| ᠪᠠᠭᠠᠷᠢᠨ ᠪᠠᠷᠠᠭᠤᠨ ᠬᠤᠰᠢᠭᠤ ᠪᠣᠳᠠᠲᠠᠶ ᠠᠴᠠ ᠡᠬᠦᠰᠴᠦ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠳᠣᠪᠤᠶᠢᠮ᠎ᠠ ᠪᠠᠶᠢᠷᠢᠨ ᠳᠤ ᠲᠠᠯᠪᠢᠵᠤ᠂ ᠲᠥᠷᠥ ᠶᠢᠨ ᠪᠣᠳᠣᠯᠭ᠎ᠠ ᠶᠢᠨ ᠬᠡᠯᠪᠠᠶᠢᠯᠲᠡ ᠪᠣᠯᠤᠨ ᠪᠡᠯᠡ | ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠳᠦᠷᠢᠮ ᠤᠨ | ᠰᠢᠰᠲ᠋ᠧᠮ ᠢ ᠪᠦᠷᠢᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ | ᠡᠮ ᠡᠮᠨᠡᠯᠭᠡ ᠶᠢᠨ ᠠᠪᠤᠷᠠᠨ ᠲᠤᠰᠠᠯᠠᠬᠤ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠲᠦᠷ ᠴᠠᠭ | ᠠᠪᠤᠷᠠᠨ ᠲᠤᠰᠠᠯᠠᠬᠤ ᠵᠡᠷᠭᠡ ᠲᠠᠯ᠎ᠠ ᠠᠴᠠ ᠭᠠᠷᠲᠠᠨ᠂ ᠪᠦᠬᠦ ᠲᠠᠯ᠎ᠠ ᠪᠠᠷ ᠠᠷᠠᠳ ᠲᠤ ᠠᠰᠢᠭ ᠭᠦᠷᠲᠡᠭᠡᠪᠡ᠃ | ᠣᠳᠣᠬᠠᠨ ᠪᠣᠯᠲᠠᠯ᠎ᠠ᠂ ᠡᠯ᠎ᠡ ᠲᠥᠷᠥᠯ ᠤᠨ ᠠᠪᠤᠷᠠᠨ ᠲᠤᠰᠠᠯᠠᠬᠤ᠂ ᠨᠥᠬᠦᠪᠥᠷᠢ ᠮᠥᠩᠭᠦ 4796.46 ᠲᠦᠮᠡᠨ | ᠲᠥᠭᠦᠷᠢᠭ ᠲᠠᠷᠬᠠᠭᠠᠵᠤ᠂ 156835 ᠬᠥᠮᠦᠨ ᠳᠤ ᠬᠤᠯᠪᠣᠭᠳᠠᠭᠰᠠᠨ ᠪᠠᠶᠢᠨ᠎ᠠ᠃ ᠪᠦᠬᠦ ᠬᠤᠰᠢᠭᠤᠨ ᠤ | ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 108623 ᠳᠤ ᠬᠦᠷᠴᠦ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 9877 ᠪᠣᠯᠪᠠ᠃ 12304 | ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠬᠦᠷᠲᠡᠭᠡᠪᠡ᠃ ᠡᠮ | ᠡᠮᠨᠡᠯᠭᠡ ᠶᠢᠨ ᠳᠠᠭᠠᠳᠬᠠᠯ ᠤᠨ ᠵᠠᠷᠤᠯᠭ᠎ᠠ ᠶᠢᠨ ᠶᠡᠷᠦᠩᠬᠡᠢ ᠬᠡᠮᠵᠢᠶ᠎ᠡ 12419.3 ᠲᠦᠮᠡᠨ ᠲᠥᠭᠦᠷᠢᠭ᠃ ᠪᠥᠬᠦ | ᠬᠤᠰᠢᠭᠤᠨ ᠤ 623 ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠲᠤ 257.75 ᠲᠦᠮᠡᠨ | ᠲᠥᠭᠦᠷᠢᠭ ᠤᠨ ᠠᠰᠠᠷᠠᠮᠵᠢ ᠶᠢᠨ ᠨᠥᠬᠦᠪᠥᠷᠢ ᠣᠯᠭᠤᠪᠠ᠃ | | |