ᠶᠦᠨ ᠵᠢᠶᠠᠨ ᠳ᠋ᠦᠩ ᠬᠤᠷᠢᠨᠭᠡᠷ ᠰᠢᠶᠠᠨ ᠤ ᠳᠠᠭᠠᠭᠠᠴᠢᠯᠠᠨ ᠬᠠᠷᠢᠯᠴᠠᠬᠤ ᠰᠢᠶᠠᠩ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠄ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠵᠥᠪ ᠵᠠᠮ ᠡᠷᠢᠵᠦ ᠲᠡᠵᠢᠭᠡᠨ ᠦᠷᠡᠵᠢᠭᠦᠯᠬᠦ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠭᠢᠵᠢᠷᠠᠭᠤᠯᠤᠭᠰᠠᠨ ᠤ ᠳᠠᠷᠠᠭᠠᠬᠢ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2020-07-08
     6 ᠳ᠋ᠤᠭᠠᠷ ᠰᠠᠷ᠎ᠠ ᠶᠢᠨ 30 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠦᠨ ᠵᠢᠶᠠᠨ ᠳ᠋ᠦᠩ ᠬᠠᠶᠢᠷ᠎ᠠ ᠬᠠᠯᠠᠮᠵᠢᠲᠤ ᠠᠵᠤ ᠠᠬᠤᠶᠢᠯᠠᠯ ᠰᠢᠶᠠᠩ ᠱᠧᠩ ᠪᠦᠯᠦᠭᠯᠡᠯ ᠪᠣᠯᠤᠨ ᠲᠢᠶᠠᠨ ᠬᠤᠤ ᠱᠦᠢᠨᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠢ ᠳᠠᠭᠠᠭᠤᠯᠤᠨ ᠬᠤᠷᠢᠨᠭᠡᠷ ᠰᠢᠶᠠᠨ ᠤ ᠳᠠᠭᠠᠭᠠᠴᠢᠯᠠᠨ ᠬᠠᠷᠢᠯᠴᠠᠬᠤ ᠰᠢᠶᠠᠩ ᠪᠠᠯᠭᠠᠰᠤᠨ ᠳᠤ ᠭᠦᠨᠵᠡᠭᠡᠶᠢᠷᠡᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᠬᠤᠢ ᠵᠢᠶᠦ᠋ᠨ᠂ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠡᠰᠢᠭᠦᠨ ᠵᠠᠩ ᠬᠤᠩ ᠰᠢᠶᠠ᠂ ᠨᠠᠷᠢᠨ ᠪᠢᠴᠢᠭ ᠤᠨ ᠳᠠᠷᠤᠭ᠎ᠠ ᠵᠠᠩ ᠰᠢᠶᠤᠤ ᠹᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠶᠦᠨ ᠵᠢᠶᠠᠨ ᠳ᠋ᠦᠩ ᠨᠡᠷ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠭᠡᠷ ᠲᠤ ᠣᠷᠣᠵᠤ᠂ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ᠂ ᠲᠡᠵᠢᠭᠡᠨ ᠦᠷᠡᠵᠢᠭᠦᠯᠬᠦ ᠪᠠᠶᠢᠳᠠᠯ ᠪᠣᠯᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ ᠨᠠᠷᠢᠨ ᠠᠰᠠᠭᠤᠵᠤ᠂ ᠲᠣᠰᠬᠤᠨ ᠤ ᠠᠷᠠᠳ ᠲᠠᠢ ᠬᠠᠮᠲᠤ ᠠᠯᠠᠰᠢᠨ ᠦᠬᠡᠷ ᠲᠡᠵᠢᠭᠡᠬᠦ ᠠᠵᠤ ᠦᠢᠯᠡᠰ ᠤᠨ ᠠᠵᠤ ᠠᠬᠤᠢ ᠶᠢᠨ ᠳᠠᠩᠰᠠ ᠶᠢ ᠪᠣᠳᠣᠵᠤ᠂ ᠡᠭᠦᠨ ᠤ ᠬᠠᠮᠲᠤ ᠬᠠᠶᠢᠷ᠎ᠠ ᠬᠠᠯᠠᠮᠵᠢᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ 23 ᠶᠠᠳᠠᠭᠤ ᠬᠦᠴᠢᠷᠳᠡᠯᠲᠡᠢ ᠡᠷᠦᠬᠡ ᠶᠢ ᠳᠠᠶᠢᠴᠢᠯᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤᠮᠳᠠ ᠣᠯᠤᠭᠰᠠᠨ ᠶᠠᠳᠠᠭᠤ ᠠᠴᠠ ᠠᠩᠭᠢᠵᠢᠷᠠᠵᠤ ᠪᠠᠶᠠᠵᠢᠭᠰᠠᠨ ᠥᠩᠭᠡᠷᠡᠯᠲᠡ ᠶᠢ ᠲᠠᠨᠢᠯᠴᠠᠭᠤᠯᠵᠠᠶ᠃ ᠰᠠᠭᠤᠳᠠᠯ ᠤᠨ ᠬᠤᠷᠠᠯ ᠳᠡᠭᠡᠷ᠎ᠡ᠂ ᠰᠢᠨ᠎ᠡ ᠳᠡᠯᠭᠡᠭᠦᠷ ᠪᠠᠯᠭᠠᠰᠤ᠂ ᠶᠠᠩ ᠴᠢᠶᠦ᠋ᠨ ᠭᠸᠦ ᠰᠢᠶᠠᠩ ᠪᠣᠯᠤᠨ ᠾᠧᠢ ᠯᠣᠤ ᠶᠣᠣ ᠰᠢᠶᠠᠩ ᠤᠨ ᠬᠠᠷᠢᠭᠤᠴᠠᠯᠭᠠᠲᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠶᠦᠨ ᠵᠢᠶᠠᠨ ᠳ᠋ᠦᠩ ᠰᠢᠶᠠᠩ ᠪᠠᠯᠭᠠᠰᠤᠨ ᠤ ᠬᠠᠷᠢᠭᠤᠴᠠᠯᠭᠠᠲᠠᠨ᠂ ᠬᠠᠶᠢᠷ᠎ᠠ ᠬᠠᠯᠠᠮᠵᠢᠲᠤ ᠠᠵᠤ ᠠᠬᠤᠶᠢᠯᠠᠯ ᠲᠠᠢ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠬᠥᠳᠡᠭᠡ ᠲᠣᠰᠬᠤᠨ ᠤ ᠬᠥᠭᠵᠢᠯᠲᠡ ᠶᠢ ᠬᠠᠮᠲᠤᠪᠠᠷ ᠰᠣᠳᠣᠯᠣᠨ ᠰᠦᠪᠡᠭᠴᠢᠯᠡᠭᠰᠡᠨ ᠪᠠᠶᠢᠨ᠎ᠠ᠃ ᠶᠦᠨ ᠵᠢᠶᠠᠨ ᠳ᠋ᠦᠩ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠣᠷᠬᠢᠭᠳᠠᠯ ᠢ ᠪᠠᠶᠢᠴᠠᠭᠠᠵᠤ ᠳᠤᠲᠠᠭᠤᠳᠠᠯ ᠢ ᠨᠥᠬᠦᠪᠥᠷᠢᠯᠡᠵᠦ ᠂ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠨᠠᠷᠢᠯᠢᠭ ᠬᠢᠵᠦ ᠨᠠᠶᠢᠳᠠᠪᠣᠷᠢᠵᠢᠭᠤᠯᠬᠤ ᠬᠡᠷᠡᠭᠲᠡᠢ ᠭᠡᠪᠡ᠃ ᠶᠦᠨ ᠵᠢᠶᠠᠨ ᠳ᠋ᠦᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠬᠤ ᠪᠣᠯ ᠡᠴᠦᠰ ᠤᠨ ᠴᠡᠭ ᠪᠢᠰᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠦᠷᠭᠦᠯᠵᠢᠯᠡᠨ ᠬᠥᠭᠵᠢᠬᠦ ᠲᠣᠭᠲᠠᠭᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠦᠷᠭᠦᠯᠵᠢᠯᠡᠬᠦ᠋ᠢᠴᠡ ᠴᠢᠨᠠᠷ ᠢ ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ ᠳᠤᠮᠳᠠ᠂ ᠠᠵᠤ ᠦᠢᠯᠡᠰ ᠤᠨ ᠬᠥᠭᠵᠢᠯᠲᠡ ᠪᠣᠯ ᠵᠠᠩᠭᠢᠯᠠᠭ᠎ᠠ ᠮᠥᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢᠶᠠᠷ ᠦᠨᠡᠨᠬᠦ ᠰᠠᠶᠢᠲᠤᠷ ᠵᠠᠮᠨᠠᠬᠤ ᠬᠡᠷᠡᠭᠲᠡᠢ᠃ ᠣᠳᠣᠬᠠᠨ ᠳᠤ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠡᠯᠡᠳᠬᠡᠯ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠳᠠᠷᠠᠭᠠᠴᠢ ᠶᠢᠨ ᠠᠯᠬᠤᠮ ᠢᠶᠠᠷ ᠴᠡᠪᠡᠷ ᠡᠭᠦᠯᠳᠡᠷ ᠤᠨ ᠡᠬᠡ ᠮᠠᠯ ᠢ ᠣᠷᠣᠭᠤᠯᠬᠤ ᠳᠤ ᠰᠠᠶᠢᠲᠤᠷ ᠪᠡᠯᠡᠳᠬᠡᠵᠦ᠂ ᠬᠠᠶᠢᠷ᠎ᠠ ᠬᠠᠯᠠᠮᠵᠢᠲᠤ ᠠᠵᠤ ᠠᠬᠤᠶᠢᠯᠠᠯ ᠤᠨ ᠬᠠᠪᠰᠤᠷᠤᠯᠭ᠎ᠠ ᠳᠣᠤᠷ᠎ᠠ ᠲᠡᠵᠢᠭᠡᠨ ᠦᠷᠡᠵᠢᠭᠦᠯᠬᠦ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠴᠢᠷᠮᠠᠶᠢᠵᠤ᠂ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ ᠭᠡᠪᠡ᠃    ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号