ᠯᠢᠨᠰᠢ ᠰᠢᠶᠠᠨ ᠣᠯᠠᠨ  ᠠᠷᠭ᠎ᠠ ᠬᠡᠮᠵᠢᠶ᠎ᠡ ᠠᠪᠴᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠤᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2020-07-22
ᠨᠢᠭᠡ ᠳᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ  ᠢᠶᠠᠨ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠮᠢᠯᠠᠭᠰᠠᠨ ᠰᠠᠯᠪᠤᠷᠢ ᠶᠢᠨ ᠬᠠᠤᠯᠢ ᠳᠦᠷᠢᠮ ᠤᠨ ᠰᠤᠷᠭᠠᠭᠤᠯᠢ ᠶᠢᠨ ᠵᠠᠬᠢᠷᠤᠯ  ᠢ ᠵᠣᠬᠢᠶᠠᠨ ᠪᠠᠶᠢᠭᠤᠯᠤᠨ  ᠰᠤᠷᠭᠠᠭᠤᠯᠢ  ᠶᠢᠨ ᠬᠦᠷᠢᠶᠡᠨ ᠳᠤ ᠣᠷᠣᠭᠤᠯᠵᠤ᠂ ᠰᠤᠷᠤᠭᠴᠢᠳ ᠤᠨ ᠵᠤᠨ ᠤ ᠠᠮᠠᠷᠠᠯᠲᠠ ᠶᠢᠨ ᠬᠤᠭᠤᠴᠠᠭᠠᠨ ᠤ ᠠᠵᠢᠯᠯᠠᠭᠠᠨ ᠤ ᠣᠨᠴᠠᠯᠢᠭ ᠲᠤ ᠴᠢᠭᠯᠡᠭᠦᠯᠦᠨ᠂ ᠭᠠᠯ ᠰᠡᠷᠭᠡᠶᠢᠯᠡᠬᠦ᠂ ᠮᠡᠬᠡᠯᠡᠨ ᠬᠢᠬᠠᠬᠤ ᠶᠢ ᠰᠡᠷᠭᠡᠶᠢᠯᠡᠬᠦ᠂ ᠤᠰᠤᠨ ᠳᠤ  ᠵᠢᠪᠪᠦᠬᠦ  ᠶᠢ  ᠰᠡᠷᠭᠡᠶᠢᠯᠡᠬᠦ᠂  ᠬᠤᠤᠷᠳᠠᠬᠤ  ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢᠨ ᠬᠥᠮᠦᠵᠢᠯ ᠢ ᠢᠳᠡᠪᠬᠢᠲᠡᠢ ᠥᠷᠨᠢᠭᠦᠯᠵᠦ᠂  ᠰᠤᠷᠤᠭᠴᠢᠳ  ᠤᠨ ᠠᠮᠤᠷ ᠲᠦᠪᠰᠢᠨ ᠤ ᠦᠵᠡᠯ ᠤᠬᠠᠮᠰᠠᠷ ᠵᠢᠴᠢ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ  ᠨᠡᠮᠡᠭᠳᠡᠭᠦᠯᠪᠡ  ᠃ ᠬᠤᠶᠠᠷ ᠲᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ  ᠦᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠎ᠠ᠃ ᠵᠤᠨ ᠤ ᠠᠮᠠᠷᠠᠯᠲᠠ ᠶᠢᠨ ᠬᠤᠭᠤᠴᠠᠭᠠᠨ ᠳᠤ ᠤᠰᠤᠨ ᠳᠤ  ᠵᠢᠪᠴᠦ ᠮᠡᠳᠡᠬᠦ ᠠᠰᠠᠭᠤᠳᠠᠯ ᠳᠤ ᠴᠢᠭᠯᠡᠭᠦᠯᠦᠨ ᠰᠢᠶᠠᠨ ᠤ ᠳᠣᠲᠣᠷᠠᠬᠢ ᠠᠳᠡᠯ ᠠᠮᠠᠷᠬᠠᠨ ᠭᠠᠷᠳᠠᠭ ᠣᠷᠣᠨ ᠪᠦᠰᠡ  ᠂ ᠢᠯᠠᠩᠭᠤᠶ᠎ᠠ ᠤᠰᠤᠨ ᠴᠥᠭᠦᠷᠥᠮ᠂ ᠭᠦᠨ ᠤᠰᠤᠨ ᠴᠥᠭᠦᠷᠥᠮ ᠵᠡᠷᠭᠡ ᠭᠠᠵᠠᠷ ᠲᠤ ᠢᠯᠡ ᠲᠣᠳᠣ ᠰᠡᠷᠡᠮᠵᠢᠯᠡᠭᠦᠯᠬᠦ ᠲᠡᠮᠳᠡᠭ  ᠲᠠᠯᠪᠢᠭᠰᠠᠨ ᠮᠦᠷᠳᠡᠭᠡᠨ ᠲᠤᠰᠠᠭᠠᠷᠯᠠᠬᠤ ᠲᠥᠬᠦᠭᠡᠷᠦᠮᠵᠢ ᠶᠢ ᠨᠡᠮᠡᠵᠦ  ᠪᠠᠶᠢᠭᠤᠯᠵᠠᠢ  ᠃ ᠬᠠᠮᠲᠤᠷᠠᠭᠰᠠᠨ ᠰᠦᠯᠵᠢᠶᠡᠨ ᠤ ᠠᠵᠢᠯᠲᠠᠨ ᠲᠣᠭᠤᠷᠢᠨ ᠪᠠᠶᠢᠴᠠᠭᠠᠵᠤ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠰᠤᠷᠤᠭᠴᠢᠳ ᠢ ᠢᠳᠬᠠᠨ  ᠬᠤᠷᠢᠭᠯᠠᠵᠤ  ᠠᠶᠤᠯ ᠲᠠᠢ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ  ᠵᠤᠭᠰᠤᠭᠠᠨ᠂ ᠠᠮᠤᠷ ᠲᠦᠪᠰᠢᠨ ᠤ ᠠᠳᠡᠯ ᠭᠠᠷᠬᠤ ᠶᠢ  ᠰᠡᠷᠭᠡᠶᠢᠯᠡᠪᠡ  ᠃ ᠭᠤᠷᠪᠠ ᠳᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠷᠬᠢᠨ ᠲᠣᠭᠤᠷᠢᠨ ᠤ ᠠᠮᠤᠷ ᠲᠦᠪᠰᠢᠨ ᠤ  ᠤᠷᠴᠢᠨ ᠨᠥᠬᠦᠴᠡᠯ ᠢ ᠴᠡᠪᠡᠷᠰᠢᠭᠦᠯᠦᠨ᠎ᠡ᠃ ᠣᠯᠠᠨ ᠰᠠᠯᠠᠭ᠎ᠠ ᠮᠥᠴᠢᠷ ᠤᠨ ᠰᠦᠯᠵᠢᠶᠡᠨ ᠤ ᠪᠠᠭᠠᠷ᠂ ᠲᠦᠷᠢᠶᠡᠰᠦᠨ ᠭᠡᠷ᠂ KTV᠂ ᠡᠯᠧᠺᠲᠷᠣᠨ ᠲᠣᠭᠯᠠᠭᠠᠮ ᠤᠨ ᠲᠢᠩᠬᠢᠮ ᠵᠡᠷᠭᠡ ᠲᠠᠯᠠᠪᠤᠷ ᠲᠤ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠳᠤ ᠭᠠᠷᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠦᠯᠢᠶᠡᠨ ᠠᠪᠴᠤ ᠪᠠᠶᠢᠴᠠᠭᠠᠨ  ᠰᠡᠢᠳᠪᠤᠷᠢᠯᠡᠵᠦ  ᠂ ᠱᠠᠯᠢᠭ ᠵᠠᠪᠬᠠᠶ  ᠂ ᠵᠣᠭᠤᠰ ᠨᠠᠭᠠᠳᠬᠤ  ᠂ ᠬᠤᠤᠷᠲᠤ ᠡᠳ᠋ ᠫᠠᠨᠽᠠᠯᠠᠬᠤ ᠵᠡᠷᠭᠡ ᠨᠡᠶᠢᠭᠡᠮ ᠤᠨ ᠵᠢᠭᠰᠢᠭᠦᠷᠢᠲᠦ  ᠦᠵᠡᠭᠳᠡᠯ  ᠢ ᠡᠷᠡᠰ ᠠᠷᠢᠯᠭᠠᠵᠤ᠂ ᠰᠤᠷᠤᠭᠴᠢᠳ ᠤᠨ ᠵᠤᠨ ᠤ ᠠᠮᠠᠷᠠᠯᠲᠠ ᠶᠢᠨ ᠬᠤᠭᠤᠴᠠᠭᠠᠨ ᠤ ᠰᠤᠷᠤᠯᠴᠠᠯᠭ᠎ᠠ᠂ ᠠᠮᠢᠳᠤᠷᠠᠯ  ᠳᠤ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号