ᠯᠢᠨᠰᠢ ᠰᠢᠶᠠᠨ ᠤ ᠣᠯᠠᠨ  ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠯᠤᠭᠠᠨ᠎ᠠ  ᠬᠢᠵᠢᠭ   ᠢ ᠪᠠᠶᠢᠩᠭᠤ  ᠰᠡᠷᠭᠡᠶᠢᠯᠡᠨ ᠡᠵᠡᠮᠳᠡᠬᠦ ᠶᠢ ᠪᠣᠳᠠᠲᠠᠶᠢᠵᠢᠭᠤᠯᠪᠠ᠃
ᠨᠡᠶᠢᠲᠡᠯᠡᠭᠰᠡᠨ ᠴᠠᠭ᠄
2020-07-08
  ᠨᠢᠭᠡ ᠳᠤ᠂ ᠥᠨᠳᠥᠷ ᠲᠦᠪᠰᠢᠨ ᠢᠶᠠᠷ ᠠᠬᠢᠭᠤᠯᠬᠤ ᠶᠢ ᠴᠢᠩᠭᠠᠳᠬᠠᠨ᠎ᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠬᠤᠯᠤᠭᠠᠨ᠎ᠠ ᠬᠢᠵᠢᠭ ᠢ ᠰᠡᠷᠭᠡᠶᠢᠯᠡᠨ  ᠡᠵᠡᠮᠡᠳᠡᠬᠦ  ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠤᠯ ᠤᠳᠤᠷᠢᠳᠤᠯᠭ᠎ᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ᠂ ᠲᠣᠬᠢᠷᠠᠭᠤᠯᠬᠤ ᠶᠢ ᠪᠦᠬᠦ ᠲᠠᠯ᠎ᠠ ᠪᠠᠷ ᠬᠠᠷᠢᠭᠤᠴᠠᠬᠤ ᠬᠡᠷᠡᠭᠲᠡᠶ᠃ ︽ᠯᠢᠨᠰᠢ ᠰᠢᠶᠠᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ  ᠴᠢᠩᠭᠠᠳᠬᠠᠬᠤ ᠠᠵᠢᠯ ᠤᠨ ᠲᠥᠰᠦᠯ︾ ᠤᠨ 4 ᠶᠡᠭᠡ ᠪᠢᠴᠢᠭ ᠮᠠᠲ᠋ᠧᠷᠢᠶᠠᠯ ᠢ  ᠳᠠᠷᠤᠮᠠᠯᠯᠠᠨ ᠲᠠᠷᠬᠠᠭᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠲᠦᠷᠢᠮ ᠢ ᠪᠠᠶᠢᠭᠤᠯᠵᠤ᠂ ︽ᠪᠡᠯᠡᠳᠬᠡᠯ ᠲᠥᠰᠦᠯ᠂ ᠲᠣᠨᠣᠭᠯᠠᠯ᠂ ᠲᠡᠷᠭᠡ ᠬᠥᠰᠬᠡ᠂ ᠠᠵᠢᠯᠲᠠᠨ︾ ᠲᠦᠷᠪᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃    ᠬᠤᠶᠠᠷ ᠲᠤ ᠬᠤᠯᠤᠭᠠᠨ᠎ᠠ ᠪᠠ ᠨᠣᠭᠠᠶ ᠶᠢᠨ ᠪᠥᠭᠡᠰᠦ ᠶᠢ ᠤᠰᠠᠳᠬᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ ᠨᠡᠶᠢᠲᠡ 115 ᠬᠤᠯᠤᠭᠠᠨ᠎ᠠ ᠪᠠ ᠨᠣᠭᠠᠶ ᠶᠢᠨ ᠪᠥᠭᠡᠰᠦ ᠶᠢ ᠤᠰᠠᠳᠬᠠᠬᠤ ᠠᠵᠢᠯ ᠤᠨ ᠠᠩᠭᠢ ᠪᠠᠶᠢᠭᠤᠯᠵᠤ᠂ 68 ᠲᠡᠭᠰᠢ ᠳᠥᠷᠪᠡᠯᠵᠢᠨ  ᠺᠢᠯᠦᠮᠧᠲᠷ  ᠬᠡᠭᠡᠷ᠎ᠡ ᠭᠠᠳᠠᠨ᠎ᠠ ᠪᠠᠶᠢᠴᠠᠭᠠᠯᠲᠠ ᠬᠢᠵᠦ᠂ 4 ᠲᠣᠨ ᠬᠤᠯᠤᠭᠠᠨ᠎ᠠ ᠶᠢ  ᠤᠰᠠᠳᠬᠠᠬᠤ ᠡᠮ ᠣᠷᠣᠭᠤᠯᠪᠠ᠃ 120 ᠲᠡᠭᠰᠢ ᠳᠥᠷᠪᠡᠯᠵᠢᠨ ᠺᠢᠯᠣᠮᠧᠲᠷ ᠭᠠᠵᠠᠷ ᠲᠡᠭᠡᠷ᠎ᠡ  ᠬᠤᠯᠤᠭᠠᠨ᠎ᠠ ᠤᠰᠠᠳᠬᠠᠨ᠎ᠠ᠃ ᠭᠡᠷ ᠲᠤᠨᠢ ᠬᠤᠯᠤᠭᠠᠨ᠎ᠠ ᠤᠰᠠᠳᠬᠠᠬᠤ ᠡᠮ 3 ᠲᠣᠨ ᠲᠠᠯᠪᠢᠵᠤ᠂ 1200 ᠬᠤᠣᠷᠲᠤ ᠥᠭᠶᠥᠭᠡ ᠲᠠᠯᠪᠢᠨ᠎ᠠ᠃ ᠪᠦᠬᠦ ᠰᠢᠶᠠᠨ ᠤ ᠬᠡᠪᠴᠢᠶᠡᠨ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠥᠷᠨᠢᠭᠦᠯᠵᠦ᠂ 8300 ᠬᠥᠮᠦᠨ ᠤᠳᠠᠭ᠎ᠠ᠂  620 ᠢᠵᠢ ᠢᠵᠢ ᠮᠠᠰᠢᠨ ᠮᠧᠬᠠᠨᠢᠭ ᠢ ᠬᠥᠳᠡᠯᠭᠡᠵᠦ᠂ 9600 ᠲᠣᠨ ᠬᠤᠭ ᠨᠣᠪᠰᠢ ᠶᠢ ᠴᠡᠪᠡᠷᠯᠡᠵᠦ᠂ ᠵᠠᠰᠠᠮᠠᠯ ᠵᠠᠮ ᠳᠠᠭᠠᠤ 350 ᠺᠢᠯᠦᠮᠧᠲᠷ ᠵᠠᠰᠠᠮᠠᠯ ᠵᠠᠮ᠂ 480 ᠺᠢᠯᠦᠮᠧᠲᠷ  ᠤᠨ ᠭᠤᠤ ᠰᠤᠪᠠᠭ ᠢ ᠴᠡᠪᠡᠷᠯᠡᠪᠡ᠃    ᠭᠤᠷᠪᠠ ᠳᠤ ᠡᠭᠦᠳᠡᠨ ᠡᠮᠨᠡᠯᠭᠡ ᠶᠢᠨ ᠤᠷᠢᠳᠴᠢᠯᠠᠨ ᠪᠠᠶᠢᠴᠠᠭᠠᠵᠤ ᠰᠢᠭᠰᠢᠨ ᠪᠠᠶᠢᠴᠠᠭᠠᠬᠤ ᠡᠯ᠎ᠡ ᠵᠦᠶ᠋ᠯ ᠤᠨ ᠳᠦᠷᠢᠮ  ᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠡᠮᠴᠢᠯᠡᠭᠡᠨ ᠤ ᠠᠵᠢᠯᠲᠠᠨ ᠢ ᠨᠡᠶᠢᠲᠡ 2098 ᠬᠥᠮᠦᠨ ᠤᠳᠠᠭ᠎ᠠ ᠪᠤᠯᠪᠠᠰᠤᠷᠠᠭᠤᠯᠵᠤ  ᠂ ᠪᠣᠯᠪᠠᠰᠤᠷᠠᠭᠤᠯᠤᠯ ᠤᠨ ᠪᠦᠷᠬᠦᠴᠡ ᠶᠢᠨ ᠨᠣᠷᠮ᠎ᠠ ᠶᠢᠨ 100%  ᠳᠤ ᠬᠦᠷᠴᠠᠢ  ᠃ ᠬᠠᠯᠠᠭᠤᠷᠠᠵᠤ  ᠪᠠᠶᠢᠭ᠎ᠠ ᠡᠪᠡᠳᠴᠢᠲᠡᠨ ᠳᠤ ᠲᠦᠷ ᠴᠠᠭ ᠤᠨ ᠴᠢᠨᠠᠷᠲᠠᠶ ᠲᠤᠬᠠᠶ ᠶᠢᠨ ᠭᠠᠵᠠᠷ ᠲᠤᠨᠢ ᠲᠤᠰᠠᠭᠠᠷᠯᠠᠬᠤ ᠪᠠ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠲᠤᠰᠬᠠᠶ ᠬᠡᠷᠡᠭᠯᠡᠬᠦ ᠲᠡᠷᠭᠡ ᠬᠥᠰᠬᠡ ᠶᠢ ᠬᠡᠷᠡᠭᠯᠡᠨ ᠡᠪᠡᠳᠴᠢᠲᠡᠨ ᠢ ᠰᠢᠯᠵᠢᠭᠦᠯᠦᠨ ᠲᠡᠭᠡᠭᠡᠪᠦᠷᠢᠯᠡᠬᠦ ᠶᠢ   ᠵᠢᠷᠦᠮᠵᠢᠭᠦᠯᠵᠤ  ᠂ ᠬᠠᠯᠠᠭᠤᠷᠠᠭᠰᠠᠨ ᠡᠪᠡᠳᠴᠢᠲᠡᠨ ᠬᠤᠰᠢᠭᠤ ᠰᠢᠶᠠᠨ ᠠᠶᠢᠮᠠᠭ ᠬᠤᠲᠠ ᠠᠯᠤᠰᠯᠠᠨ ᠰᠢᠯᠵᠢᠭᠦᠯᠦᠨ  ᠡᠮᠡᠨᠡᠬᠦᠯᠬᠦ   ᠶᠢ ᠰᠡᠷᠭᠡᠶᠢᠯᠡᠨ᠎ᠡ᠃ ᠪᠦᠬᠦ ᠰᠢᠶᠠᠨ ᠤ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠬᠠᠯᠠᠭᠤᠷᠠᠭᠰᠠᠨ ᠡᠪᠡᠳᠴᠢᠲᠡᠨ ᠢ ᠤᠷᠢᠳᠴᠢᠯᠠ ᠪᠠᠶᠢᠴᠠᠭᠠᠬᠤ ᠪᠠ ᠬᠤᠪᠢ ᠬᠤᠪᠢᠶᠠᠨ ᠡᠮᠨᠡᠬᠦ ᠲᠠᠪᠴᠠᠩ 23᠂ ᠪᠡᠶ᠎ᠡ ᠪᠠᠨ ᠳᠠᠭᠠᠭᠠᠵᠤ ᠬᠠᠯᠠᠭᠤᠷᠠᠬᠤ ᠡᠭᠦᠳᠡᠨ ᠡᠮᠨᠡᠯᠭᠡ 23᠂ ᠨᠡᠶᠢᠲᠡ 153348 ᠬᠥᠮᠦᠨ ᠤᠳᠠᠭ᠎ᠠ ᠤᠷᠢᠳᠴᠢᠯᠠᠨ ᠪᠠᠶᠢᠴᠠᠭᠠᠵᠤ ᠬᠤᠪᠢᠶᠠᠨ ᠣᠨᠣᠰᠢᠯᠠᠵᠤ᠂ ᠬᠠᠮᠲᠤᠷᠠᠨ ᠣᠨᠣᠰᠢᠯᠠᠭᠠᠳ ᠰᠢᠨ᠎ᠡ ᠲᠢᠲᠢᠮ ᠤᠨ ᠸᠢᠷᠦ᠋ᠰ ᠪᠤᠶᠤ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠯ  ᠪᠤᠯᠤᠮᠵᠢ ᠶᠢ ᠦᠭᠡᠶᠢᠰᠬᠡᠵᠠᠢ  ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号