ᠯᠢᠨᠰᠢ ᠰᠢᠶᠠᠨ  ᠭᠡᠷ ᠬᠦᠷᠢᠶ᠎ᠡ  ᠶᠢᠨ  ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2020-07-06
       ᠯᠢᠨᠰᠢ ᠰᠢᠶᠠᠨ  ᠭᠡᠷ ᠬᠦᠷᠢᠶ᠎ᠡ  ᠶᠢᠨ  ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠪᠡ᠃ 2020  ᠣᠨ  ᠳᠤ ᠯᠢᠨᠰᠢ ᠰᠢᠶᠠᠨ 950 ᠲᠦᠮᠡᠨ ᠲᠥᠭᠦᠷᠢᠭ ᠤᠨ ᠪᠡᠯᠡ ᠣᠷᠣᠭᠤᠯᠵᠤ ︽ᠵᠢᠷᠭᠤᠭᠠᠨ ᠵᠢᠵᠢᠭ ᠢᠨᠵᠧᠨᠧᠷᠢᠩ︾ ︵ᠵᠢᠵᠢᠭ ᠲᠡᠵᠢᠭᠡᠨ ᠦᠷᠡᠵᠢᠭᠦᠯᠭᠡ᠂ ᠵᠢᠵᠢᠭ ᠲᠠᠷᠢᠮᠠᠯ᠂ ᠵᠢᠵᠢᠭ ᠮᠠᠶᠢᠮᠠᠢ᠂ ᠵᠢᠵᠢᠭ ᠦᠢᠯᠡᠳᠬᠡᠯ ᠤᠨ ᠭᠠᠵᠠᠷ᠂ ᠵᠢᠵᠢᠭ ᠭᠠᠷ  ᠦᠢᠯᠡᠳᠪᠤᠷᠢ᠂ ᠵᠢᠵᠢᠭ ᠡᠯᠧᠺᠲᠷᠣᠨ ᠬᠤᠳᠠᠯᠳᠤᠭ᠎ᠠ︶ ᠢ ᠬᠡᠷᠡᠭᠵᠢᠭᠦᠯᠵᠦ᠂  ᠭᠡᠷ  ᠬᠦᠷᠢᠶ᠎ᠡ  ᠶᠢᠨ ᠠᠵᠤ ᠠᠬᠤᠢ ᠶᠢᠨ  ᠬᠦᠭᠵᠢᠯᠳᠡ ᠶᠢ ᠠᠬᠢᠭᠤᠯᠪᠠ  ᠃ ᠲᠥᠷᠥᠯ  ᠵᠦᠢᠯ  ᠤᠨ ᠪᠡᠯᠡ ᠮᠥᠩᠭᠦ ᠶᠢᠨ ᠨᠥᠬᠦᠪᠥᠷᠢ ᠳᠤ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ  ᠠᠷᠭ᠎ᠠ ᠮᠠᠶ᠋ᠢᠭ ᠢ ᠠᠪᠴᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠵᠡᠨ ᠮᠡᠳᠡᠨ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠵᠤᠷᠢᠭᠵᠢᠭᠤᠯᠤᠨ ᠳᠡᠮᠵᠢᠪᠡ  ᠃ ᠣᠳᠣ ᠪᠣᠯᠲᠠᠯ᠎ᠠ᠂ ᠪᠦᠬᠦ ᠰᠢᠶᠠᠨ ᠢᠶᠠᠷ ᠢᠶᠠᠨ ᠨᠡᠶᠢᠲᠡ 5069 ᠵᠢᠵᠢᠭ ᠢᠨᠵᠧᠨᠧᠷᠢᠩ ᠢ ᠬᠥᠭᠵᠢᠭᠦᠯᠵᠦ᠂ ᠡᠭᠦᠨ ᠳᠤ 4804 ᠵᠢᠵᠢᠭ ᠲᠡᠵᠢᠭᠡᠨ ᠦᠷᠡᠵᠢᠭᠦᠯᠬᠦ ᠡᠷᠦᠬᠡ ᠂  ᠪᠠᠭ᠎ᠠ ᠬᠡᠮᠵᠢᠶᠡᠨ ᠤ ᠲᠠᠷᠢᠮᠠᠯ 237 ᠡᠷᠦᠬᠡ᠂ ᠪᠠᠭ᠎ᠠ ᠮᠠᠶᠢᠮᠠᠶ 9 ᠡᠷᠦᠬᠡ᠂ ᠭᠠᠷ ᠤᠷᠠᠯᠠᠯ 6 ᠡᠷᠦᠬᠡ᠂ ᠵᠢᠵᠢᠭ   ᠦᠢᠯᠡᠳᠬᠡᠯ  12 ᠡᠷᠦᠬᠡ᠂ ᠵᠢᠵᠢᠭ ᠡᠯᠧᠺᠲᠷᠣᠨ ᠬᠤᠳᠠᠯᠳᠤᠭ᠎ᠠ 1 ᠡᠷᠦᠬᠡ ᠪᠠᠭᠳᠠᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号