ᠯᠢᠨᠰᠢ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠷᠬᠦᠴᠡ ᠶᠢᠨ ᠨᠣᠷᠮ᠎ᠠ ᠨᠢ ᠬᠤᠶᠠᠷ ᠬᠤᠪᠢ ᠠᠴᠠ ᠳᠠᠪᠠᠵᠠᠶ
ᠨᠡᠶᠢᠲᠡᠯᠡᠭᠰᠡᠨ ᠴᠠᠭ᠄
2020-07-06
         ᠯᠢᠨᠰᠢ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠷᠬᠦᠴᠡ ᠶᠢᠨ ᠨᠣᠷᠮ᠎ᠠ ᠨᠢ ᠬᠤᠶᠠᠷ ᠬᠤᠪᠢ ᠠᠴᠠ ᠳᠠᠪᠠᠵᠠᠶ᠃ ᠯᠢᠨᠰᠢ ᠰᠢᠶᠠᠨ 2020 ᠣᠨ ᠳᠤ ᠨᠡᠶᠢᠲᠡ 1.16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 9.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃  ᠣᠳᠣᠬᠠᠨ  ᠳᠤ  1.65 ᠲᠦᠮᠡᠨ ᠮᠦ   ᠨᠢ ᠨᠢᠭᠡᠨᠳᠡ ᠠᠵᠢᠯ ᠡᠬᠢᠯᠡᠵᠦ᠂ 7.85 ᠲᠦᠮᠡᠨ ᠮᠥ ᠶᠠᠭ ᠳᠠᠭᠠᠭᠠᠴᠢᠯᠠᠯᠲᠠ ᠵᠠᠷᠯᠠᠵᠤ ᠪᠠᠷᠢᠯᠭ᠎ᠠ ᠪᠠᠷᠢᠵᠤ ᠪᠠᠶᠢᠨ᠎ᠠ᠂ ᠵᠢᠱᠢᠯᠲᠡ ᠪᠠᠷ ᠡᠨᠡ ᠵᠢᠯ ᠤᠨ ᠳᠣᠲᠣᠷ᠎ᠠ ᠪᠦᠬᠦᠨ ᠢ ᠪᠡᠶᠡᠯᠡᠭᠦᠯᠦᠨ᠎ᠡ᠃ 2011 ᠣᠨ ᠠᠴᠠ ᠨᠠᠰᠢ᠂ ᠯᠢᠨᠰᠢ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ 24.39 ᠲᠦᠮᠡᠨ ᠮᠦ ᠬᠡᠷᠡᠭᠵᠢᠭᠦᠯᠵᠦ᠂ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ 21.2% ᠢ  ᠡᠵᠡᠯᠡᠵᠦ  ᠲᠠᠷᠢᠶᠠᠯᠠᠩ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠴᠢᠳ ᠢ ᠪᠠᠶᠠᠵᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号