2020 ᠣᠨ ᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠬᠤᠭᠤᠴᠠᠭᠠᠨ ᠡᠴᠦᠰ ᠪᠠ ᠵᠣᠨ ᠤ ᠠᠮᠠᠷᠠᠯᠲᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2020/7/20
 ᠤᠯᠠᠭᠠᠨᠬᠠᠲᠠ ᠰᠤᠷᠭᠠᠨ ᠠᠯᠪᠠᠨ ᠦᠰᠦᠭᠲᠦ ︹2020︺ 44 ᠲᠣᠭᠠᠲᠤ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠢᠭᠤᠳ ᠬᠠᠷᠢᠶ᠎ᠠ ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽2020 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠤᠨ ᠤ ᠠᠮᠠᠷᠠᠯᠲᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠣᠨ ᠤ ᠵᠢᠭᠠᠨ ᠰᠤᠷᠭᠠᠯᠲᠠ ᠶᠢᠨ ᠡᠭᠦᠷᠭᠡ ᠶᠢ ᠪᠠᠲᠤᠯᠠᠵᠤ᠂ ᠰᠤᠷᠤᠭᠴᠢᠳ ᠤᠨ ᠵᠤᠨ ᠤ ᠠᠮᠠᠷᠠᠯᠲᠠ ᠶᠢᠨ ᠰᠤᠷᠤᠯᠭ᠎ᠠ ᠠᠮᠢᠳᠤᠷᠠᠯ ᠢ ᠵᠣᠬᠢᠰᠲᠠᠶ ᠲᠣᠬᠢᠷᠠᠭᠤᠯᠵᠤ ᠶᠢᠨ ᠲᠥᠯᠥᠭᠡ᠂ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠴᠠᠭᠠᠨ ᠡᠴᠦᠰ ᠪᠠ ᠵᠤᠨ ᠤ ᠠᠮᠠᠷᠠᠯᠲᠠ ᠶᠢᠨ ᠬᠠᠮᠢᠶ᠎ᠠ ᠪᠦᠬᠦᠢ ᠠᠵᠢᠯ ᠰᠠᠶᠢᠲᠤᠷ ᠬᠢᠬᠦ ᠲᠤᠬᠠᠶ ᠳᠣᠣᠷᠠᠬᠢ ᠮᠡᠲᠦ ᠮᠡᠳᠡᠭᠳᠡᠶ᠎ᠡ᠄ ᠨᠢᠭᠡ᠂ ᠴᠠᠭ ᠬᠤᠭᠤᠴᠠᠭᠠᠨ ᠤ ᠲᠣᠬᠢᠷᠠᠭᠤᠯᠤᠯᠲᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠴᠢᠯᠥᠭᠡ ᠲᠠᠯᠪᠢᠬᠤ ᠴᠠᠭ ᠨᠢ᠂ ᠬᠡᠤᠬᠡᠳ ᠤᠨ ᠴᠡᠴᠡᠷᠯᠢᠭ᠂ ᠨᠢᠭᠡᠳᠦᠭᠡᠷ ᠣᠨ ᠠᠴᠠ ᠳᠣᠯᠣᠳᠤᠭᠠᠷ ᠣᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 7 ᠰᠠᠷ᠎ᠠ ᠶᠢᠨ 15 ᠤ ᠡᠳᠦᠷ ᠠᠴᠠ ᠣᠷᠦ᠋ᠢᠲᠠᠵᠤ ᠪᠣᠯᠬᠤ ᠦᠭᠡᠢ᠃ ᠨᠠᠢᠮᠠ᠂ ᠶᠢᠰᠦᠳᠦᠭᠡᠷ ᠣᠨ ᠳᠡᠭᠡᠳᠦ ᠲᠤᠮᠳᠠᠳᠤ ᠶᠢᠨ ᠳᠠᠪᠰᠢᠬᠤ ᠰᠢᠯᠭᠠᠯᠲᠠ ᠳᠠᠭᠤᠰᠤᠭᠰᠠᠨ ᠤ ᠳᠠᠷᠠᠭ᠎ᠠ ᠠᠮᠠᠷᠠᠯᠲᠠ ᠶᠢᠨ ᠬᠤᠭᠤᠴᠠᠭ᠎ᠠ ᠲᠠᠯᠪᠢᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 7 ᠰᠠᠷ᠎ᠠ ᠶᠢᠨ 20 ᠤ ᠡᠳᠦᠷ ᠠᠴᠠ ᠣᠷᠦ᠋ᠢᠲᠠᠵᠤ ᠪᠣᠯᠬᠤ ᠥᠬᠡᠶ᠃ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ 9 ᠰᠠᠷ᠎ᠠ ᠶᠢᠨ 1 ᠤ ᠡᠳᠦᠷ ᠨᠢᠭᠡᠳᠦᠯᠲᠡᠶ ᠰᠤᠷᠭᠠᠭᠤᠯᠢ ᠡᠬᠢᠯᠡᠨ᠎ᠡ᠃ ᠡᠯ᠎ᠡ ᠭᠠᠵᠠᠷ ᠡᠯ᠎ᠡ ᠰᠤᠷᠭᠠᠭᠤᠯᠢ ᠵᠤᠨ ᠤ ᠠᠮᠠᠷᠠᠯᠲᠠ ᠶᠢᠨ ᠴᠠᠭ ᠢᠶᠠᠨ ᠴᠢᠩᠭ᠎ᠠ ᠬᠡᠷᠡᠭᠵᠢᠭᠦᠯᠵᠦ᠂ ᠳᠤᠷ᠎ᠠ ᠪᠠᠷ ᠢᠶᠠᠨ ᠬᠤᠶᠢᠰᠢᠯᠠᠭᠤᠯᠵᠤ ᠪᠣᠯᠬᠤ ᠦᠭᠡᠢ᠂ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠰᠤᠷᠭᠠᠭᠤᠯᠢ ᠳᠤ ᠢᠷᠡᠭᠦᠯᠵᠦ ᠲᠥᠪᠯᠡᠷᠡᠭᠦᠯᠦᠨ ᠬᠢᠴᠢᠶᠡᠯ ᠨᠥᠬᠦᠬᠦ ᠪᠤᠶᠤ ᠰᠢᠨ᠎ᠡ ᠬᠢᠴᠢᠶᠡᠯ ᠣᠷᠤᠬᠤ ᠶᠢ ᠴᠢᠩᠭ᠎ᠠ ᠴᠠᠭᠠᠵᠠᠯᠠᠨ᠎ᠠ᠃ ᠠᠮᠠᠷᠠᠯᠲᠠ ᠶᠢᠨ ᠬᠤᠭᠤᠴᠠᠭᠠᠨ ᠠᠴᠠ ᠡᠮᠦᠨ᠎ᠡ ᠲᠣᠭᠲᠠᠭᠰᠠᠨ ᠴᠠᠭ ᠲᠤ ᠰᠤᠷᠭᠠᠭᠤᠯᠢ ᠳᠤ ᠣᠴᠢᠬᠤ᠂ ᠰᠤᠷᠭᠠᠭᠤᠯᠢ ᠲᠠᠷᠬᠠᠬᠤ ᠬᠡᠷᠡᠭᠲᠡᠶ᠂ ᠰᠤᠷᠤᠭᠴᠢᠳ ᠤᠨ ᠠᠮᠠᠷᠠᠬᠤ ᠴᠠᠭ ᠢ ᠰᠢᠬᠠᠨ ᠡᠵᠡᠯᠡᠬᠦ ᠶᠢ ᠴᠢᠩᠭ᠎ᠠ ᠴᠠᠭᠠᠵᠠᠯᠠᠨ᠎ᠠ᠃ ᠬᠤᠶᠠᠷ᠂ ᠬᠤᠭᠤᠴᠠᠭᠠᠨ ᠡᠴᠦᠰ ᠤᠨ ᠰᠢᠯᠭᠠᠯᠲᠠ ᠶᠢ ᠴᠢᠩᠭ᠎ᠠ ᠵᠣᠬᠢᠶᠠᠨ ᠪᠠᠶᠢᠭᠤᠯᠬᠤ ᠬᠡᠷᠡᠭᠲᠡᠢ ᠪᠠᠭ᠎ᠠ ᠰᠤᠷᠭᠠᠭᠤᠯᠢ ᠶᠢᠨ ᠱᠠᠲᠤᠨ ᠳᠤ ᠬᠤᠭᠤᠴᠠᠭᠠᠨ ᠡᠴᠦᠰ ᠤᠨ ᠰᠢᠯᠭᠠᠯᠲᠠ ᠶᠢ ᠵᠣᠬᠢᠶᠠᠨ ᠪᠠᠶᠢᠭᠤᠯᠵᠤ ᠪᠣᠯᠬᠤ ᠦᠭᠡᠢ᠃ ᠠᠩᠬ᠎ᠠ ᠳᠤᠮᠳᠠᠳᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠬᠢᠵᠢᠭ ᠤᠨ ᠬᠤᠭᠤᠴᠠᠭᠠᠨ ᠳᠠᠬᠢ ᠵᠢᠭᠠᠨ ᠰᠤᠷᠭᠠᠯᠲᠠ ᠳᠤ ᠦᠵᠡᠭᠦᠯᠬᠦ ᠨᠥᠯᠥᠭᠡ ᠶᠢ ᠭᠦᠢᠴᠡᠳ ᠪᠣᠳᠣᠯᠬᠢᠯᠠᠵᠤ᠂ ᠬᠤᠭᠤᠴᠠᠭᠠᠨ ᠡᠴᠦᠰ ᠤᠨ ᠰᠢᠯᠭᠠᠯᠲᠠ ᠶᠢᠨ ᠬᠡᠪᠴᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠰᠢᠯᠭᠠᠯᠲᠠ ᠶᠢᠨ ᠰᠡᠳᠦᠪ ᠤᠨ ᠬᠦᠴᠢᠷ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠯᠭᠠᠯᠲᠠ ᠶᠢᠨ ᠴᠠᠭ ᠬᠤᠭᠤᠴᠠᠭ᠎ᠠ ᠵᠢᠴᠢ ᠳᠡᠰ ᠳᠠᠷᠠᠭᠠᠯᠠᠯ ᠢ ᠵᠦᠶ ᠵᠣᠬᠢᠰᠲᠠᠶ ᠲᠣᠬᠢᠷᠠᠭᠤᠯᠵᠤ᠂ ᠠᠯᠢᠪᠠ ᠬᠡᠯᠪᠡᠷᠢ ᠪᠠᠷ ᠰᠢᠯᠭᠠᠯᠲᠠ ᠶᠢᠨ ᠬᠢᠷᠢ ᠪᠦᠲᠦᠮᠵᠢ ᠵᠢᠴᠢ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠵᠢᠭᠠᠨ ᠰᠤᠷᠭᠠᠯᠲᠠ ᠶᠢᠨ ᠬᠢᠷᠢ ᠪᠦᠲᠦᠮᠵᠢ ᠪᠠᠷ ᠰᠤᠷᠭᠠᠭᠤᠯᠢ ᠪᠠ ᠪᠠᠭᠰᠢ ᠶᠢ ᠥᠷᠥᠭᠡᠰᠦᠭᠡᠯ ᠢᠶᠠᠷ ᠦᠨᠡᠯᠡᠬᠦ ᠶᠢ ᠴᠢᠩᠭ᠎ᠠ ᠴᠠᠭᠠᠵᠠᠯᠠᠨ᠎ᠠ᠃ ᠭᠤᠷᠪᠠ᠂ ᠠᠮᠠᠷᠠᠯᠲᠠ ᠶᠢᠨ ᠬᠤᠭᠤᠴᠠᠭᠠᠨ ᠤ ᠳᠠᠰᠬᠠᠯ ᠢ ᠵᠦᠶ ᠵᠣᠬᠢᠰᠲᠠᠶ ᠪᠠᠶᠢᠷᠢᠯᠠᠭᠤᠯᠬᠤ ᠬᠡᠷᠡᠭᠲᠡᠢ ︽ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ︾ ᠶᠢ ᠪᠦᠬᠦ ᠲᠠᠯ᠎ᠠ ᠪᠠᠷ ᠬᠥᠭᠵᠢᠭᠦᠯᠬᠦ ᠱᠠᠭᠠᠷᠳᠠᠯᠭ᠎ᠠ ᠶᠣᠰᠣᠭᠠᠷ ᠠᠮᠠᠷᠠᠯᠲᠠ ᠶᠢᠨ ᠬᠤᠭᠤᠴᠠᠭᠠᠨ ᠤ ᠳᠠᠰᠬᠠᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠳᠠᠪᠲᠠᠭᠳᠠᠭᠰᠠᠨ ᠴᠢᠨᠠᠷᠲᠠᠶ᠂ ᠮᠧᠬᠠᠨᠢᠭ ᠴᠢᠨᠠᠷᠲᠠᠶ ᠳᠠᠰᠬᠠᠯ ᠢ ᠡᠷᠡᠰ ᠬᠤᠷᠢᠭᠯᠠᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠳᠤ ᠠᠰᠢᠭᠲᠠᠶ ᠠᠵᠢᠯᠯᠠᠭᠠᠲᠤ ᠴᠢᠨᠠᠷ᠂ ᠬᠥᠳᠡᠯᠮᠦᠷᠢ ᠶᠢᠨ ᠴᠢᠨᠠᠷᠲᠠᠶ ᠲᠠᠰᠬᠠᠯ ᠢ ᠵᠣᠬᠢᠰᠲᠠᠶ ᠪᠠᠷ ᠨᠡᠮᠡᠭᠳᠡᠭᠦᠯᠵᠦ᠂ ᠤᠩᠰᠢᠯᠭ᠎ᠠ ᠶᠢᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ᠬᠢᠵᠢᠭ ᠤᠨ ᠪᠠᠶᠢᠳᠠᠯ ᠳᠤ ᠵᠥᠪᠰᠢᠶᠡᠷᠡᠭᠳᠡᠬᠦ ᠶᠢᠨ ᠬᠠᠮᠲᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠤᠨ ᠦᠢᠯᠡᠳᠦᠯᠭᠡ᠂ ᠨᠡᠶᠢᠭᠡᠮ ᠤᠨ ᠪᠠᠶᠢᠴᠠᠭᠠᠯᠲᠠ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠦᠷᠨᠢᠭᠦᠯᠬᠦ ᠬᠡᠷᠡᠭᠲᠡᠶ᠃ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠵᠤᠨ ᠤ ᠠᠮᠠᠷᠠᠯᠲᠠ ᠶᠢᠨ ᠳᠠᠰᠬᠠᠯ ᠲᠣᠬᠢᠷᠠᠭᠤᠯᠬᠤ ᠶᠢ ᠴᠢᠩᠭ᠎ᠠ ᠴᠠᠭᠠᠵᠠᠯᠠᠨ᠎ᠠ᠃ ᠳᠥᠷᠪᠡ᠂ ᠣᠨᠴᠠᠭᠠᠶ ᠰᠣᠷᠣᠭᠴᠢ ᠶᠢ ᠬᠠᠯᠠᠮᠵᠢᠯᠠᠬᠤ ᠬᠡᠷᠡᠭᠲᠡᠢ ︽ᠨᠢᠭᠡ ᠶᠢ ᠴᠦ ᠣᠷᠬᠢᠭᠳᠠᠭᠤᠯᠵᠤ ᠪᠣᠯᠬᠤ ᠦᠭᠡᠢ︾ ᠵᠠᠷᠴᠢᠮ ᠶᠣᠰᠣᠭᠠᠷ ᠲᠣᠰ ᠭᠠᠵᠠᠷ ᠤᠨ ᠳᠠᠭᠠᠵᠤ ᠨᠡᠭᠦᠭᠰᠡᠨ ᠬᠡᠤᠬᠡᠳ᠂ ᠭᠡᠷ ᠲᠡᠭᠡᠨ ᠬᠤᠴᠣᠷᠤᠭᠰᠠᠨ ᠬᠡᠤᠬᠡᠳ᠂ ᠬᠢᠨᠠᠨ ᠬᠠᠮᠢᠶᠠᠷᠤᠯᠲᠠ ᠳᠤᠲᠠᠮᠠᠭ ᠬᠡᠤᠬᠡᠳ ᠤᠨ ᠭᠡᠷ ᠪᠦᠯᠢ ᠶᠢᠨ ᠪᠠᠶᠢᠳᠠᠯ ᠢ ᠨᠠᠷᠢᠨ ᠪᠠᠶᠢᠴᠠᠭᠠᠵᠤ᠂ ᠲᠡᠭᠦᠨ ᠢ ᠬᠠᠪᠰᠤᠷᠤᠨ ᠠᠮᠠᠷᠠᠯᠲᠠ ᠶᠢᠨ ᠠᠮᠢᠳᠤᠷᠠᠯ ᠢ ᠨᠢ ᠲᠥᠯᠥᠪᠵᠢᠭᠦᠯᠵᠦ᠂ ᠭᠡᠷ ᠲᠡᠭᠡᠨ ᠬᠤᠴᠣᠷᠤᠭᠰᠠᠨ ᠬᠡᠤᠬᠡᠳ᠂ ᠰᠡᠳᠬᠢᠴᠡ ᠶᠢᠨ ᠠᠰᠠᠭᠤᠳᠠᠯ ᠲᠠᠢ ᠬᠡᠤᠬᠡᠳ ᠲᠤ ᠢᠳᠡᠪᠬᠢᠲᠡᠶ ᠪᠠᠷ ᠰᠡᠳᠬᠢᠴᠡ ᠶᠢᠨ ᠵᠢᠯᠣᠭᠤᠳᠤᠯᠭ᠎ᠠ ᠬᠠᠩᠭᠠᠵᠤ᠂ ᠬᠢᠨᠠᠨ ᠬᠠᠮᠢᠶᠠᠷᠤᠯᠲᠠ ᠳᠤᠲᠠᠮᠠᠭ ᠬᠡᠤᠬᠡᠳ ᠢ ᠬᠠᠯᠠᠮᠵᠢᠯᠠᠨ ᠬᠠᠷᠠᠭᠠᠯᠵᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠢᠳᠡᠪᠬᠢᠲᠡᠢ ᠵᠣᠬᠢᠴᠠᠭᠤᠯᠬᠤ ᠬᠡᠷᠡᠭᠲᠡᠢ᠃ ᠲᠠᠪᠤ᠂ ᠭᠡᠷ ᠪᠠ ᠰᠤᠷᠭᠠᠭᠤᠯᠢ ᠶᠢᠨ ᠨᠡᠪᠲᠡᠷᠡᠯᠴᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠷ ᠤᠨ ᠠᠬᠠᠮᠠᠳ ᠤᠨ ᠬᠤᠷᠠᠯ᠂ ᠭᠡᠷ ᠤᠨ ᠠᠬᠠᠮᠠᠳ ᠲᠠᠭᠠᠨ ᠥᠭᠭᠦᠭᠰᠡᠨ ᠵᠠᠬᠢᠳᠠᠯ᠂ ᠭᠡᠷ ᠤᠨ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠭᠡᠷ ᠪᠦᠯᠢ ᠶᠢᠨ ᠬᠥᠮᠦᠵᠢᠯ ᠤᠨ ᠵᠥᠪ ᠣᠶᠢᠯᠠᠭᠠᠭᠳᠠᠬᠤᠨ ᠢ ᠤᠬᠠᠭᠤᠯᠵᠤ᠂ ᠭᠡᠷ ᠤᠨ ᠠᠬᠠᠮᠠᠳ ᠢ ᠬᠥᠳᠡᠯᠦᠨ ᠵᠢᠯᠤᠭᠤᠳᠴᠤ ᠪᠠᠶᠢᠭᠠᠳ ᠴᠢᠳᠠᠪᠤᠷᠢᠲᠠᠨ ᠪᠣᠯᠬᠤ᠂ ᠰᠤᠷᠭᠠᠨ ᠬᠥᠮᠦᠵᠢᠯ ᠤᠨ ᠵᠥᠪ ᠦᠵᠡᠯᠲᠡ ᠶᠢ ᠪᠣᠢ ᠪᠣᠯᠭᠠᠵᠤ ᠂ ᠬᠡᠤᠬᠡᠳ ᠢ ᠰᠣᠬᠤᠷ ᠪᠠᠯᠠᠶ ᠪᠠᠷ ᠰᠢᠨᠵᠢᠯᠡᠭᠡᠨ ᠤ ᠲᠥᠷᠥᠯ ᠤᠨ ᠪᠣᠯᠪᠠᠰᠤᠷᠠᠯ ᠤᠨ ᠠᠩᠭᠢ ᠳᠤ ᠣᠷᠣᠯᠴᠠᠭᠤᠯᠬᠤ ᠦᠭᠡᠢ᠃ ᠰᠤᠷᠭᠠᠭᠤᠯᠢ ᠪᠣᠯᠤᠨ ᠭᠡᠷ ᠪᠦᠯᠢ ᠶᠢᠨ ᠬᠠᠷᠢᠯᠴᠠᠭ᠎ᠠ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠰᠤᠷᠤᠭᠴᠢᠳ ᠤᠨ ᠳᠠᠷᠤᠭᠠᠰᠤ ᠶᠢ ᠬᠥᠩᠭᠡᠷᠡᠭᠦᠯᠵᠦ᠂ ᠰᠤᠷᠤᠭᠴᠢᠳ ᠤᠨ ᠰᠡᠳᠬᠢᠴᠡ ᠪᠣᠯᠤᠨ ᠭᠡᠷ ᠪᠦᠯᠢ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠡᠲᠦᠷᠡᠮᠡᠬᠡᠶ ᠦᠵᠡᠯ ᠰᠠᠨᠠᠭᠠᠨ ᠤ ᠬᠥᠳᠡᠯᠦᠯ ᠪᠠᠶᠢᠳᠠᠯ ᠲᠠᠢ ᠪᠣᠯ ᠤᠷᠢᠳᠴᠢᠯᠠᠨ ᠬᠠᠮᠢᠶᠠᠷᠴᠤ᠂ ᠴᠠᠭ ᠲᠤᠬᠠᠶ ᠳᠤᠨᠢ ᠬᠥᠲᠥᠯᠥᠨ ᠵᠢᠯᠤᠭᠤᠳᠬᠤ ᠬᠡᠷᠡᠭᠲᠡᠢ᠃ ᠵᠢᠷᠭᠤᠭ᠎ᠠ᠂ ᠠᠮᠤᠷ ᠲᠦᠪᠰᠢᠨ ᠤ ᠬᠥᠮᠦᠵᠢᠯ ᠪᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠪᠠᠭᠰᠢ ᠰᠤᠷᠤᠭᠴᠢᠳ ᠤᠨ ᠬᠢᠵᠢᠭ ᠢ ᠰᠡᠷᠭᠡᠶᠢᠯᠡᠨ ᠡᠵᠡᠮᠳᠡᠬᠦ᠂ ᠠᠮᠢ ᠨᠠᠰᠤ ᠪᠠᠨ ᠬᠠᠶᠢᠷᠠᠯᠠᠬᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠮᠰᠢᠭ ᠢ ᠰᠡᠷᠭᠡᠶᠢᠯᠡᠬᠦ᠂ ᠬᠤᠤᠷ ᠴᠠᠭᠠᠵᠠᠯᠠᠬᠤ᠂ ᠤᠰᠤᠨ ᠳᠤ ᠤᠨᠠᠬᠤ ᠶᠢ ᠰᠡᠷᠭᠡᠶᠢᠯᠡᠬᠦ᠂ ᠳᠣᠷᠣᠮᠵᠢᠯᠠᠯ ᠪᠠ ᠬᠦᠴᠦᠷᠬᠡᠭᠯᠡᠯ ᠢ ᠰᠡᠷᠭᠡᠶᠢᠯᠡᠬᠦ᠂ ᠰᠦᠯᠵᠢᠶᠡᠨ ᠤ ᠰᠢᠨᠤᠯ ᠢ ᠰᠡᠷᠭᠡᠶᠢᠯᠡᠬᠦ ᠵᠡᠷᠭᠡ ᠲᠠᠯ᠎ᠠ ᠶᠢᠨ ᠬᠥᠮᠦᠵᠢᠯ ᠢ ᠴᠢᠩᠭᠠᠳᠬᠠᠨ᠎ᠠ᠃ ᠭᠤᠣᠯ ᠰᠡᠳᠦᠪᠲᠦ ᠠᠵᠢᠯᠯᠠᠭ᠎ᠠ᠂ ᠮᠠᠲ᠋ᠧᠷᠢᠶᠠᠯ ᠲᠠᠷᠬᠠᠭᠠᠬᠤ᠂ ᠭᠡᠷ ᠤᠨ ᠠᠬᠠᠮᠠᠳ ᠲᠠᠭᠠᠨ ᠥᠭᠭᠦᠭᠰᠡᠨ ᠵᠠᠬᠢᠳᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠭᠡᠷ ᠤᠨ ᠠᠬᠠᠮᠠᠳ ᠤᠨ ᠬᠠᠷᠢᠭᠤᠴᠠᠯᠭᠠᠲᠤ ᠤᠬᠠᠮᠰᠠᠷ ᠢ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ᠂ ᠵᠤᠨ ᠤ ᠠᠮᠠᠷᠠᠯᠲᠠ ᠠᠴᠠ ᠡᠮᠦᠨ᠎ᠡ ᠪᠠ ᠰᠤᠷᠭᠠᠭᠤᠯᠢ ᠡᠬᠢᠯᠡᠬᠦ ᠠᠴᠠ ᠡᠮᠦᠨ᠎ᠡ᠂ ᠡᠯ᠎ᠡ ᠭᠠᠵᠠᠷ ᠣᠷᠣᠨ ᠡᠯ᠎ᠡ ᠰᠤᠷᠭᠠᠭᠤᠯᠢ ᠨᠤᠭᠤᠳ ᠬᠡᠪ ᠤᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭ᠎ᠠ ᠥᠷᠨᠢᠭᠦᠯᠵᠦ᠂ ᠰᠤᠷᠤᠭᠴᠢᠳ ᠤᠨ ᠪᠠᠶᠢᠷᠢ᠂ ᠬᠤᠭᠤᠯᠠᠨ ᠭᠡᠷ᠂ ᠬᠢᠴᠢᠶᠡᠯ ᠤᠨ ᠭᠡᠷ᠂ ᠶᠣᠰᠣᠯᠠᠯ ᠤᠨ ᠲᠠᠩᠬᠢᠮ᠂ ᠨᠣᠮ ᠤᠨ ᠰᠠᠩ᠂ ᠲᠤᠷᠰᠢᠯᠲᠠ ᠶᠢᠨ ᠭᠡᠷ᠂ ᠲᠤᠷᠰᠢᠯᠲᠠ ᠶᠢᠨ ᠬᠡᠷᠡᠭᠰᠡᠯ ᠤᠨ ᠰᠠᠩ ᠬᠥᠮᠥᠷᠭᠡ᠂ ᠵᠤᠤᠬ᠎ᠠ ᠶᠢᠨ ᠭᠡᠷ᠂ ᠴᠠᠬᠢᠯᠭᠠᠨ ᠲᠦᠭᠡᠭᠡᠬᠦ ᠭᠡᠷ᠂ ᠰᠤᠷᠭᠠᠭᠤᠯᠢ ᠶᠢᠨ ᠬᠦᠷᠢᠶᠡᠨ ᠤ ᠪᠠᠷᠢᠯᠭ᠎ᠠ ᠪᠠᠷᠢᠬᠤ ᠲᠤᠬᠠᠶ ᠶᠢᠨ ᠲᠠᠯᠠᠪᠠᠢ᠂ ᠰᠤᠷᠭᠠᠭᠤᠯᠢ ᠶᠢᠨ ᠬᠠᠭᠤᠴᠢᠨ ᠭᠡᠷ ᠪᠠᠶᠢᠰᠢᠩ ᠵᠡᠷᠭᠡ ᠣᠷᠣᠨ ᠲᠣᠭᠤᠷᠢᠭ ᠪᠣᠯᠤᠨ ᠬᠦᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠠᠮᠤᠷ ᠲᠦᠪᠰᠢᠨ ᠤ ᠳᠠᠯᠳᠠ ᠭᠡᠮ ᠢ ᠬᠦᠴᠦᠨ ᠢᠶᠠᠨ ᠲᠥᠪᠯᠡᠷᠡᠭᠦᠯᠦᠨ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠡᠷᠡᠭᠲᠡᠢ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠵᠢᠯ ᠤᠨ ᠪᠠᠶᠢᠷᠢ ᠣᠷᠣᠯᠠᠨ ᠳᠠᠳᠤᠯᠭ᠎ᠠ ᠬᠢᠬᠦ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠵᠠᠬᠢᠷᠤᠯ ᠨᠢ ᠠᠵᠢᠯ ᠶᠢᠨ ᠪᠠᠶᠢᠷᠢ ᠣᠷᠣᠯᠠᠨ ᠳᠠᠳᠤᠯᠭ᠎ᠠ ᠬᠢᠬᠦ ᠠᠮᠤᠷ ᠲᠦᠪᠰᠢᠨ ᠤ ᠬᠥᠮᠦᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠳᠠᠳᠤᠯᠭ᠎ᠠ ᠶᠢᠨ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠳᠠᠭᠠᠭᠤᠯᠤᠭᠴᠢ ᠪᠠᠭᠰᠢ ᠪᠠ ᠰᠤᠷᠤᠭᠴᠢᠳ ᠤᠨ ᠠᠮᠢᠳᠤᠷᠠᠯ ᠠᠵᠢᠯ ᠤᠨ ᠪᠠᠶᠢᠳᠠᠯ ᠢ ᠬᠠᠯᠠᠮᠵᠢᠯᠠᠵᠤ᠂ ᠰᠤᠷᠤᠭᠴᠢᠳ ᠤᠨ ᠠᠵᠢᠯ ᠤᠨ ᠪᠠᠶᠢᠷᠢ ᠣᠷᠣᠯᠠᠨ ᠳᠠᠳᠤᠯᠭ᠎ᠠ ᠬᠢᠬᠦ ᠶᠢ ᠤᠷᠤᠭᠰᠢᠲᠠᠶ ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠲᠡᠢ᠃ ᠳᠣᠯᠤᠭ᠎ᠠ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠮᠠᠷᠠᠯᠲᠠ ᠶᠢᠨ ᠬᠤᠭᠤᠴᠠᠭᠠᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠲᠥᠷᠥᠯ ᠤᠨ ᠪᠣᠯᠪᠠᠰᠤᠷᠠᠯ ᠤᠨ ᠠᠩᠭᠢ ᠶᠢ ᠬᠢᠨᠠᠨ ᠬᠠᠷᠭᠤᠭᠤᠯᠵᠤ ᠳᠠᠩᠰᠠᠯᠠᠬᠤ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠵᠢᠴᠢ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠵᠥᠪᠯᠡᠯ ᠵᠡᠷᠭᠡ ᠲᠠᠢ ᠬᠠᠮᠲᠤᠷᠠᠨ᠂ ᠵᠤᠨ ᠤ ᠠᠮᠠᠷᠠᠯᠲᠠ ᠶᠢᠨ ᠬᠤᠭᠤᠴᠠᠭᠠᠨ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠲᠣᠭᠤᠷᠢᠨ ᠪᠠᠶᠢᠴᠠᠭᠠᠨ ᠬᠢᠨᠠᠨ ᠬᠡᠮᠵᠢᠯᠲᠡ ᠬᠢᠵᠦ᠂ ᠪᠣᠯᠪᠠᠰᠤᠷᠠᠭᠤᠯᠤᠯ ᠤᠨ ᠪᠠᠶᠢᠭᠤᠯᠤᠮᠵᠢ ᠲᠥᠪᠯᠡᠷᠡᠭᠰᠡᠨ ᠣᠷᠣᠨ ᠲᠣᠭᠤᠷᠢᠭ ᠵᠢᠴᠢ ᠰᠤᠷᠭᠠᠭᠤᠯᠢ ᠶᠢᠨ ᠡᠷᠭᠢᠨ ᠲᠣᠭᠤᠷᠢᠨ ᠤ ᠭᠠᠵᠠᠷ ᠣᠷᠣᠨ ᠳᠤ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠵᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠯ ᠥᠷᠨᠢᠭᠦᠯᠦᠭᠰᠡᠨ ᠪᠠᠶᠢᠪᠠᠯ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠶ ᠳᠤᠨᠢ ᠨᠡᠶᠢᠭᠡᠮ ᠳᠤ ᠨᠡᠶᠢᠳᠡᠯᠡᠨ᠎ᠡ᠃ ᠦᠨᠡᠮᠯᠡᠯ ᠦᠭᠡᠢ ᠪᠠᠷ ᠡᠵᠡᠩᠨᠡᠭᠰᠡᠨ᠂ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ︽ᠥᠴᠦᠬᠡᠨ ᠴᠦ ᠠᠭᠤᠴᠢᠯᠠᠬᠤ ᠦᠭᠡᠢ︾ ᠶᠢ ᠬᠡᠷᠡᠭᠵᠢᠭᠦᠯᠵᠦ᠂ ᠲᠤᠬᠠᠶ ᠶᠢᠨ ᠲᠠᠯᠠᠪᠤᠷ ᠲᠤ ᠬᠦᠴᠦᠨ ᠥᠬᠡᠶ ᠪᠣᠯᠭᠠᠬᠤ ᠪᠤᠶᠤ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠠᠵᠢᠯ ᠢ ᠨᠢ ᠵᠣᠭᠰᠣᠭᠠᠨ ᠴᠡᠭᠴᠡᠯᠡᠨ ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠣᠯᠠᠨᠲᠠ ᠰᠤᠷᠭᠠᠪᠠᠴᠤ ᠵᠠᠰᠠᠷᠠᠬᠤ ᠦᠭᠡᠢ ᠪᠠᠶᠢᠭᠤᠯᠤᠮᠵᠢ ᠳᠤ ᠬᠠᠤᠯᠢ ᠲᠣᠭᠲᠠᠭᠠᠯ ᠶᠣᠰᠣᠭᠠᠷ ᠰᠢᠢᠳᠭᠡᠨ ᠲᠣᠷᠭᠠᠬᠤ ᠶᠢᠨ ᠬᠠᠮᠲᠤ ᠰᠤᠷᠭᠠᠭᠤᠯᠢ ᠡᠷᠬᠢᠯᠡᠬᠦ ᠵᠥᠪᠰᠢᠶᠡᠷᠡᠯ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠤ ᠳᠡᠪᠰᠢᠭᠦᠯᠵᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ ᠨᠠᠢᠮᠠ᠂ ᠪᠠᠭᠰᠢ ᠶᠢᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠤᠨ ᠵᠢᠯᠣᠭᠤᠳᠣᠯᠭ᠎ᠠ ᠶᠢ ᠰᠠᠶᠢᠲᠤᠷ ᠬᠢᠬᠦ ᠬᠡᠷᠡᠭᠲᠡᠢ ᠡᠯ᠎ᠡ ᠭᠠᠵᠠᠷ ᠡᠯ᠎ᠡ ᠰᠤᠷᠭᠠᠭᠤᠯᠢ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠ ᠪᠠᠭᠰᠢ ᠨᠠᠷ ᠢ ᠵᠣᠬᠢᠶᠠᠨ ᠪᠠᠶᠢᠭᠤᠯᠤᠨ ᠨᠣᠮ ᠤᠩᠰᠢᠬᠤ ᠠᠵᠢᠯᠯᠠᠭ᠎ᠠ ᠥᠷᠨᠢᠭᠦᠯᠵᠦ᠂ ᠪᠠᠭᠰᠢ ᠶᠢᠨ ᠨᠣᠮ ᠪᠢᠴᠢᠭ ᠤᠩᠰᠢᠵᠤ ᠰᠤᠷᠤᠯᠴᠠᠬᠤ ᠶᠢ ᠵᠢᠯᠣᠭᠤᠳᠴᠤ᠂ ᠰᠤᠷᠤᠯᠭ᠎ᠠ ᠶᠢᠨ ᠠᠩᠬᠠᠨ ᠤ ᠬᠤᠭᠤᠴᠠᠭᠠᠨ ᠤ ᠬᠢᠴᠢᠶᠡᠯ ᠤᠨ ᠪᠣᠯᠪᠠᠰᠤᠷᠠᠯ ᠢ ᠰᠠᠶᠢᠲᠤᠷ ᠥᠷᠨᠢᠭᠦᠯᠦᠨ᠎ᠡ᠃ ᠪᠠᠭᠰᠢ ᠶᠢᠨ ᠬᠠᠤᠯᠢ ᠰᠠᠬᠢᠯᠭ᠎ᠠ ᠠᠴᠠ ᠵᠥᠷᠢᠴᠡᠭᠰᠡᠨ ᠠᠵᠢᠯᠯᠠᠭ᠎ᠠ ᠳᠤ ᠣᠷᠣᠯᠴᠠᠬᠤ ᠶᠢ ᠴᠢᠩᠭ᠎ᠠ ᠴᠠᠭᠠᠵᠠᠯᠠᠵᠤ᠂ ᠠᠵᠢᠯ ᠳᠤ ᠪᠠᠶᠢᠭ᠎ᠠ ᠪᠠᠭᠰᠢ ᠶᠢᠨ ᠲᠥᠯᠥᠪᠦᠷᠢ ᠲᠠᠢ ᠬᠢᠴᠢᠶᠡᠯ ᠨᠥᠬᠦᠬᠦ ᠶᠢ ᠴᠢᠩᠭ᠎ᠠ ᠴᠠᠭᠠᠵᠠᠯᠠᠨ᠎ᠠ᠃ ᠶᠢᠰᠦ᠂ ᠪᠠᠭᠰᠢ ᠰᠤᠷᠤᠭᠴᠢᠳ ᠤᠨ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ ᠵᠤᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠪᠠ ᠠᠵᠢᠯᠲᠠᠨ ᠢ ᠬᠠᠮᠢᠶᠠᠷᠤᠨ ᠡᠵᠡᠮᠳᠡᠬᠦ ᠲᠥᠰᠦᠯ ᠢ ᠨᠠᠷᠢᠯᠢᠭᠵᠢᠭᠤᠯᠵᠤ᠂ ᠡᠯ᠎ᠡ ᠰᠤᠷᠭᠠᠭᠤᠯᠢ ᠡᠳᠦᠷ ᠪᠦᠷᠢ ᠨᠢᠭᠡ ᠨᠠᠮ ᠵᠠᠰᠠᠭ ᠤᠨ ᠬᠠᠷᠢᠭᠤᠴᠠᠯᠭᠠᠲᠠᠨ ᠠᠵᠢᠯ ᠤᠨ ᠪᠠᠶᠢᠷᠢ ᠳᠤ ᠭᠠᠷᠴᠤ ᠵᠢᠵᠢᠭᠦᠷ ᠳᠠᠭᠠᠭᠤᠯᠵᠤ᠂ ᠵᠢᠵᠢᠭᠦᠷᠯᠡᠭᠴᠢ ᠨᠢ 24 ᠴᠠᠭ ᠠᠵᠢᠯ ᠤᠨ ᠪᠠᠶᠢᠷᠢ ᠳᠠᠭᠠᠨ ᠪᠠᠶᠢᠵᠤ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠵᠢᠷᠤᠮ ᠶᠣᠰᠣᠭᠠᠷ ᠴᠠᠭ ᠲᠤᠬᠠᠶ ᠳᠤᠨᠢ ᠰᠢᠢᠳᠪᠦᠷᠢᠯᠡᠵᠦ ᠳᠡᠭᠡᠭᠰᠢ ᠮᠡᠳᠡᠭᠦᠯᠦᠨ᠎ᠡ᠃ ᠵᠤᠨ ᠤ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠶᠢᠨ ᠭᠠᠳᠠᠨᠠᠬᠢ ᠪᠠᠭᠰᠢ ᠰᠤᠷᠤᠭᠴᠢᠳ ᠨᠢ ᠴᠢᠬᠤᠯᠠ ᠦᠭᠡᠢ ᠭᠠᠳᠠᠭᠰᠢ ᠭᠠᠷᠬᠤ ᠶᠢ ᠪᠠᠭᠠᠰᠬᠠᠵᠤ᠂ ᠵᠠᠷᠴᠢᠮ ᠳᠡᠭᠡᠷ᠎ᠡ ᠪᠠᠨ ᠭᠠᠳᠠᠭᠠᠳᠤ ᠤᠯᠤᠰ ᠪᠠ ᠤᠯᠤᠰ ᠤᠨ ᠳᠣᠲᠣᠭᠠᠳᠤ ᠶᠢᠨ ᠳᠤᠮᠳᠠ ᠥᠨᠳᠦᠷ ᠠᠶᠤᠯ ᠲᠥᠭᠰᠢᠭᠦᠷᠢᠲᠡᠢ ᠭᠠᠵᠠᠷ ᠣᠷᠤᠨ ᠳᠤ ᠣᠴᠢᠬᠤ ᠦᠭᠡᠢ᠂ ᠮᠤᠵᠢ ᠠᠯᠤᠰᠯᠠᠵᠤ ᠬᠤᠯᠠ ᠵᠠᠮ ᠤᠨ ᠵᠢᠭᠤᠯᠴᠢᠯᠠᠯ ᠬᠢᠬᠦ ᠦᠭᠡᠢ᠂ ᠣᠷᠣᠰᠢᠨ ᠰᠠᠭᠤᠵᠤ ᠪᠠᠶᠢᠭ᠎ᠠ ᠭᠠᠵᠠᠷ ᠠᠴᠠ ᠪᠠᠨ ᠰᠠᠯᠬᠤ ᠴᠢᠬᠤᠯᠠ ᠲᠠᠢ ᠪᠣᠯ ᠡᠷᠬᠡᠪᠰᠢ ᠰᠤᠷᠭᠠᠭᠤᠯᠢ ᠳᠤ ᠮᠡᠳᠡᠭᠦᠯᠬᠦ ᠬᠡᠷᠡᠭᠲᠡᠢ᠃ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ 2020 ᠣᠨ ᠤ ᠳᠡᠭᠡᠷ᠎ᠡ ᠬᠤᠭᠤᠴᠠᠭᠠᠨ ᠤ ᠰᠡᠭᠦᠯᠴᠢ᠂ ᠵᠤᠨ ᠤ ᠠᠮᠠᠷᠠᠯᠲᠠ ᠪᠣᠯᠤᠨ ᠳᠠᠷᠠᠭ᠎ᠠ ᠬᠤᠭᠤᠴᠠᠭᠠᠨ ᠤ ᠰᠤᠷᠭᠠᠭᠤᠯᠢ ᠡᠬᠢᠯᠡᠬᠦ ᠠᠵᠢᠯ ᠤᠨ ᠲᠥᠰᠦᠯ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ᠤᠯᠠᠭᠠᠨᠬᠠᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ 2020 ᠣᠨ ᠤ 6 ᠰᠠᠷ᠎ᠠ ᠶᠢᠨ 28 ᠤ ᠡᠳᠦᠷ    ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号