ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2020-07-16
ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠢᠳᠡᠪᠬᠢᠲᠡᠢ ᠴᠢᠩᠭᠠᠳᠬᠠᠵᠤ᠂ ᠨᠡᠶᠢᠲᠡ 529 ᠨᠡᠷᠡᠰ ᠪᠠᠭᠰᠢ ᠶᠢᠨ ᠣᠷᠣᠨ ᠲᠤᠭ᠎ᠠ ᠶᠢ ᠲᠣᠬᠢᠷᠠᠭᠤᠯᠬᠤ ᠭᠠᠷ ᠬᠦᠢᠴᠡᠳᠭᠡᠯ ᠢ ᠬᠦᠢᠴᠡᠳᠭᠡᠵᠦ᠂ 2014 ᠣᠨ ᠤ ᠪᠡᠯᠡᠳᠬᠡᠯ ᠪᠠᠭᠰᠢ ᠶᠢᠨ ᠣᠷᠣᠨ ᠲᠤᠭ᠎ᠠ ᠳᠤ ᠤᠷᠤᠭᠰᠠᠨ ᠥᠬᠡᠶ ᠭᠠᠷ ᠬᠦᠢᠴᠡᠳᠭᠡᠯ ᠪᠠ ᠪᠡᠶ᠎ᠡ ᠶᠢᠨ ᠪᠠᠶᠢᠴᠠᠭᠠᠯᠳᠠ ᠶᠢ ᠵᠣᠬᠢᠶᠠᠨ ᠪᠠᠶᠢᠭᠤᠯᠬᠤ ᠠᠵᠢᠯ ᠢ ᠪᠡᠶᠡᠯᠡᠭᠦᠯᠪᠡ᠃ ᠬᠥᠳᠡᠭᠡ ᠲᠣᠰᠬᠤᠨ ᠤ 1524 ᠪᠠᠭᠰᠢ 1 — 6 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠤ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ ᠶᠢ 275 ᠲᠦᠮᠡᠨ ᠲᠥᠭᠦᠷᠢᠭ ᠲᠠᠷᠬᠠᠭᠠᠪᠠ᠃ 32 ᠪᠠᠭᠰᠢ ᠶᠢᠨ ᠨᠠᠰᠤᠨ ᠤ ᠠᠮᠠᠷᠠᠯᠲᠠ ᠠᠪᠬᠤ ᠭᠠᠷᠳᠠᠮ ᠢ ᠬᠢᠨᠠᠨ ᠵᠥᠪᠰᠢᠶᠡᠷᠡᠪᠡ᠃ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠤᠲᠠᠭᠳᠠᠵᠤ ᠪᠠᠶᠢᠭ᠎ᠠ ᠰᠢᠨᠵᠢᠯᠡᠭᠡᠨ ᠤ ᠪᠠᠭᠰᠢ ᠨᠠᠷ ᠲᠤ ᠪᠦᠷᠢᠳᠬᠡᠯ ᠬᠢᠪᠡ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ 3745 ᠪᠠᠭᠰᠢ ᠠᠵᠢᠯᠲᠠᠨ ᠠᠵᠢᠯᠴᠢᠨ ᠤ 2019 ᠣᠨ ᠤ ᠬᠢᠨᠠᠨ ᠰᠢᠯᠭᠠᠬᠤ ᠠᠵᠢᠯ ᠪᠠ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ 3745 ᠪᠠᠭᠰᠢ ᠠᠵᠢᠯᠳᠠᠨ ᠠᠵᠢᠯᠴᠢᠨ ᠤ ᠲᠤᠰᠢᠶᠠᠯ ᠳᠤ ᠳᠡᠪᠰᠢᠵᠦ ᠴᠠᠯᠢᠩ ᠣᠯᠭᠤᠬᠤ ᠠᠵᠢᠯ ᠢ ᠪᠡᠶᠡᠯᠡᠭᠦᠯᠪᠡ
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ  
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号