ᠯᠢᠨᠰᠢ ᠰᠢᠶᠠᠨ ᠣᠯᠠᠨ  ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠯᠠᠰᠢᠨ ᠦᠬᠡᠷ ᠤᠨ ᠠᠵᠤ  ᠦᠢᠯᠡᠰ  ᠤᠨ  ᠶᠠᠰᠤ ᠴᠢᠨᠠᠷ ᠢ ᠳᠡᠭᠡᠭᠰᠢᠯᠡᠭᠦᠯᠵᠦ ᠡᠳ᠋ ᠪᠣᠳᠠᠰ ᠭᠠᠷᠭᠠᠬᠤ ᠶᠢ ᠠᠬᠢᠭᠤᠯᠵᠤ ᠪᠠᠶᠢᠨ᠎ᠠ᠃
ᠨᠡᠶᠢᠲᠡᠯᠡᠭᠰᠡᠨ ᠴᠠᠭ᠄
2020-07-08
          ᠯᠢᠨᠰᠢ ᠰᠢᠶᠠᠨ ︽ᠲᠥᠯᠥᠪᠵᠢᠭᠦᠯᠭᠡ ᠲᠥᠪᠯᠡᠷᠡᠩᠭᠦᠶ᠂ ᠪᠠᠶᠢᠷᠢᠯᠠᠭᠤᠯᠤᠯᠲᠠ ᠲᠥᠪᠯᠡᠷᠡᠩᠭᠦᠶ᠂ ᠡᠯᠧᠮᠧᠨ᠋ᠲ ᠡᠷᠴᠢᠮᠯᠢᠭ︾ ᠪᠠᠶᠢᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ  ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ  ᠃ ᠨᠢᠭᠡ ᠳᠤ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ᠮᠢᠬᠠᠨ ᠤ ᠦᠬᠡᠷ ᠤᠨ ᠲᠤᠰᠬᠠᠶ ᠮᠡᠷᠭᠡᠵᠢᠯ ᠤᠨ ᠲᠠᠯᠠᠪᠠᠢ ︵ᠡᠷᠦᠬᠡ︶ ᠶᠢ ᠭᠤᠣᠯᠳᠠᠯᠭ᠎ᠠ ᠲᠠᠢ ᠲᠡᠳᠬᠦᠭᠰᠡᠨ ᠰᠠᠭᠤᠷᠢᠨ  ᠳᠡᠭᠡᠷ᠎ᠡ᠂ 7  ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠢ ᠲᠣᠰᠬᠤᠨ ᠢ ᠬᠥᠭᠵᠢᠭᠦᠯᠵᠦ᠂ ᠵᠢᠱᠢᠯᠲᠡ ᠪᠠᠷ ᠪᠦᠬᠦ ᠵᠢᠯ ᠳᠤ 1700 ᠲᠦᠮᠡᠨ ᠲᠥᠭᠦᠷᠢᠭ ᠤᠨ ᠨᠥᠬᠦᠪᠥᠷᠢ ᠮᠥᠩᠭᠦ ᠪᠠᠭᠤᠯᠭᠠᠵᠤ  ᠲᠦᠷᠦᠭᠦᠤ ᠵᠢᠯ ᠤᠨ ᠬᠢ ᠠᠴᠠ 47% ᠪᠠᠷ ᠨᠡᠮᠡᠭᠳᠡᠪᠡ᠃ ᠬᠤᠶᠠᠷ ᠲᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠭᠤᠷᠢ ᠪᠡᠯᠡᠳᠬᠡᠮᠵᠢ ᠶᠢᠨ ᠣᠷᠣᠭᠤᠯᠤᠯᠲᠠ ᠶᠢ  ᠨᠡᠮᠡᠭᠳᠡᠭᠦᠯᠦᠨ᠎ᠡ  ᠃ ᠶᠠᠳᠠᠭᠤ ᠶᠢ ᠲᠡᠳᠬᠦᠬᠦ ᠲᠥᠷᠥᠯ ᠵᠦᠢᠯ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ᠂ ᠲᠦᠮᠡᠨ ᠲᠣᠯᠣᠭᠠᠶᠢᠲᠤ ᠲᠡᠵᠢᠭᠡᠨ ᠦᠷᠡᠵᠢᠭᠦᠯᠬᠦ ᠲᠣᠭᠤᠷᠢᠭ  ᠢ 4 ᠭᠤᠣᠯᠳᠠᠯᠭ᠎ᠠ ᠲᠠᠢ ᠪᠠᠶᠢᠭᠤᠯᠵᠤ᠂ ᠪᠠᠷᠢᠮᠵᠢᠶᠠᠭᠰᠠᠨ  ᠬᠠᠰᠢᠶ᠎ᠠ ᠰᠠᠷᠠᠪᠴᠢ 18.4 ᠲᠦᠮᠡᠨ ᠲᠡᠭᠰᠢ ᠳᠥᠷᠪᠡᠯᠵᠢᠨ  ᠮᠧᠲᠷ  ᠰᠢᠨ᠎ᠡ ᠪᠠᠷ  ᠨᠡᠮᠡᠨ ᠪᠠᠶᠢᠭᠤᠯᠤᠨ᠎ᠠ᠂᠂ ᠵᠢᠱᠢᠯᠲᠡ ᠪᠠᠷ 9 ᠰᠠᠷ᠎ᠠ ᠳᠤ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ ᠪᠣᠯᠤᠨ᠎ᠠ᠃ ᠭᠤᠷᠪᠠ ᠳᠤ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠠᠵᠤ  ᠦᠢᠯᠡᠰ  ᠤᠨ ᠬᠥᠭᠵᠢᠯᠲᠡ ᠶᠢ ᠤᠷᠲᠤᠳᠬᠠᠨ᠎ᠠ᠃ ᠲᠦᠩ ᠪᠦ᠋ ᠪᠠᠯᠭᠠᠰᠤᠨ ᠤ ᠤᠮᠠᠷᠠᠲᠤ ᠶᠢᠨ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠦᠴᠦᠨ ᠵᠦᠢᠯ  ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶᠡᠵᠢᠯ ᠢ ᠤᠯᠠᠮ ᠨᠢᠭᠡ  ᠠᠯᠬᠤᠮ ᠤᠷᠲᠤᠳᠬᠠᠨ᠎ᠠ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠶᠢ ᠴᠢᠩᠭᠠᠳᠬᠠᠵᠤ᠂ 10 ᠲᠦᠮᠡᠨ ᠲᠣᠯᠣᠭᠠᠶ ᠠᠯᠠᠰᠢᠨ ᠦᠬᠡᠷ ᠨᠢᠲᠤᠯᠬᠤ᠂ ᠬᠡᠰᠡᠭ ᠭᠠᠵᠠᠷ ᠢ ᠰᠠᠯᠭᠠᠬᠤ᠂ ᠪᠤᠯᠭᠤᠭᠰᠠᠨ ᠢᠳᠡᠭᠡᠨ ᠢ  ᠡᠳᠡᠰᠢᠭᠦᠯᠬᠦ  ᠲᠥᠷᠥᠯ  ᠵᠦᠢᠯ ᠢ ᠬᠡᠷᠡᠭᠵᠢᠭᠦᠯᠵᠦ᠂ ᠵᠢᠱᠢᠯᠲᠡ ᠪᠠᠷ 10 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ᠃ 2020 ᠣᠨ ᠳᠤ᠂ ᠪᠦᠬᠦ ᠰᠢᠶᠠᠨ ᠢᠶᠠᠷ ᠢᠶᠠᠨ ᠰᠢᠨ᠎ᠡ ᠪᠠᠷ 6 ᠲᠦᠮᠡᠨ ᠲᠣᠯᠣᠭᠠᠶ ᠠᠯᠠᠰᠢᠨ ᠦᠬᠡᠷ ᠨᠡᠮᠡᠭᠳᠡᠭᠦᠯᠬᠦ ᠪᠠᠷ ᠲᠥᠯᠥᠪᠯᠡᠵᠦ᠂ 6 ᠰᠠᠷ᠎ᠠ ᠶᠢᠨ ᠡᠴᠦᠰ ᠪᠣᠯᠲᠠᠯ᠎ᠠ 2.5 ᠲᠦᠮᠡᠨ ᠲᠣᠯᠣᠭᠠᠶ ᠰᠢᠨ᠎ᠡ ᠪᠠᠷ ᠨᠡᠮᠡᠭᠳᠡᠵᠦ᠂ ᠮᠢᠬᠠᠨ ᠤ ᠦᠬᠡᠷ 21.6  ᠲᠦᠮᠡᠨ ᠲᠣᠯᠣᠭᠠᠶ ᠳᠤ ᠬᠥᠷᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号