ᠯᠢᠨᠰᠢ ᠰᠢᠶᠠᠨ ᠲᠡᠭᠡᠷ᠎ᠡ ᠬᠠᠭᠠᠰ ᠵᠢᠯ  ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠵᠤ ᠭᠤᠪᠢᠭᠤᠯᠭ᠎ᠠ ᠤᠯᠬᠤ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠪᠡ᠃
ᠨᠡᠶᠢᠲᠡᠯᠡᠭᠰᠡᠨ ᠴᠠᠭ᠄
2020-07-20
          ᠳᠡᠭᠡᠷ᠎ᠡ ᠬᠠᠭᠠᠰ ᠵᠢᠯ ᠳᠤ᠂ ᠰᠢᠨ᠎ᠡ ᠲᠢᠲᠢᠮ ᠬᠢᠵᠢᠭ ᠤᠨ ᠪᠠᠢᠳᠠᠯ ᠵᠡᠷᠭᠡ ᠬᠦᠴᠦᠨ ᠵᠦᠢᠯ ᠤᠨ ᠨᠥᠯᠥᠭᠡ ᠪᠠᠷ᠂ ᠯᠢᠨᠰᠢ ᠰᠢᠶᠠᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠵᠥᠪᠬᠡᠨ 88.4 ᠲᠦᠮᠡᠨ  ᠳ᠋ᠣᠯᠯᠠᠷ  ᠲᠤ ᠬᠦᠷᠴᠦ᠂ ᠡᠭᠦᠨ ᠤ ᠳᠣᠲᠣᠷ᠎ᠠ ᠳ᠋ᠦᠩ  ᠱᠧᠨ  ᠢᠮᠠᠭᠠᠨ ᠨᠣᠯᠤᠤᠷ 68.3 ᠲᠦᠮᠡᠨ ᠳ᠋ᠣᠯᠯᠠᠷ᠂ ᠶᠢᠨ ᠢ ᠯᠠᠶ ᠠᠷᠰᠧᠨ  ᠦᠢᠯᠡᠰ 14.6 ᠲᠦᠮᠡᠨ ᠳ᠋ᠣᠯᠯᠠᠷ᠂ ᠪᠠᠶ ᠬᠤᠶ ᠱᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ 5.5 ᠲᠦᠮᠡᠨ ᠳ᠋ᠣᠯᠯᠠᠷ   ᠪᠠᠭᠳᠠᠨ᠎ᠠ  ᠃  ᠪᠠᠢ ᠾᠦᠢ ᠱᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠨᠢ ᠰᠲ᠋ᠣᠺ ᠤᠨ ᠡᠷᠬᠡ ᠶᠢ ᠰᠢᠯᠵᠢᠭᠦᠯᠦᠨ ᠥᠭᠴᠦ᠂ ᠳᠣᠲᠣᠭᠠᠳᠤ ᠳᠠᠭᠠᠨ ᠬᠠᠮᠢᠶᠠᠷᠤᠯᠲᠠ  ᠪᠠᠨ ᠴᠢᠩᠭᠠᠳᠬᠠᠵᠦ  ᠂ ᠮᠡᠷᠭᠡᠵᠢᠯ ᠤᠨ ᠲᠣᠬᠢᠷᠠᠭᠤᠯᠤᠯᠲᠠ ᠬᠢᠵᠦ  ᠮᠡᠷᠭᠡᠵᠢᠯ ᠤᠨ ᠵᠡᠷᠭᠡ   ᠲᠡᠪᠰᠢᠭᠦᠯᠵᠠᠢ᠃  ᠳ᠋ᠦᠩ  ᠱᠧᠨ  ᠢᠮᠠᠭᠠᠨ ᠨᠣᠯᠤᠤᠷ ᠨᠢ ᠨᠠᠮᠤᠷ ᠡᠪᠦᠯ ᠤᠨ ᠤᠯᠠᠷᠢᠯ ᠤᠨ ᠪᠣᠷᠣᠯᠠᠭᠤᠯᠭ᠎ᠠ ᠰᠠᠶᠢᠲᠠᠶ ᠤᠯᠠᠷᠢᠯ ᠳᠤ ᠴᠢᠭᠯᠡᠭᠦᠯᠦᠨ  ᠲᠤᠰᠬᠠᠶ  ᠤᠨ ᠡᠵᠡᠩᠨᠡᠨ ᠪᠣᠷᠣᠯᠠᠭᠤᠯᠬᠤ ᠲᠥᠰᠦᠯ ᠲᠣᠭᠲᠠᠭᠠᠪᠠ᠃ ᠣᠳᠣᠬᠠᠨ ᠳᠤ  ᠯᠢᠨᠰᠢ ᠰᠢᠶᠠᠨ ᠨᠢᠭᠡᠨᠲᠡ 3 ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠢᠯᠢ  ᠠᠯᠤᠰᠯᠠᠭᠰᠠᠨ  ᠡᠯᠧᠺᠲᠷᠣᠨ ᠬᠤᠳᠠᠯᠳᠤᠭᠠᠨ ᠤ ᠪᠣᠯᠪᠠᠰᠤᠷᠠᠭᠤᠯᠤᠯ ᠢ 4 ᠬᠤᠭᠤᠴᠠᠭ᠎ᠠ ᠥᠷᠨᠢᠭᠦᠯᠵᠦ᠂ ᠶᠠᠭ ᠳᠤᠮᠳᠠᠳᠤ ᠤᠯᠤᠰ ᠤᠨ  ᠦᠢᠯᠡᠳᠬᠦ ᠦᠢᠯᠡᠰ  ᠂ ᠪᠥᠬᠦ ᠪᠥᠮᠪᠥᠷᠴᠡᠭ ᠤᠨ ᠠᠷᠠᠯᠵᠢᠶᠠᠨ ᠤ ᠨᠡᠪᠲᠡᠷᠡᠯᠴᠡᠭᠡ ᠵᠡᠷᠭᠡ ᠲᠠᠪᠴᠠᠩ ᠳᠤ  ᠬᠠᠮᠦᠷᠠᠭᠳᠠᠭᠰᠠᠨ ᠰᠦᠯᠵᠢᠶᠡᠨ ᠳᠡᠭᠡᠷᠡᠬᠢ ︽ᠡᠭᠦᠯᠡᠨ ᠦᠵᠡᠰᠬᠦᠯᠡᠩ ᠤᠨ ᠴᠤᠭᠯᠠᠭᠠᠨ︾ ᠢ ᠢᠳᠡᠪᠬᠢᠲᠡᠶ ᠪᠡᠯᠡᠳᠬᠡᠵᠦ  ᠰᠦᠯᠵᠢᠶᠡᠨ ᠳᠡᠭᠡᠷᠡᠬᠢ ᠠᠷᠠᠯᠵᠢᠶᠠᠨ ᠤ ᠲᠤᠭ᠎ᠠ ᠶᠢ ᠴᠢᠷᠮᠠᠶᠢᠨ ᠳᠡᠭᠡᠭᠰᠢᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号