ᠯᠢᠨᠰᠢ ᠰᠢᠶᠠᠨ ᠤ ᠰᠢᠨ ᠴᠧᠩ ᠽᠢ ᠪᠠᠯᠭᠠᠰᠤ ᠤᠢ ᠰᠢᠭᠤᠢ ᠵᠢᠮᠢᠰ ᠤᠨ ᠠᠵᠤ ᠦᠢᠯᠡᠰ ᠢ ᠪᠤᠵᠠᠭᠠᠶᠢᠷᠠᠭᠤᠯᠤᠨ  ᠬᠦᠴᠦᠷᠭᠡᠵᠢᠭᠦᠯᠪᠡ
ᠨᠡᠶᠢᠲᠡᠯᠡᠭᠰᠡᠨ ᠴᠠᠭ᠄
2020-07-22
ᠲᠤᠰ ᠪᠠᠯᠭᠠᠰᠤ ᠨᠢ ︽ᠤᠰᠤ᠂  ᠵᠢᠮᠢᠰ︾ ᠤᠨ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠡᠷᠡᠭᠦᠯ ᠬᠠᠮᠠᠭᠠᠯᠠᠯ ᠤᠨ ᠣᠨᠴᠠᠯᠢᠭᠲᠤ ᠵᠢᠵᠢᠭ ᠪᠠᠯᠭᠠᠰᠤ ᠶᠢ ᠪᠠᠶᠢᠭᠤᠯᠬᠤ ᠪᠠᠷ ᠲᠣᠬᠢᠶᠠᠯ ᠪᠣᠯᠭᠠᠵᠤ᠂ ᠣᠢ ᠰᠢᠭᠤᠶ ᠵᠢᠮᠢᠰ ᠤᠨ ᠠᠵᠤ  ᠦᠢᠯᠡᠰ  ᠢ ᠪᠠᠯᠭᠠᠰᠤᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠭᠤᠤᠯᠯᠠᠬᠤ ᠠᠵᠤ  ᠦᠢᠯᠡᠰ ᠪᠤᠯᠭᠠᠵᠠᠢ  ᠃ 2020 ᠣᠨ ᠳᠤ᠂ ᠳ᠋ᠠ ᠶᠢᠨ ᠭᠸᠦ᠂ ᠰᠢᠶᠠ ᠴᠠᠩ ᠵᠡᠷᠭᠡ ᠲᠣᠰᠬᠤᠨ ᠤ ᠭᠠᠵᠠᠷ ᠰᠢᠷᠣᠶ ᠶᠢᠨ ᠡᠬᠢ ᠪᠠᠶᠠᠯᠢᠭ ᠢ  ᠡᠮᠬᠢᠯᠡᠨ ᠨᠡᠶᠢᠯᠡᠭᠦᠯᠵᠦ᠂ 3850 ᠮᠦ ᠠᠵᠤ ᠠᠬᠤᠢ ᠶᠢᠨ ᠤᠢ ᠶᠢ ᠰᠢᠨ᠎ᠡ ᠪᠠᠷ ᠨᠡᠮᠡᠭᠳᠡᠭᠦᠯᠵᠦ᠂ ᠥᠪᠥᠷ ᠮᠣᠩᠭᠤᠯ ᠤᠨ ᠬᠡᠭᠡᠷ᠎ᠡ ᠶᠢᠨ ᠵᠢᠮᠢᠰ  ᠵᠡᠷᠭᠡ  ᠠᠵᠤ ᠠᠬᠤᠢ ᠶᠢᠨ ᠴᠢᠬᠢ ᠮᠣᠳᠣ ᠶᠢ 21.56 ᠲᠦᠮᠡᠨ ᠰᠠᠭᠤᠷᠢ ᠲᠠᠷᠢᠪᠠ᠃ ᠲᠣᠰ ᠪᠠᠯᠭᠠᠰᠤ  ᠲᠥᠪᠯᠡᠷᠡᠨ ᠵᠠᠯᠭᠠᠯᠳᠤᠭᠰᠠᠨ ᠪᠦᠬᠦ᠋ᠢᠯᠡ ᠲᠣᠰᠬᠤᠨ ᠢᠶᠠᠷ ᠢᠶᠠᠨ ᠥᠪᠥᠷ ᠮᠣᠩᠭᠤᠯ ᠤᠨ ᠬᠡᠭᠡᠷ᠎ᠡ ᠶᠢᠨ ᠵᠢᠮᠢᠰ ᠲᠠᠷᠢᠬᠤ ᠶᠢ ᠠᠬᠢᠭᠤᠯᠤᠭᠰᠠᠨ ᠠᠴᠠ ᠨᠠᠰᠢ᠂ 12 ᠵᠠᠰᠠᠭ ᠵᠠᠬᠢᠷᠭᠠᠨ ᠤ ᠲᠣᠰᠬᠤᠨ  ᠤ  9 ᠶᠢ ᠬᠠᠮᠤᠷᠴᠤ᠂ ᠤᠰᠤ  ᠂ᠴᠠᠬᠢᠯᠭᠠᠨ᠂ ᠵᠠᠮ ᠵᠡᠷᠭᠡ ᠰᠠᠭᠤᠷᠢ  ᠲᠦᠬᠦᠭᠡᠷᠡᠮᠵᠢ   ᠶᠢ ᠴᠢᠩᠭᠠᠳᠬᠠᠬᠤ  ᠪᠠᠷ ᠳᠠᠮᠵᠢᠨ᠂ ᠲᠥᠷᠥᠯ ᠵᠦᠢᠯ ᠤᠨ ᠪᠡᠯᠡ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠢᠲᠡᠭᠡᠮᠵᠢᠲᠦ  ᠵᠢᠭᠡᠯᠡᠯᠭᠡ  ᠶᠢᠨ ᠦᠢᠯᠡᠴᠢᠯᠡᠭᠡ ᠶᠢ ᠣᠢ ᠰᠢᠭᠤᠶ ᠵᠢᠮᠢᠰ ᠤᠨ ᠠᠵᠤ ᠦᠢᠯᠡᠰ ᠢ ᠡᠮᠬᠢᠯᠡᠨ ᠨᠡᠶᠢᠯᠡᠭᠦᠯᠵᠦ᠂ ᠬᠡᠪᠴᠢᠶᠡᠵᠢᠭᠦᠯᠦᠨ ᠲᠠᠷᠢᠬᠤ᠂ ᠰᠢᠨᠵᠢᠯᠡᠬᠦ ᠤᠬᠠᠭᠠᠨ ᠮᠡᠷᠭᠡᠵᠢᠯᠵᠢᠭᠦᠯᠦᠨ ᠲᠤᠯᠭᠠᠭᠤᠷᠢᠯᠠᠬᠤ᠂  ᠪᠠᠷᠠᠮᠵᠢᠶᠠᠯᠭᠤᠯᠤᠨ ᠦᠢᠯᠡᠳᠪᠤᠷᠢᠯᠡᠬᠦ  ᠣᠢ ᠰᠢᠭᠤᠶ ᠵᠢᠮᠢᠰ ᠤᠨ ᠰᠢᠰᠲ᠋ᠧᠮ ᠢ ᠠᠯᠬᠤᠮ ᠠᠯᠬᠤᠮ ᠢᠶᠠᠷ ᠪᠤᠢ ᠪᠣᠯᠭᠠᠪᠠ᠃ ᠣᠳᠣᠬᠠᠨ ᠪᠣᠯᠲᠠᠯ᠎ᠠ᠂ ᠲᠣᠰ ᠪᠠᠯᠭᠠᠰᠤᠨ ᠤ ᠵᠢᠮᠢᠰ ᠤᠨ ᠮᠣᠳᠣ ᠳᠠᠷᠢᠬᠤ ᠲᠠᠯᠠᠪᠠᠶ 6.2 ᠲᠦᠮᠡᠨ ᠮᠥ ᠬᠦᠷᠴᠡᠶ᠃ ᠣᠶ ᠰᠢᠭᠤᠶ ᠵᠢᠮᠢᠰ ᠤᠨ ᠠᠵᠤ  ᠦᠢᠯᠡᠰ ᠡᠷᠬᠢᠯᠡᠵᠦ ᠪᠠᠶᠢᠭ᠎ᠠ ᠲᠠᠷᠢᠶᠠᠴᠢᠨ ᠡᠷᠦᠬᠡ 1300 ᠭᠠᠷᠤᠶ ᠡᠷᠦᠬᠡ ᠪᠠᠶᠢᠵᠤ᠂ ᠵᠢᠯ ᠤᠨ  ᠦᠢᠯᠡᠳᠭᠦᠨ ᠤ ᠥᠷᠲᠡᠭ ᠨᠢ 3460 ᠲᠦᠮᠡᠨ ᠲᠥᠭᠦᠷᠢᠭ ᠲᠤ ᠬᠦᠷᠴᠦ᠂ ᠬᠥᠮᠦᠨ ᠪᠦᠷᠢ ᠶᠢᠨ ᠳᠤᠮᠳᠠᠴᠢ ᠵᠢᠯ ᠤᠨ ᠣᠷᠣᠯᠭ᠎ᠠ ᠶᠢᠨ ᠨᠡᠮᠡᠭᠳᠡᠯ ᠪᠠᠷᠤᠭ 4000 ᠲᠥᠭᠦᠷᠢᠭ ᠪᠣᠯᠤᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号