠨ  ᠭᠡᠯᠳᠡᠰ ᠤᠨ ᠲᠠᠷᠤᠭ᠎ᠠ  ᠡᠩ ᠲᠡᠷᠢᠭᠦᠨ ᠳᠤ ᠶᠠᠳᠠᠭᠤ ᠬᠦᠴᠢᠷᠳᠡᠯᠲᠡᠶ ᠡᠷᠦᠬᠡ ᠶᠢ ᠰᠤᠷᠪᠤᠯᠵᠢᠯᠠᠵᠤ᠂ ᠳᠠᠷᠠᠭ᠎ᠠ ᠨᠢ ᠥᠪᠥᠷ ᠮᠣᠩᠭᠤᠯ ᠤᠨ ᠪᠠᠶ ᠬᠤᠶ ᠱᠧᠩ ᠰᠢᠨ᠎ᠡ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠠᠵᠤ ᠠᠬᠤᠶᠢᠯᠠᠯ ᠤᠨ ︽1+4︾ ᠶᠢᠨ ᠠᠰᠢᠭ ᠲᠤᠰᠠ ᠶᠢᠨ  ᠬᠤᠯᠪᠤᠭ᠎ᠠ  ᠶᠢᠨ ᠲᠣᠭᠲᠠᠴᠠ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠭᠠᠭᠤᠯᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠰᠢᠨ ᠯᠢᠨ ᠪᠠᠯᠭᠠᠰᠤᠨ ᠳᠤ᠂ ᠬᠢᠲᠠᠳ ᠡᠪᠡᠰᠦᠨ ᠡᠮ ᠳᠠᠷᠢᠬᠤ ᠰᠠᠭᠤᠷᠢᠨ ᠭᠠᠵᠠᠷ ᠪᠠ ᠢᠳᠡᠭᠡᠨ ᠤ ᠪᠠᠺᠲ᠋ᠧᠷᠢ  ᠦᠷᠡᠵᠢᠭᠦᠯᠦᠨ  ᠬᠤᠳᠠᠯᠳᠤᠵᠤ  ᠶᠠᠳᠠᠭᠤ ᠶᠢ ᠲᠡᠳᠬᠦᠬᠦ ᠠᠵᠤ  ᠦᠢᠯᠡᠰ  ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃   ᠰᠢᠨ ᠴᠧᠩᠽᠢ  ᠳᠤ ᠤᠯᠤᠰ ᠠᠴᠠ ᠲᠡᠰ ᠤᠨ ᠣᠨᠴᠠᠯᠢᠭᠲᠤ ᠵᠢᠵᠢᠭ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ᠃ ᠳ᠋ᠦᠩ ᠲᠠᠶᠢᠽᠢ ᠤᠰᠤᠨ ᠴᠥᠭᠦᠷᠥᠮ ᠤᠨ ᠲᠥᠷᠥᠯ  ᠵᠦᠢᠯ  ᠤᠨ ᠪᠦᠲᠦᠭᠡᠨ ᠪᠠᠶᠢᠭᠤᠯᠤᠯᠲᠠ  ᠳᠤ ᠪᠠᠶᠢᠴᠠᠭᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号