ᠠᠯᠪᠠᠳᠠᠨ ᠤ ᠬᠠᠤᠯᠢ ︵ᠨᠢᠬᠡ︶ | ᠠᠯᠪᠠᠳᠠᠨ ᠤ ᠬᠠᠤᠯᠢ ︵ᠨᠢᠬᠡ︶ ︵2005 ᠤᠨ ᠤ 4 ᠰᠠᠷ᠎ᠠ ᠶᠢᠨ 27 ᠤ ᠡᠳᠦᠷ ᠠᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯᠳᠤᠭᠠᠨ ᠠᠴᠠ ᠪᠠᠳᠤᠯᠠᠪᠠ︶ ᠨᠢᠭᠡᠳᠦᠭᠡᠷ ᠪᠦᠯᠦᠭ ᠶᠡᠷᠦᠩᠭᠡᠢ | ᠲᠦᠷᠢᠮ ᠨᠢᠭᠡᠳᠦᠭᠡᠷ ᠵᠦᠢᠯ ᠠᠯᠪᠠᠳᠠᠨ ᠤ ᠬᠠᠮᠢᠶᠠᠷᠤᠯᠳᠠ ᠶᠢ ᠲᠦᠷᠢᠮᠵᠢᠬᠦᠯᠵᠦ᠂ ᠠᠯᠪᠠᠳᠠᠨ ᠤ ᠬᠠᠥᠯᠢ ᠶᠤᠰᠤᠨ ᠤ | ᠡᠷᠭᠡ ᠠᠰᠢᠭ ᠢ ᠬᠠᠮᠠᠭᠠᠯᠠᠵᠤ᠂ ᠠᠯᠪᠠᠳᠠᠨ ᠳᠤ ᠲᠠᠯᠪᠢᠬᠤ ᠬᠢᠨᠠᠯᠳᠠ ᠶᠢ ᠴᠢᠩᠭᠠᠥᠨᠬᠠᠨ᠂ ᠲᠡᠭᠡᠳᠦ ᠭᠡᠮᠵᠢᠶᠡᠨ ᠤ ᠭᠡᠪ | ᠴᠢᠨᠠᠷ ᠲᠠᠢ ᠠᠯᠪᠠᠳᠠᠨ ᠤ ᠡᠩᠨᠡᠭᠡ ᠶᠢ ᠪᠠᠶᠢᠭᠤᠯᠵᠤ᠂ ᠠᠵᠢᠯᠴᠢ ᠴᠢᠭᠡᠴᠢ ᠪᠠᠷ ᠵᠠᠰᠠᠭ ᠶᠠᠪᠤᠭᠤᠯᠬᠤ ᠶᠢ ᠠᠬᠢᠭᠤᠯᠵᠤ᠂ | ᠠᠵᠢᠯ ᠤᠨ ᠪᠦᠳᠦᠮᠵᠢ ᠴᠢᠳᠠᠪᠤᠷᠢ ᠶᠢ ᠲᠡᠭᠡᠭᠰᠢᠯᠡᠬᠦᠯᠬᠦ ᠶᠢᠨ ᠲᠤᠰᠠᠳᠠ ᠦᠨᠳᠦᠰᠦᠨ ᠬᠠᠥᠯᠢ ᠶᠢ ᠦᠨᠳᠦᠰᠦᠯᠡᠨ ᠲᠤᠰ | ᠬᠠᠥᠯᠢ ᠶᠢ ᠲᠤᠭᠳᠠᠭᠠᠪᠠ᠃ ᠬᠤᠶᠠᠳᠤᠭᠠᠷ ᠵᠦᠢᠯ ᠲᠤᠰ ᠬᠠᠥᠯᠢ ᠳᠤ ᠨᠡᠷᠡᠯᠡᠭᠰᠡᠨ ᠠᠯᠪᠠᠳᠠᠨ ᠭᠡᠳᠡᠭ ᠪᠤᠯ ᠬᠠᠥᠯᠢ | ᠶᠤᠰᠤᠭᠠᠷ ᠠᠯᠪᠠᠨ ᠲᠤᠰᠢᠶᠠᠯ ᠢ ᠬᠦᠢᠴᠡᠥᠨᠭᠡᠳᠡᠭ᠂ ᠤᠯᠤᠰ ᠤᠨ ᠵᠠᠰᠠᠭ ᠵᠠᠬᠢᠷᠭᠠᠨ ᠤ ᠤᠷᠤᠨ ᠲᠤᠭ᠎ᠠ ᠳᠤ ᠤᠷᠤᠵᠤ | ᠪᠠᠶᠢᠭ᠎ᠠ ᠪᠦᠭᠡᠥᠨ ᠤᠯᠤᠰ ᠤᠨ ᠡᠳ᠋ ᠤᠨ ᠵᠠᠰᠠᠭ ᠠᠴᠠ ᠴᠠᠯᠢᠩ ᠠᠰᠠᠷᠠᠮᠵᠢ ᠶᠢ ᠨᠢ ᠡᠭᠦᠷᠭᠡᠯᠡᠵᠦ ᠪᠦᠬᠦᠢ ᠠᠵᠢᠯᠳᠠᠨ ᠢ | ᠵᠢᠭᠠᠳᠠᠭ ᠶᠤᠮ᠃ ᠭᠤᠷᠪᠠᠳᠤᠭᠠᠷ ᠵᠦᠢᠯ ᠠᠯᠪᠠᠳᠠᠨ ᠤ ᠡᠭᠦᠷᠭᠡ᠂ ᠡᠷᠭᠡ ᠬᠢᠭᠡᠥᠨ ᠬᠠᠮᠢᠶᠠᠷᠤᠯᠳᠠ ᠳᠤ ᠲᠤᠰ ᠬᠠᠥᠯᠢ | ᠲᠤᠬᠢᠷᠠᠨ᠎ᠠ᠃ ᠠᠯᠪᠠᠳᠠᠨ ᠤ ᠲᠤᠮᠳᠠᠬᠢ ᠤᠳᠤᠷᠢᠥᠨᠬᠤ ᠪᠦᠷᠢᠯᠳᠦᠬᠦᠨ ᠢ ᠲᠤᠭᠳᠠᠭᠠᠬᠤ᠂ ᠲᠤᠮᠢᠯᠠᠬᠤ ᠪᠠᠭᠤᠯᠭᠠᠬᠤ᠂ | ᠬᠢᠨᠠᠯᠳᠠ ᠲᠠᠯᠪᠢᠬᠤ ᠵᠢᠴᠢ ᠰᠢᠬᠦᠭᠴᠢ᠂ ᠪᠠᠶᠢᠴᠠᠭᠠᠭᠴᠢ ᠶᠢᠨ ᠡᠭᠦᠷᠭᠡ᠂ ᠡᠷᠭᠡ ᠭᠢᠭᠡᠥᠨ ᠬᠠᠮᠢᠶᠠᠷᠤᠯᠳᠠ ᠶᠢᠨ | ᠲᠠᠯ᠎ᠠ ᠪᠠᠷ ᠬᠠᠥᠯᠢ ᠶᠢᠨ ᠪᠤᠰᠤᠤᠨ ᠲᠤᠭᠳᠠᠭᠠᠯ ᠲᠠᠢ ᠪᠤᠯ ᠲᠡᠷᠨ ᠬᠦ ᠲᠤᠭᠳᠠᠭᠠᠯ ᠢ ᠲᠠᠭᠠᠨ᠎ᠠ᠃ ᠲᠦᠷᠪᠡᠳᠦᠭᠡᠷ ᠵᠦᠢᠯ | ᠠᠯᠪᠠᠳᠠᠨ ᠤ ᠲᠦᠷᠢᠮ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠥᠩ ᠤᠨ ᠦᠵᠡᠯ ᠰᠠᠨᠠᠭ᠎ᠠ᠂ ᠳ᠋ᠧᠩ ᠰᠢᠶᠣᠣ | ᠫᠢᠡᠭ ᠤᠨ ᠤᠨᠤᠯ ᠬᠢᠭᠡᠥᠨ ︽ᠭᠤᠷᠪᠠ ᠶᠢ ᠲᠦᠯᠦᠭᠡᠯᠡᠬᠦ︾ ᠴᠢᠬᠤᠯᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠵᠤ᠂ ᠨᠡᠶᠢᠭᠡᠮ ᠵᠢᠷᠤᠮ ᠤᠨ ᠠᠩᠬᠠᠨ ᠤ ᠱᠠᠳᠤᠨ ᠤ ᠦᠨᠳᠦᠰᠦᠨ ᠱᠤᠭᠤᠮ ᠢ ᠲᠤᠤᠱᠯᠠᠭᠤᠯᠤᠨ | ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠺᠠᠳ᠋ᠷ ᠤᠨ ᠱᠤᠭᠤᠮ ᠪᠠ ᠴᠢᠭᠯᠡᠯᠳᠡ ᠶᠢ ᠲᠤᠤᠱᠯᠠᠭᠤᠯᠵᠤ᠂ ᠺᠠᠳ᠋ᠷ ᠢ | ᠨᠠᠮ ᠬᠠᠮᠢᠶᠠᠷᠬᠤ ᠵᠠᠷᠴᠢᠮ ᠢ ᠪᠠᠷᠢᠮᠳᠠᠯᠠᠨ᠎ᠠ᠃ ᠲᠠᠪᠤᠳᠤᠭᠠᠷ ᠵᠦᠢᠯ ᠠᠯᠪᠠᠳᠠᠨ ᠤ ᠬᠠᠮᠢᠶᠠᠷᠤᠯᠳᠠ ᠳᠤ ᠢᠯᠨ᠂ ᠡᠷᠭᠡ | ᠲᠡᠭᠰᠢ᠂ ᠦᠷᠢᠰᠦᠯᠳᠦᠬᠦ᠂ ᠰᠢᠯᠢᠳᠡᠭ ᠢ ᠨᠢ ᠰᠤᠩᠭᠤᠬᠤ ᠵᠠᠷᠴᠢᠮ ᠢ ᠪᠠᠷᠢᠮᠳᠠᠯᠠᠵᠤ᠂ ᠬᠠᠥᠯᠢ ᠳᠤ ᠲᠤᠭᠳᠠᠭᠠᠭᠰᠠᠨ | ᠡᠷᠭᠡ ᠮᠡᠳᠡᠯ ᠤᠨ ᠭᠡᠪᠴᠢᠶ᠎ᠡ᠂ ᠨᠦᠬᠦᠴᠡᠯ᠂ ᠪᠠᠷᠢᠮᠵᠢᠶ᠎ᠠ ᠪᠠ ᠵᠢᠷᠤᠮ ᠶᠤᠰᠤᠭᠠᠷ ᠶᠠᠪᠤᠭᠳᠠᠭᠤᠯᠤᠨ᠎ᠠ᠃ ᠵᠢᠷᠭᠤᠳᠤᠭᠠᠷ | ᠵᠦᠢᠯ ᠠᠯᠪᠠᠳᠠᠨ ᠤ ᠬᠠᠮᠢᠶᠠᠷᠤᠯᠳᠠ ᠳᠤ ᠬᠢᠨᠠᠯᠳᠠ ᠲᠠᠯᠪᠢᠨ ᠬᠢᠵᠠᠭᠠᠷᠯᠠᠬᠤ ᠪᠠ ᠤᠷᠮᠠᠰᠢᠭᠤᠯᠤᠨ ᠵᠤᠷᠢᠠᠠᠵᠢᠭᠤᠯᠵᠤ | ᠪᠠᠳᠤᠯᠠᠭ᠎ᠠ ᠲᠠᠢ ᠪᠤᠯᠭᠠᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠳᠠᠯᠠᠨ᠎ᠠ᠃ ᠲᠤᠯᠤᠳᠤᠭᠠᠷ ᠵᠦᠢᠯ | ᠠᠯᠪᠠᠳᠠᠨ ᠢ ᠭᠡᠷᠡᠭᠯᠡᠬᠦ ᠳᠡᠭᠡᠨ ᠡᠷᠳᠡᠮᠳᠡᠨ ᠮᠡᠷᠭᠡᠥᠨ ᠢ ᠭᠡᠷᠡᠭᠯᠡᠬᠦ᠂ ᠮᠤᠷᠠᠯ ᠴᠢᠳᠠᠪᠤᠷᠢ ᠶᠢ ᠬᠤᠤᠰᠯᠠᠭᠤᠯᠬᠤ ᠵᠠᠷᠴᠢᠮ ᠢ | ᠪᠠᠷᠢᠮᠳᠠᠯᠠᠵᠤ᠂ ᠠᠵᠢᠯ ᠤᠨ ᠪᠤᠳᠠᠳᠤ ᠠᠮᠵᠢᠯᠳᠠ ᠶᠢ ᠴᠢᠬᠤᠯᠠᠴᠢᠯᠠᠨ᠎ᠠ᠃ ᠨᠠᠢᠮᠠᠳᠤᠭᠠᠷ ᠵᠦᠢᠯ ᠤᠯᠤᠰ ᠠᠴᠠ | ᠠᠯᠪᠠᠳᠠᠨ ᠳᠤ ᠲᠦᠷᠦᠯ ᠬᠤᠪᠢᠶᠠᠨ ᠬᠠᠮᠢᠶᠠᠷᠬᠤ ᠶᠢ ᠭᠡᠷᠡᠭᠵᠢᠬᠦᠯᠵᠦ ᠬᠠᠮᠢᠶᠠᠷᠤᠯᠳᠠ ᠶᠢᠨ ᠪᠦᠳᠦᠮᠵᠢ ᠴᠢᠳᠠᠪᠤᠷᠢ | ᠬᠢᠭᠡᠥᠨ ᠰᠢᠨᠵᠢᠯᠡᠬᠦ ᠤᠬᠠᠭᠠᠨᠴᠢᠯᠠᠭᠰᠠᠨ ᠭᠢᠷᠢ ᠭᠡᠮᠵᠢᠶ᠎ᠡ ᠶᠢ ᠲᠡᠭᠡᠭᠰᠢᠯᠡᠬᠦᠯᠦᠨ᠎ᠡ᠃ ᠶᠢᠰᠦᠳᠦᠭᠡᠷ ᠵᠦᠢᠯ ᠠᠯᠪᠠᠳᠠᠨ ᠤ | ᠬᠠᠥᠯᠢ ᠶᠤᠰᠤᠭᠠᠷ ᠡᠭᠦᠷᠭᠡ ᠲᠤᠰᠢᠶᠠᠯ ᠢᠶᠠᠨ ᠬᠦᠢᠴᠡᠥᠨᠭᠡᠬᠦ ᠠᠵᠢᠯᠯᠠᠭ᠎ᠠ ᠶᠢ ᠬᠠᠥᠯᠢ ᠴᠠᠭᠠᠵᠠ ᠪᠠᠷ ᠬᠠᠮᠠᠭᠠᠯᠠᠨ᠎ᠠ᠃ | ᠠᠷᠪᠠᠳᠤᠭᠠᠷ ᠵᠦᠢᠯ ᠲᠦᠪ ᠤᠨ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠤᠯᠤᠰ ᠤᠨ | ᠠᠯᠪᠠᠳᠠᠨ ᠢ ᠶᠡᠷᠦᠩᠭᠡᠶᠢᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠰᠢᠶᠠᠨ ᠤ ᠱᠠᠳᠤᠨ ᠠᠴᠠ ᠲᠡᠭᠡᠭᠰᠢ ᠤᠷᠤᠨ | ᠨᠤᠳᠤᠭ ᠤᠨ ᠡᠯ᠎ᠡ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠬᠠᠷᠢᠶ᠎ᠠ | ᠤᠷᠤᠨ ᠳᠠᠬᠢ ᠠᠯᠪᠠᠳᠠᠨ ᠢ ᠶᠡᠷᠦᠩᠭᠡᠶᠢᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠲᠡᠭᠡᠳᠦ ᠱᠠᠳᠤᠨ ᠤ ᠠᠯᠪᠠᠳᠠᠨ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠤᠷᠠᠳᠤ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠠᠯᠪᠠᠳᠠᠨ ᠤ ᠬᠠᠮᠢᠶᠠᠷᠤᠯᠳᠠ ᠶᠢᠨ ᠠᠵᠢᠯ ᠢ ᠵᠢᠭᠠᠨ ᠵᠢᠯᠤᠭᠤᠳᠤᠨ᠎ᠠ᠃ ᠡᠯ᠎ᠡ ᠱᠠᠳᠤᠨ ᠤ ᠠᠯᠪᠠᠳᠠᠨ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠡᠯ᠎ᠡ ᠪᠠᠶᠢᠭᠤᠯᠭ᠎ᠠ ᠶᠢᠨ ᠬᠠᠮᠢᠶᠠᠷᠤᠯᠳᠠ ᠶᠢᠨ | ᠠᠵᠢᠯ ᠢ ᠵᠢᠭᠠᠨ ᠵᠢᠯᠤᠭᠤᠳᠤᠨ᠎ᠠ᠃ ᠬᠤᠶᠠᠳᠤᠭᠠᠷ ᠪᠦᠯᠦᠭ ᠠᠯᠪᠠᠳᠠᠨ ᠤ ᠨᠦᠬᠦᠴᠡᠯ᠂ ᠡᠭᠦᠷᠭᠡ ᠬᠢᠭᠡᠥᠨ ᠡᠷᠭᠡ | ᠠᠷᠪᠠᠨ ᠨᠢᠭᠡᠳᠦᠭᠡᠷ ᠵᠦᠢᠯ ᠠᠯᠪᠠᠳᠠᠨ ᠨᠢ ᠲᠤᠤᠷᠠᠬᠢ ᠨᠦᠬᠦᠴᠡᠯ ᠢ ᠪᠦᠷᠢᠯᠳᠦᠬᠦᠯᠬᠦ ᠭᠡᠷᠡᠭᠳᠡᠢ᠄ ︵ᠨᠢᠭᠡ︶ ᠪᠦᠬᠦᠳᠠ | ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠬᠠᠷᠢᠶᠠᠳᠤ ᠪᠠᠶᠢᠬᠤ︔ ︵ᠬᠤᠶᠠᠷ︶ ᠪᠦᠬᠦᠯᠢ 18 ᠨᠠᠰᠤ | ᠬᠦᠷᠦᠭᠰᠡᠥᠨ︔ ︵ᠭᠤᠷᠪᠠ︶ ᠪᠦᠬᠦᠳᠠ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠦᠨᠳᠦᠰᠦᠨ ᠬᠠᠥᠯᠢ ᠶᠢ | ᠬᠦᠷᠢᠶᠡᠯᠡᠳᠡᠭ︔ ︵ᠲᠦᠷᠪᠡ︶ ᠰᠢᠯᠢᠳᠡᠭ ᠰᠠᠶᠢᠨ ᠵᠠᠩ ᠰᠤᠷᠳᠠᠯ ᠲᠠᠢ︔ ︵ᠲᠠᠪᠤ︶ ᠡᠭᠦᠷᠭᠡ ᠬᠠᠷᠢᠭᠤᠴᠠᠯᠭ᠎ᠠ ᠪᠠᠨ | ᠭᠡᠪ ᠤᠨ ᠶᠤᠰᠤᠭᠠᠷ ᠪᠡᠶᠡᠯᠡᠬᠦᠯᠵᠦ ᠴᠢᠳᠠᠬᠤ ᠪᠡᠶ᠎ᠡ ᠮᠠᠬᠠᠪᠤᠤᠨ ᠤᠨ ᠨᠦᠬᠦᠴᠡᠯ ᠲᠠᠢ ᠪᠠᠶᠢᠬᠤ︔ ︵ᠵᠢᠷᠭᠤᠭ᠎ᠠ︶ | ᠲᠤᠰᠢᠶᠠᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠰᠤᠶᠤᠯ ᠤᠨ ᠬᠢᠷᠢ ᠭᠡᠮᠵᠢᠶ᠎ᠡ ᠪᠠ ᠠᠵᠢᠯ ᠤᠨ | ᠴᠢᠳᠠᠪᠤᠷᠢ ᠲᠠᠢ ᠪᠠᠶᠢᠬᠤ︔ ︵ᠲᠤᠯᠤᠭ᠎ᠠ︶ ᠬᠠᠥᠯᠢ ᠳᠤ ᠲᠤᠭᠳᠠᠭᠠᠭᠰᠠᠨ ᠪᠤᠰᠤᠤᠨ ᠨᠦᠬᠦᠴᠡᠯ᠃ ᠠᠷᠪᠠᠨ | ᠬᠤᠶᠠᠳᠤᠭᠠᠷ ᠵᠦᠢᠯ ᠠᠯᠪᠠᠳᠠᠨ ᠲᠤᠤᠷᠠᠬᠢ ᠡᠭᠦᠷᠭᠡ ᠨᠦᠭᠦᠳ ᠢ ᠡᠷᠭᠡᠪᠡᠰᠢ ᠬᠦᠢᠴᠡᠥᠨᠭᠡᠬᠦ ᠭᠡᠷᠡᠭᠳᠡᠢ᠄ ︵ᠨᠢᠭᠡ︶ | ᠦᠨᠳᠦᠰᠦᠨ ᠬᠠᠥᠯᠢ ᠪᠤᠯᠤᠨ ᠬᠠᠥᠯᠢ ᠴᠠᠭᠠᠵᠠ ᠶᠢ ᠵᠢᠱᠢᠶᠡᠴᠢ ᠪᠠᠷ ᠰᠠᠬᠢᠨ᠎ᠠ︔ ︵ᠬᠤᠶᠠᠷ︶ ᠲᠤᠭᠳᠠᠭᠰᠠᠨ ᠡᠷᠭᠡ | ᠮᠡᠳᠡᠯ ᠤᠨ ᠭᠡᠪᠴᠢᠶ᠎ᠡ ᠪᠠ ᠵᠢᠷᠤᠮ ᠢᠶᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠥᠨᠭᠡᠨ᠂ ᠠᠵᠢᠯ ᠤᠨ | ᠦᠷ᠎ᠡ ᠪᠦᠳᠦᠮᠵᠢ ᠪᠠᠨ ᠴᠢᠷᠮᠠᠶᠢᠨ ᠲᠡᠭᠡᠭᠰᠢᠯᠡᠬᠦᠯᠦᠨ᠎ᠡ︔ ︵ᠭᠤᠷᠪᠠ︶ ᠪᠦᠬᠦ ᠰᠡᠥᠨᠬᠢᠯ ᠪᠦᠬᠦ ᠵᠤᠷᠢᠭ ᠢᠶᠠᠷ ᠢᠶᠠᠨ | ᠠᠷᠠᠥᠨ ᠲᠦᠮᠡᠨ ᠳᠤ ᠦᠢᠯᠡᠴᠢᠯᠡᠵᠦ᠂ ᠠᠷᠠᠥᠨ ᠲᠦᠮᠡᠨ ᠤ ᠬᠢᠨᠠᠯᠳᠠ ᠶᠢ ᠬᠦᠯᠢᠶᠡᠨ᠎ᠡ︔ ︵ᠲᠦᠷᠪᠡ︶ ᠤᠯᠤᠰ ᠤᠨ | ᠠᠮᠤᠷ ᠲᠦᠪᠰᠢᠨ᠂ ᠨᠡᠷ᠎ᠡ ᠲᠦᠷᠦ ᠪᠤᠯᠤᠨ ᠠᠰᠢᠭ ᠲᠤᠰᠠ ᠶᠢ ᠬᠠᠮᠠᠭᠠᠯᠠᠨ᠎ᠠ︔ ︵ᠲᠠᠪᠤ︶ ᠡᠭᠦᠷᠭᠡ | ᠲᠤᠰᠢᠶᠠᠯ ᠳᠠᠭᠠᠨ ᠰᠢᠳᠤᠷᠭᠤ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠪᠦᠷᠢᠨ ᠬᠦᠢᠴᠡᠥᠭᠡᠬᠦ ᠪᠠᠷ ᠬᠢᠴᠢᠶᠡᠨ | ᠴᠢᠷᠮᠠᠶᠢᠵᠤ᠂ ᠲᠡᠭᠡᠳᠦ ᠱᠠᠳᠤᠨ ᠤ ᠬᠠᠥᠯᠢ ᠶᠤᠰᠤᠭᠠᠷ ᠲᠤᠭᠳᠠᠭᠠᠭᠰᠠᠨ ᠲᠤᠭᠳᠠᠭᠠᠯ ᠪᠠ ᠵᠠᠷᠯᠢᠭ ᠢ ᠲᠠᠭᠠᠬᠤ ᠪᠠ | ᠭᠡᠷᠡᠭᠵᠢᠬᠦᠯᠬᠦ ᠭᠡᠷᠡᠭᠳᠡᠢ᠃ ︵ᠵᠢᠷᠭᠤᠭ᠎ᠠ︶ ᠤᠯᠤᠰ ᠤᠨ ᠨᠢᠭᠤᠴᠠ ᠪᠤᠯᠤᠨ ᠠᠵᠢᠯ ᠤᠨ ᠨᠢᠭᠤᠴᠠ ᠶᠢ ᠬᠠᠮᠠᠭᠠᠯᠠᠨ᠎ᠠ︔ | ︵ᠲᠤᠯᠤᠭ᠎ᠠ︶ ᠰᠠᠬᠢᠯᠭ᠎ᠠ ᠪᠠᠳᠤ ᠶᠢ ᠰᠠᠬᠢᠨ᠂ ᠲᠤᠬᠠᠢᠢᠯᠠᠭᠰᠠᠨ ᠠᠵᠢᠯ ᠤᠨ ᠶᠤᠰᠤ ᠰᠤᠷᠳᠠᠬᠤᠨ ᠢ ᠡᠷᠭᠢᠮᠯᠡᠵᠦ᠂ | ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠢ ᠵᠢᠱᠢᠶᠡᠴᠢ ᠪᠠᠷ ᠵᠢᠷᠤᠮᠯᠠᠨ᠎ᠠ︔ ︵ᠨᠠᠢᠮᠨ︶ ᠠᠷᠢᠭᠤᠨ ᠴᠢᠬᠡᠴᠢ᠂ | ᠲᠦᠪ ᠭᠤᠤᠯᠴᠢ ᠪᠠᠶᠢᠬᠤ ᠭᠡᠷᠡᠭᠳᠡᠢ︔ ︵ᠶᠢᠰᠦ︶ ᠬᠠᠥᠯᠢ ᠴᠠᠭᠠᠵᠠ ᠳᠤ ᠲᠤᠭᠳᠠᠭᠠᠭᠰᠠᠨ ᠪᠤᠰᠤᠤᠨ ᠡᠭᠦᠷᠭᠡ᠃ | ᠠᠷᠪᠠᠨ ᠭᠤᠷᠪᠠᠳᠤᠭᠠᠷ ᠵᠦᠢᠯ ᠠᠯᠪᠠᠳᠠᠨ ᠲᠤᠤᠷᠠᠬᠢ ᠮᠡᠳᠦ ᠡᠷᠭᠡ ᠲᠠᠢ᠄ ︵ᠨᠢᠭᠡ︶ ᠡᠭᠦᠷᠭᠡ ᠬᠠᠷᠢᠭᠤᠴᠠᠯᠭ᠎ᠠ ᠪᠠᠨ | ᠬᠦᠢᠴᠡᠥᠨᠭᠡᠬᠦ ᠳᠤ ᠪᠠᠶᠢᠪᠠᠰᠤ ᠵᠤᠬᠢᠬᠤ ᠠᠵᠢᠯ ᠤᠨ ᠨᠦᠬᠦᠴᠡᠯ ᠢ ᠬᠦᠷᠳᠡᠨ᠎ᠡ︔ ︵ᠬᠤᠶᠠᠷ︶ ᠬᠠᠥᠯᠢ ᠪᠠᠷ | ᠲᠤᠭᠳᠠᠭᠠᠭᠰᠠᠨ ᠤᠴᠢᠷ ᠰᠢᠯᠳᠠᠭᠠᠨ ᠪᠢᠰᠢ᠂ ᠬᠠᠥᠯᠢ ᠶᠢᠨ ᠵᠢᠷᠤᠮ ᠢ ᠲᠠᠮᠵᠢᠭᠰᠠᠨ ᠪᠢᠰᠢ ᠪᠤᠯ ᠲᠤᠰᠢᠶᠠᠯ ᠢ ᠨᠢ | ᠤᠭᠴᠠᠷᠠᠭᠤᠯᠬᠤ ᠦᠭᠡᠢ᠂ ᠲᠤᠰᠢᠶᠠᠯ ᠢ ᠨᠢ ᠪᠠᠭᠤᠷᠠᠭᠤᠯᠬᠤ ᠦᠭᠡᠢ᠂ ᠠᠵᠢᠯ ᠠᠴᠠ ᠨᠢ ᠵᠤᠭᠰᠤᠭᠠᠬᠤ ᠦᠭᠡᠢ ᠪᠤᠶᠤ | ᠰᠢᠥᠨᠭᠡᠯ ᠦᠭᠬᠦ ᠦᠭᠡᠢ︔ ︵ᠭᠤᠷᠪᠠ︶ ᠠᠵᠢᠯ ᠤᠨ ᠴᠠᠯᠢᠩ ᠬᠠᠷᠠᠮᠵᠢ ᠤᠯᠵᠤ᠂ ᠠᠰᠠᠷᠠᠮᠵᠢ᠂ ᠲᠠᠭᠠᠥᠨᠬᠠᠯ ᠤᠨ | ᠤᠯᠭᠤᠮᠵᠢ ᠬᠦᠷᠳᠡᠨ᠎ᠡ︔ ︵ᠲᠦᠷᠪᠡ︶ ᠪᠤᠯᠪᠠᠰᠤᠷᠠᠯ ᠳᠤ ᠤᠷᠤᠯᠴᠠᠨ᠎ᠠ︔ ︵ᠲᠠᠪᠤ︶ ᠪᠠᠶᠢᠭᠤᠯᠭ᠎ᠠ ᠶᠢᠨ ᠠᠵᠢᠯ | ᠪᠤᠯᠤᠨ ᠤᠳᠤᠷᠢᠥᠨᠬᠤ ᠬᠦᠮᠦᠰ ᠲᠤ ᠰᠢᠬᠦᠮᠵᠢᠯᠡᠯ ᠪᠤᠯᠤᠨ ᠰᠠᠨᠠᠭᠤᠯᠭ᠎ᠠ ᠭᠠᠷᠭᠠᠵᠤ ᠪᠤᠯᠤᠨ᠎ᠠ︔ ︵ᠵᠢᠷᠭᠤᠭ᠎ᠠ︶ | ᠭᠤᠮᠤᠳᠠᠯ ᠲᠤᠭᠠᠴᠠᠵᠤ ᠵᠠᠭᠠᠯᠳᠤᠯᠭ᠎ᠠ ᠬᠢᠵᠦ ᠪᠤᠯᠤᠨ᠎ᠠ︔ ︵ᠲᠤᠯᠤᠭ᠎ᠠ︶ ᠲᠤᠰᠢᠶᠠᠯ ᠠᠴᠠ ᠪᠠᠨ ᠪᠠᠭᠤᠬᠤ ᠪᠠᠷ | ᠭᠤᠶᠤᠴᠢᠯᠠᠵᠤ ᠪᠤᠯᠤᠨ᠎ᠠ︔ ︵ᠨᠠᠢᠮᠨ︶ ᠬᠠᠥᠯᠢ ᠳᠤ ᠲᠤᠭᠳᠠᠭᠠᠭᠰᠠᠨ ᠪᠤᠰᠤᠤᠨ ᠡᠷᠭᠡ ᠶᠢ ᠡᠳ᠋ᠯᠡᠨ᠎ᠡ᠃ | ᠭᠤᠷᠪᠠᠳᠤᠭᠠᠷ ᠪᠦᠯᠦᠭ ᠲᠤᠰᠢᠶᠠᠯ ᠬᠢᠭᠡᠥᠨ ᠲᠡᠰ ᠠᠷᠪᠠᠨ ᠲᠦᠷᠪᠡᠳᠦᠭᠡᠷ ᠵᠦᠢᠯ ᠤᠯᠤᠰ ᠠᠴᠠ ᠠᠯᠪᠠᠳᠠᠨ ᠤ | ᠲᠤᠰᠢᠶᠠᠯ ᠤᠨ ᠪᠠᠶᠢᠷᠢ ᠶᠢᠨ ᠲᠦᠷᠦᠯ ᠬᠤᠪᠢᠶᠠᠬᠤ ᠲᠦᠷᠢᠮ ᠢ ᠭᠡᠷᠡᠭᠵᠢᠬᠦᠯᠦᠨ᠎ᠡ᠃ ᠠᠯᠪᠠᠳᠠᠨ ᠤ ᠲᠤᠰᠢᠶᠠᠯ ᠤᠨ | ᠪᠠᠶᠢᠷᠢ ᠶᠢᠨ ᠲᠦᠷᠦᠯ ᠬᠤᠪᠢᠶᠠᠷᠢ ᠶᠢ ᠠᠯᠪᠠᠳᠠᠨ ᠤ ᠲᠤᠰᠢᠶᠠᠯ ᠤᠨ ᠪᠠᠶᠢᠷᠢ ᠶᠢᠨ ᠰᠢᠨᠵᠢ ᠴᠢᠨᠠᠷ᠂ ᠤᠨᠴᠠᠯᠢᠭ ᠬᠢᠭᠡᠥᠨ | ᠬᠠᠮᠢᠶᠠᠷᠤᠯᠳᠠ ᠶᠢᠨ ᠱᠠᠭᠠᠷᠳᠠᠯᠭ᠎ᠠ ᠶᠤᠰᠤᠭᠠᠷ ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ᠂ ᠲᠤᠰᠬᠠᠢ | ᠮᠡᠷᠭᠡᠵᠢᠯ ᠤᠨ ᠲᠦᠷᠦᠯ ᠬᠢᠭᠡᠥᠨ ᠵᠠᠰᠠᠭ ᠵᠠᠬᠢᠷᠭ᠎ᠠ ᠬᠠᠥᠯᠢ ᠭᠡᠷᠡᠭᠵᠢᠬᠦᠯᠬᠦ ᠲᠦᠷᠦᠯ ᠵᠡᠷᠭᠡ ᠪᠠᠷ ᠠᠩᠭᠢᠯᠠᠨ᠎ᠠ᠃ | ᠲᠤᠰᠢᠶᠠᠯ ᠤᠨ ᠪᠠᠶᠢᠷᠢ ᠨᠢ ᠤᠨᠴᠠᠭᠠᠢ ᠴᠢᠨᠠᠷ ᠲᠠᠢ ᠪᠠᠶᠢᠵᠤ ᠲᠤᠰᠠᠭᠠᠷ ᠬᠠᠮᠢᠶᠠᠷᠤᠯᠳᠠ ᠬᠢᠬᠦ ᠴᠢᠬᠤᠯᠨ ᠲᠠᠢ ᠪᠠᠶᠢᠪᠠᠯ | ᠲᠦᠷᠦ ᠶᠢᠨ ᠶᠠᠪᠤᠳᠠᠯ ᠤᠨ ᠬᠤᠷᠢᠶᠠᠨ ᠠᠴᠠ ᠲᠤᠰ ᠬᠠᠥᠯᠢ ᠶᠢ ᠦᠨᠳᠦᠰᠦᠯᠡᠵᠦ᠂ ᠪᠤᠰᠤᠤᠨ ᠲᠤᠰᠢᠶᠠᠯ ᠤᠨ | ᠪᠠᠶᠢᠷᠢ ᠶᠢᠨ ᠲᠦᠷᠦᠯ ᠬᠤᠪᠢᠶᠠᠷᠢ ᠶᠢ ᠨᠡᠮᠡᠨ ᠲᠤᠬᠢᠷᠠᠭᠤᠯᠵᠤ ᠪᠤᠯᠤᠨ᠎ᠠ᠃ ᠡᠯ᠎ᠡ ᠲᠤᠰᠢᠶᠠᠯ ᠤᠨ ᠪᠠᠶᠢᠷᠢ ᠶᠢᠨ ᠲᠦᠷᠦᠯ | ᠬᠤᠪᠢᠶᠠᠷᠢ ᠶᠢᠨ ᠲᠤᠬᠢᠷᠠᠬᠤ ᠬᠦᠷᠢᠶ᠎ᠡ ᠭᠡᠪᠴᠢᠶ᠎ᠡ ᠶᠢ ᠤᠯᠤᠰ ᠠᠴᠠ ᠠᠰ ᠲᠤᠨᠢ ᠲᠤᠭᠳᠠᠭᠠᠯ ᠭᠠᠷᠭᠠᠨ᠎ᠠ᠃ ᠠᠷᠪᠠᠨ | ᠲᠠᠪᠤᠳᠤᠭᠠᠷ ᠵᠦᠢᠯ ᠤᠯᠤᠰ ᠠᠴᠠ ᠠᠯᠪᠠᠳᠠᠨ ᠤ ᠲᠤᠰᠢᠶᠠᠯ ᠤᠨ ᠪᠠᠶᠢᠷᠢ ᠬᠤᠪᠢᠶᠠᠷᠢ ᠶᠢ ᠦᠨᠳᠦᠰᠦᠯᠡᠵᠦ᠂ | ᠠᠯᠪᠠᠳᠠᠨ ᠤ ᠲᠤᠰᠢᠶᠠᠯ ᠤᠨ ᠲᠠᠷᠡᠭᠠᠯᠠᠯ ᠢ ᠪᠠᠶᠢᠷᠢᠯᠡᠭᠤᠯᠤᠨᠠ᠃ ᠠᠷᠪᠠᠨ ᠵᠢᠷᠭᠤᠳᠤᠭᠠᠷ ᠵᠦᠢᠯ ᠠᠯᠪᠳᠠᠠ ᠤ | ᠲᠤᠰᠢᠶᠠᠯ ᠢ ᠤᠳᠤᠷᠢᠳᠤᠯᠭ᠎ᠠ ᠶᠢᠨ ᠲᠤᠰᠢᠶᠠᠯ ᠪᠤᠯᠤᠨ ᠤᠳᠤᠷᠢᠳᠤᠯᠭ᠎ᠠ ᠶᠢᠨ ᠪᠤᠰᠤ ᠲᠤᠰᠢᠶᠠᠯ ᠭᠡᠵᠦ ᠬᠤᠪᠢᠶᠠᠨ᠎ᠠ᠃ | ᠤᠳᠤᠷᠢᠳᠤᠯᠭ᠎ᠠ ᠶᠢᠨ ᠲᠤᠰᠢᠶᠠᠯ ᠤᠨ ᠲᠡᠰ ᠲᠠᠪᠬᠤᠷᠭ᠎ᠠ ᠶᠢ ᠤᠯᠤᠰ ᠤᠨ ᠲᠡᠰ ᠤᠨ ᠲᠡᠷᠢᠬᠦᠨ ᠲᠤᠰᠢᠶᠠᠯ᠂ | ᠤᠯᠤᠰ ᠤᠨ ᠲᠡᠰ ᠤᠨ ᠲᠡᠳ᠋ ᠲᠤᠰᠢᠶᠠᠯ᠂ ᠮᠤᠵᠢ ᠶᠠᠮᠤᠨ ᠤ ᠲᠡᠰ ᠤᠨ ᠲᠡᠷᠢᠬᠦᠨ ᠲᠤᠰᠢᠶᠠᠯ᠂ ᠮᠤᠵᠢ ᠶᠠᠮᠤᠨ ᠤ | ᠲᠡᠰ ᠤᠨ ᠲᠡᠳ᠋ ᠲᠤᠰᠢᠶᠠᠯ᠂ ᠲᠢᠩᠭᠢᠮ ᠲᠤᠪᠴᠢᠶ᠎ᠠ ᠶᠢᠨ ᠲᠡᠰ ᠤᠨ ᠲᠡᠷᠢᠬᠦᠨ ᠲᠤᠰᠢᠶᠠᠯ᠂ ᠲᠢᠩᠭᠢᠮ ᠲᠤᠪᠴᠢᠶ᠎ᠠ ᠶᠢᠨ | ᠲᠡᠰ ᠤᠨ ᠲᠡᠳ᠋ ᠲᠤᠰᠢᠶᠠᠯ᠂ ᠰᠢᠶᠠᠨ ᠭᠠᠵᠠᠷ ᠤᠨ ᠲᠡᠰ ᠤᠨ ᠲᠡᠷᠢᠬᠦᠨ ᠲᠤᠰᠢᠶᠠᠯ᠂ ᠰᠢᠶᠠᠨ ᠭᠠᠵᠠᠷ ᠤᠨ ᠲᠡᠰ ᠤᠨ | ᠲᠡᠳ᠋ ᠲᠤᠰᠢᠶᠠᠯ᠂ ᠰᠢᠶᠠᠩ ᠰᠠᠯᠠᠭ᠎ᠠ ᠶᠢᠨ ᠲᠡᠰ ᠤᠨ ᠲᠡᠷᠢᠬᠦᠨ ᠲᠤᠰᠢᠶᠠᠯ᠂ ᠰᠢᠶᠠᠩ ᠰᠠᠯᠠᠭ᠎ᠠ ᠶᠢᠨ ᠲᠡᠰ ᠤᠨ ᠲᠡᠳ᠋ | ᠲᠤᠰᠢᠶᠠᠯ ᠭᠡᠵᠦ ᠬᠤᠪᠢᠶᠠᠪᠠ᠃ ᠤᠳᠤᠷᠢᠳᠤᠯᠭ᠎ᠠ ᠶᠢᠨ ᠪᠤᠰᠤ ᠲᠤᠰᠢᠶᠠᠯ ᠤᠨ ᠲᠡᠰ ᠲᠠᠪᠬᠤᠷᠭ᠎ᠠ ᠶᠢ ᠲᠢᠩᠭᠢᠮ | ᠲᠤᠪᠴᠢᠶ᠎ᠠ ᠶᠢᠨ ᠲᠡᠰ ᠠᠴᠠ ᠲᠤᠷᠤᠭᠰᠢ ᠪᠠᠶᠢᠷᠢᠯᠠᠭᠤᠯᠪᠠ᠃ ᠠᠷᠪᠠᠨ ᠲᠤᠯᠤᠳᠤᠭᠠᠷ ᠵᠦᠢᠯ ᠶᠡᠷᠦᠩᠭᠡᠶᠢᠯᠡᠭᠰᠡᠨ | ᠬᠠᠮᠢᠶᠠᠷᠤᠯᠳᠠ ᠶᠢᠨ ᠲᠦᠷᠦᠯ ᠤᠨ ᠤᠳᠤᠷᠢᠳᠤᠯᠭ᠎ᠠ ᠶᠢᠨ ᠲᠤᠰᠢᠶᠠᠯ ᠢ ᠦᠨᠳᠦᠰᠦᠨ ᠬᠠᠥᠯᠢ ᠪᠠ ᠬᠠᠮᠢᠶ᠎ᠠ ᠪᠦᠬᠦᠢ | ᠬᠠᠥᠯᠢ ᠴᠠᠭᠠᠵᠠ᠂ ᠲᠤᠰᠢᠶᠠᠯ ᠤᠨ ᠲᠡᠰ ᠲᠠᠪᠬᠤᠷᠭ᠎ᠠ ᠬᠢᠭᠡᠥᠨ ᠪᠠᠶᠢᠭᠤᠯᠤᠮᠵᠢ ᠶᠢᠨ ᠭᠡᠪ ᠪᠠᠷᠢᠮᠵᠢᠶ᠎ᠠ ᠶᠢᠨ | ᠪᠠᠶᠢᠷᠢᠯᠠᠭᠤᠯᠤᠯᠳᠠ ᠶᠢ ᠦᠨᠳᠦᠰᠦᠯᠡᠨ ᠲᠤᠭᠳᠠᠭᠠᠪᠠ᠃ ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ ᠤᠨ | ᠤᠳᠤᠷᠢᠳᠤᠯᠭ᠎ᠠ ᠶᠢᠨ ᠪᠤᠰᠤ ᠲᠤᠰᠢᠶᠠᠯ ᠢ ᠲᠤᠭᠤᠷᠢᠨ ᠪᠠᠶᠢᠴᠠᠭᠠᠭᠴᠢ᠂ ᠲᠡᠳ᠋ ᠲᠤᠭᠤᠷᠢᠨ ᠪᠠᠶᠢᠴᠠᠭᠠᠭᠴᠢ᠂ | ᠪᠠᠶᠢᠴᠠᠭᠠᠨ ᠰᠤᠳᠤᠯᠤᠭᠴᠢ᠂ ᠲᠡᠳ᠋ ᠪᠠᠶᠢᠴᠠᠭᠠᠨ ᠰᠤᠳᠤᠯᠤᠭᠴᠢ᠂ ᠡᠷᠬᠢᠯᠡᠬᠦ ᠭᠡᠰᠢᠬᠦᠴᠢ᠂ ᠭᠡᠰᠢᠬᠦᠴᠢ᠂ ᠲᠡᠳ᠋ | ᠡᠷᠬᠢᠯᠡᠬᠦ ᠭᠡᠰᠢᠬᠦᠴᠢ᠂ ᠠᠯᠪᠠᠴᠢᠨ ᠭᠡᠵᠦ ᠬᠤᠪᠢᠶᠠᠨ᠎ᠠ᠃ ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ ᠠᠴᠠ | ᠭᠠᠳᠠᠨᠠᠬᠢ ᠪᠤᠰᠤᠤᠨ ᠲᠤᠰᠢᠶᠠᠯ ᠤᠨ ᠪᠠᠶᠢᠷᠢ ᠶᠢᠨ ᠲᠦᠷᠦᠯ ᠬᠤᠪᠢᠶᠠᠷᠢ ᠶᠢᠨ ᠠᠯᠪᠠᠳᠠᠨ ᠤ ᠲᠤᠰᠢᠶᠠᠯ ᠤᠨ | ᠲᠠᠷᠠᠭᠠᠯᠠᠯ ᠢ ᠲᠤᠰ ᠬᠠᠥᠯᠢ ᠶᠢ ᠦᠨᠳᠦᠰᠦᠯᠡᠨ ᠤᠯᠤᠰ ᠠᠴᠠ ᠠᠰ ᠲᠤᠨᠢ ᠲᠤᠭᠳᠠᠭᠠᠨ᠎ᠠ᠃ ᠠᠷᠪᠠᠨ ᠨᠠᠢᠮᠠᠳᠤᠭᠠᠷ | ᠵᠦᠢᠯ ᠡᠯ᠎ᠡ ᠪᠠᠶᠢᠭᠤᠯᠭ᠎ᠠ ᠨᠢ ᠲᠤᠭᠳᠠᠭᠰᠠᠨ ᠡᠭᠦᠷᠭᠡ ᠴᠢᠳᠠᠪᠤᠷᠢ᠂ ᠭᠡᠪ ᠪᠠᠷᠢᠮᠵᠢᠶ᠎ᠠ᠂ ᠤᠷᠤᠨ ᠲᠤᠭ᠎ᠠ ᠶᠢᠨ | ᠬᠢᠵᠠᠭᠠᠷᠯᠠᠯ᠂ ᠲᠤᠰᠢᠶᠠᠯ ᠤᠨ ᠲᠤᠭ᠎ᠠ ᠵᠢᠴᠢ ᠪᠦᠳᠦᠴᠡ ᠶᠢᠨ ᠬᠠᠷᠢᠴᠠᠯ ᠢ ᠦᠨᠳᠦᠰᠦᠯᠡᠵᠦ ᠪᠠᠶᠢᠭᠠᠥᠨ ᠲᠤᠰ | ᠪᠠᠶᠢᠭᠤᠯᠭ᠎ᠠ ᠶᠢᠨ ᠢᠶᠠᠨ ᠠᠯᠪᠠᠳᠠᠨ ᠤ ᠪᠤᠳᠠᠳᠠᠢ ᠲᠤᠰᠢᠶᠠᠯ ᠤᠨ ᠪᠠᠶᠢᠷᠢ ᠶᠢ ᠪᠠᠶᠢᠷᠢᠯᠠᠭᠤᠯᠤᠠ᠂ ᠡᠯ᠎ᠡ ᠲᠤᠰᠢᠶᠠᠯ ᠤᠨ | ᠪᠠᠶᠢᠷᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠬᠢᠭᠡᠥᠨ ᠲᠤᠰᠢᠶᠠᠯ ᠳᠤ ᠭᠠᠷᠬᠤ ᠬᠢᠷᠢ ᠭᠡᠮ ᠤᠨ ᠨᠦᠬᠦᠴᠡᠯ ᠢ | ᠲᠤᠭᠳᠠᠭᠠᠨ᠎ᠠ᠃ ᠠᠷᠪᠠ ᠶᠢᠰᠦᠳᠦᠭᠡᠷ ᠵᠦᠢᠯ ᠠᠯᠪᠠᠳᠠᠨ ᠤ ᠲᠤᠰᠢᠶᠠᠯ ᠨᠢ ᠵᠤᠬᠢᠬᠤ ᠲᠡᠰ ᠲᠠᠢ ᠵᠤᠬᠢᠴᠠᠯᠳᠤᠬᠤ | ᠭᠡᠷᠡᠭᠳᠡᠢ᠃ ᠠᠯᠪᠠᠳᠠᠨ ᠤ ᠲᠤᠰᠢᠶᠠᠯ ᠭᠢᠭᠡᠥᠨ ᠲᠡᠰ ᠤᠨ ᠵᠤᠬᠢᠴᠠᠯᠳᠤᠬᠤ ᠬᠠᠷᠢᠴᠠᠭ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠠᠴᠠ ᠲᠤᠭᠳᠠᠭᠠᠨ᠎ᠠ᠃ ᠠᠯᠪᠠᠳᠠᠨ ᠤ ᠲᠤᠰᠢᠶᠠᠯ ᠬᠢᠭᠡᠥᠨ ᠲᠡᠰ ᠪᠤᠯ ᠠᠯᠪᠠᠳᠠᠨ ᠤ ᠴᠠᠯᠢᠩ ᠵᠢᠴᠢ ᠪᠤᠰᠤᠤᠨ | ᠤᠯᠭᠤᠮᠵᠢ ᠶᠢ ᠲᠤᠭᠳᠠᠭᠠᠬᠤ ᠦᠨᠳᠦᠰᠦᠯᠡᠯ ᠪᠤᠯᠤᠨ᠎ᠠ᠃ ᠠᠯᠪᠠᠳᠠᠨ ᠤ ᠲᠡᠰ ᠢ ᠡᠭᠦᠷᠭᠡᠯᠡᠵᠦ ᠪᠠᠶᠢᠭ᠎ᠠ ᠲᠤᠰᠢᠶᠠᠯ | ᠵᠢᠴᠢ ᠲᠡᠬᠦᠨ ᠤ ᠮᠤᠷᠠᠯ ᠴᠢᠳᠠᠪᠤᠷᠢ ᠶᠢᠨ ᠢᠯᠡᠷᠡᠯ᠂ ᠠᠵᠢᠯ ᠤᠨ ᠪᠤᠳᠠᠳᠤ ᠠᠮᠵᠢᠯᠳᠠ ᠪᠤᠯᠤᠨ ᠠᠵᠢᠯ ᠤᠨ | ᠦᠡᠭᠭᠡᠷᠡᠯᠳᠡ ᠶᠢ ᠦᠨᠳᠦᠰᠦᠯᠡᠨ ᠲᠤᠭᠳᠠᠭᠠᠳᠠᠭ᠃ ᠠᠯᠪᠠᠳᠠᠨ ᠨᠢ ᠢᠵᠢᠯ ᠨᠢᠭᠡᠨ ᠲᠤᠰᠢᠶᠠᠯ ᠲᠡᠭᠡᠷ᠎ᠡ ᠤᠯᠤᠰ ᠤᠨ | ᠲᠤᠭᠳᠠᠭᠠᠯ ᠶᠤᠰᠤᠭᠠᠷ ᠲᠡᠰ ᠨᠢ ᠲᠠᠪᠰᠢᠵᠤ ᠪᠤᠯᠤᠨ᠎ᠠ᠃ ᠬᠤᠷᠢᠳᠤᠭᠠᠷ ᠵᠦᠢᠯ ᠤᠯᠤᠰ ᠠᠴᠠ ᠠᠷᠠᠥᠨ ᠤᠨ ᠴᠠᠭᠳᠠᠭ᠎ᠠ | ᠵᠢᠴᠢ ᠬᠢᠯᠢ ᠶᠢᠨ ᠪᠤᠭᠤᠮᠳᠠ᠂ ᠭᠠᠳᠠᠭᠠᠳᠤ ᠳᠤ ᠰᠠᠭᠤᠭ᠎ᠠ ᠭᠠᠳᠠᠭᠠᠳᠤ ᠬᠠᠷᠢᠯᠴᠠᠭᠠᠨ ᠤ ᠪᠠᠶᠢᠭᠤᠯᠤᠮᠵᠢ ᠶᠢᠨ | ᠠᠯᠪᠠᠳᠠᠨ ᠤ ᠠᠵᠢᠯ ᠤᠨ ᠤᠨᠴᠠᠯᠢᠭ ᠢ ᠦᠨᠳᠦᠰᠦᠯᠡᠵᠦ᠂ ᠲᠡᠬᠦᠨ ᠤ ᠲᠤᠰᠢᠶᠠᠯ ᠲᠠᠢ ᠵᠤᠬᠢᠴᠠᠯᠳᠤᠭᠰᠠᠨ ᠴᠤᠯᠨ ᠶᠢᠨ | ᠲᠡᠰ ᠢ ᠪᠠᠶᠢᠷᠢᠯᠡᠭᠤᠯᠤᠨᠠ᠃ ᠲᠦᠷᠪᠡᠳᠦᠭᠡᠷ ᠪᠦᠯᠦᠭ ᠡᠯᠰᠡᠨ ᠭᠡᠷᠡᠭᠯᠡᠬᠦ ᠬᠤᠷᠢᠨ ᠨᠢᠭᠡᠳᠦᠭᠡᠷ ᠵᠦᠢᠯ ᠡᠷᠬᠢᠯᠡᠬᠦ | ᠭᠡᠰᠢᠬᠦᠨ ᠠᠴᠠ ᠲᠤᠷᠤᠭᠰᠢ ᠵᠢᠴᠢ ᠪᠤᠰᠤᠤᠨ ᠵᠤᠬᠢᠴᠠᠩᠭᠤᠢ ᠲᠤᠰᠢᠶᠠᠯ ᠤᠨ ᠲᠡᠰ ᠲᠠᠪᠬᠤᠷᠭ᠎ᠠ ᠶᠢᠨ | ᠤᠳᠤᠷᠢᠳᠤᠯᠭ᠎ᠠ ᠶᠢᠨ ᠪᠤᠰᠤ ᠲᠤᠰᠢᠶᠠᠯ ᠡᠭᠦᠷᠭᠡᠯᠡᠬᠦ ᠲᠦᠷᠦ ᠶᠢᠨ ᠠᠯᠪᠠᠳᠠᠨ ᠢ ᠡᠯᠰᠡᠨ ᠭᠡᠷᠡᠭᠯᠡᠬᠦ ᠳᠤ ᠢᠯᠨ | ᠰᠢᠯᠭᠠᠯᠳᠠ ᠬᠢᠬᠦ᠂ ᠴᠢᠩᠭ᠎ᠠ ᠰᠢᠯᠭᠠᠨ ᠪᠠᠶᠢᠴᠠᠭᠠᠬᠤ᠂ ᠡᠷᠭᠡ ᠲᠡᠭᠰᠢ᠂ ᠦᠷᠢᠰᠦᠯᠳᠦᠬᠦᠯᠬᠦ᠂ ᠰᠢᠯᠢᠳᠡᠭ ᠢ ᠨᠢ | ᠰᠤᠩᠭᠤᠨ ᠭᠡᠷᠡᠭᠯᠡᠬᠦ ᠠᠷᠭ᠎ᠠ ᠶᠢ ᠭᠡᠷᠡᠭᠯᠡᠬᠦ ᠪᠤᠯᠤᠨ᠎ᠠ᠃ ᠦᠨᠳᠦᠰᠦᠳᠡᠨ ᠤ ᠦᠪᠡᠷᠳᠡᠭᠡᠨ ᠵᠠᠰᠠᠬᠤ ᠭᠠᠵᠠᠷ ᠤᠷᠤᠨ ᠨᠢ | ᠲᠡᠭᠡᠷᠡᠬᠢ ᠵᠤᠷᠪᠤᠰ ᠤᠨ ᠲᠤᠭᠳᠠᠭᠠᠯ ᠶᠤᠰᠤᠭᠠᠷ ᠠᠯᠪᠠᠳᠠᠨ ᠢ ᠡᠯᠰᠡᠨ ᠭᠡᠷᠡᠭᠯᠡᠬᠦ ᠳᠡᠭᠡᠨ ᠬᠠᠥᠯᠢ ᠲᠦᠷᠢᠮ ᠪᠠ ᠬᠠᠮᠢᠶ᠎ᠠ | ᠪᠦᠬᠦᠢ ᠲᠤᠭᠳᠠᠭᠠᠯ ᠤᠨ ᠶᠤᠰᠤᠭᠠᠷ ᠴᠦᠭᠡᠨ ᠲᠤᠭᠠᠳᠤ ᠦᠨᠳᠦᠰᠦᠳᠡᠨ ᠤ ᠰᠢᠯᠭᠠᠭᠤᠯᠤᠭᠰᠠᠤᠨ ᠲᠤ ᠵᠤᠬᠢᠬᠤ | ᠬᠠᠷᠠᠭᠠᠯᠵᠠᠯ ᠦᠵᠡᠬᠦᠯᠬᠦ ᠭᠡᠷᠡᠭᠳᠡᠢ᠃ ᠬᠤᠷᠢᠨ ᠬᠤᠶᠠᠳᠤᠭᠠᠷ ᠵᠦᠢᠯ ᠲᠦᠪ ᠤᠨ ᠪᠠᠶᠢᠭᠤᠯᠭ᠎ᠠ ᠵᠢᠴᠢ ᠲᠡᠬᠦᠨ ᠤ | ᠪᠠᠶᠢᠭᠤᠯᠤᠮᠵᠢ ᠶᠢᠨ ᠠᠯᠪᠠᠳᠠᠨ ᠢ ᠡᠯᠰᠡᠨ ᠭᠡᠷᠡᠭᠯᠡᠬᠦ ᠳᠡᠭᠡᠨ ᠲᠦᠪ ᠤᠨ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠬᠠᠷᠢᠭᠤᠴᠠᠨ ᠵᠤᠬᠢᠶᠠᠨ ᠪᠠᠶᠢᠭᠤᠯᠤᠨ᠎ᠠ᠃ ᠤᠷᠤᠨ ᠨᠤᠳᠤᠭ ᠤᠨ ᠡᠯ᠎ᠡ ᠱᠠᠳᠤᠨ ᠤ ᠪᠠᠶᠢᠭᠤᠯᠭ᠎ᠠ ᠶᠢᠨ | ᠠᠯᠪᠠᠳᠠᠨ ᠢ ᠡᠯᠰᠡᠨ ᠭᠡᠷᠡᠭᠯᠡᠬᠦ ᠳᠡᠭᠡᠨ ᠮᠤᠵᠢ ᠶᠢᠨ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠬᠠᠷᠢᠭᠤᠴᠠᠨ ᠵᠤᠬᠢᠶᠠᠨ ᠪᠠᠶᠢᠭᠤᠯᠤᠨ᠎ᠠ᠂ ᠴᠢᠬᠤᠯᠨ ᠲᠠᠢ ᠦᠶ᠎ᠡ ᠳᠤ ᠮᠤᠵᠢ ᠶᠢᠨ ᠱᠠᠳᠤᠨ ᠤ | ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠭᠤᠷᠢᠭ ᠲᠠᠢ ᠬᠤᠳᠠ ᠶᠢᠨ ᠱᠠᠳᠤᠨ ᠤ ᠠᠯᠪᠠᠳᠠᠨ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠨᠠᠶᠢᠳᠠᠵᠤ ᠡᠷᠭᠡ ᠤᠯᠭᠤᠨ ᠵᠤᠬᠢᠶᠠᠨ ᠪᠠᠶᠢᠭᠤᠯᠵᠤ ᠪᠠᠰᠠ ᠪᠤᠯᠤᠨ᠎ᠠ᠃ | ᠬᠤᠷᠢᠨ ᠭᠤᠷᠪᠠᠳᠤᠭᠠᠷ ᠵᠦᠢᠯ ᠠᠯᠪᠠᠳᠠᠨ ᠳᠤ ᠨᠡᠷ᠎ᠡ ᠮᠡᠳᠡᠬᠦᠯᠦᠨ ᠰᠢᠯᠭᠠᠬᠤ ᠳᠤ ᠲᠤᠰ ᠬᠠᠥᠯᠢ ᠶᠢᠨ ᠠᠷᠪᠠᠨ | ᠨᠢᠭᠡᠳᠦᠭᠡᠷ ᠵᠦᠢᠯ ᠳᠤ ᠲᠤᠭᠳᠠᠭᠠᠭᠰᠠᠨ ᠨᠦᠬᠦᠴᠡᠯ ᠢ ᠪᠦᠷᠢᠯᠳᠦᠬᠦᠯᠬᠦ ᠠᠴᠠ ᠭᠠᠳᠠᠨ᠎ᠠ ᠪᠠᠰᠠ ᠮᠤᠵᠢ ᠶᠢᠨ | ᠱᠠᠳᠤᠨ ᠠᠴᠠ ᠲᠡᠭᠡᠭᠰᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠵᠢᠱᠢᠨ | ᠲᠤᠮᠢᠯᠠᠬᠤ ᠲᠤᠰᠢᠶᠠᠯ ᠤᠨ ᠪᠠᠶᠢᠷᠢ ᠳᠤ ᠱᠠᠭᠠᠷᠳᠠᠬᠤ ᠬᠢᠷᠢ ᠭᠡᠮ ᠤᠨ ᠨᠦᠬᠦᠴᠡᠯ ᠢ ᠪᠦᠷᠢᠯᠳᠦᠬᠦᠯᠬᠦ ᠭᠡᠷᠡᠭᠳᠡᠢ ᠶᠤᠮ᠃ | ᠬᠤᠷᠢᠨ ᠲᠦᠷᠪᠡᠳᠦᠭᠡᠷ ᠵᠦᠢᠯ ᠲᠤᠤᠷᠠᠬᠢ ᠬᠦᠮᠦᠰ ᠢ ᠠᠯᠪᠠᠳᠠᠨ ᠢᠶᠠᠷ ᠡᠯᠰᠡᠨ ᠭᠡᠷᠡᠭᠯᠡᠵᠦ ᠪᠤᠯᠬᠤ ᠦᠭᠡᠢ᠄ ︵ᠨᠢᠭᠡ︶ | ᠶᠠᠯ᠎ᠠ ᠬᠢᠵᠦ ᠡᠷᠡᠬᠦᠦ ᠶᠢᠨ ᠭᠡᠷᠡᠭ ᠢᠶᠠᠷ ᠶᠠᠯᠠᠯᠠᠭᠳᠠᠵᠤ ᠦᠡᠭᠭᠡᠷᠡᠭᠰᠡᠨ︔ ︵ᠬᠤᠶᠠᠷ︶ ᠠᠯᠪᠠᠨ ᠲᠤᠰᠢᠶᠠᠯ ᠠᠴᠠ ᠪᠠᠨ | ᠬᠦᠭᠡᠭᠡᠭᠳᠡᠵᠦ ᠦᠡᠭᠭᠡᠷᠡᠭᠰᠡᠨ︔ ︵ᠭᠤᠷᠪᠠ︶ ᠠᠯᠪᠠᠳᠠᠨ ᠢᠶᠠᠷ ᠡᠯᠰᠡᠨ ᠭᠡᠷᠡᠭᠯᠡᠵᠦ ᠦᠯᠦ ᠪᠤᠯᠬᠤ ᠬᠠᠥᠯᠢ ᠪᠠᠷ | ᠲᠤᠭᠳᠠᠭᠠᠭᠰᠠᠨ ᠪᠤᠰᠤᠤᠨ ᠪᠠᠶᠢᠳᠠᠯ᠃ ᠬᠤᠷᠢᠨ ᠲᠠᠪᠤᠳᠤᠭᠠᠷ ᠵᠦᠢᠯ ᠠᠯᠪᠠᠳᠠᠨ ᠢ ᠡᠯᠰᠡᠨ ᠭᠡᠷᠡᠭᠯᠡᠬᠦ ᠳᠤ ᠡᠷᠭᠡᠪᠰᠢ | ᠬᠢᠵᠠᠭᠠᠷᠯᠠᠭᠰᠠᠨ ᠤᠷᠤᠨ ᠲᠤᠭ᠎ᠠ ᠶᠢᠨ ᠲᠤᠳᠤᠷ᠎ᠠ ᠪᠠᠶᠢᠬᠤ ᠪᠦᠭᠡᠥᠨ ᠵᠤᠬᠢᠴᠠᠩᠭᠤᠢ ᠲᠤᠰᠢᠶᠠᠯ ᠤᠨ ᠪᠠᠶᠢᠷᠢ ᠶᠢᠨ | ᠬᠤᠭᠤᠰᠤᠨ ᠤᠷᠤ ᠪᠠᠶᠢᠬᠤ ᠭᠡᠷᠡᠭᠳᠡᠢ᠃ ᠬᠤᠷᠢᠨ ᠵᠢᠷᠭᠤᠳᠤᠭᠠᠷ ᠵᠦᠢᠯ ᠠᠯᠪᠠᠳᠠᠨ ᠡᠯᠰᠡᠨ ᠭᠡᠷᠡᠭᠯᠡᠬᠦ ᠳᠡᠭᠡᠨ ᠡᠯᠰᠡᠨ | ᠰᠢᠯᠭᠠᠬᠤ ᠠᠯᠪᠠᠨ ᠵᠠᠷ ᠨᠡᠶᠢᠳᠡᠯᠡᠨ᠎ᠡ᠃ ᠡᠯᠰᠡᠨ ᠰᠢᠯᠭᠠᠬᠤ ᠠᠯᠪᠠᠨ ᠵᠠᠷ ᠲᠤ ᠡᠯᠰᠡᠨ ᠰᠢᠯᠭᠠᠬᠤ ᠲᠤᠰᠢᠶᠠᠯ ᠤᠨ | ᠪᠠᠶᠢᠷᠢ᠂ ᠲᠤᠭ᠎ᠠ ᠨᠤᠷᠮ᠎ᠠ᠂ ᠨᠡᠷ᠎ᠡ ᠮᠡᠳᠡᠬᠦᠯᠦᠨ ᠰᠢᠯᠭᠠᠬᠤ ᠭᠢᠷᠢ ᠭᠡᠮ ᠤᠨ ᠨᠦᠬᠦᠴᠡᠯ ᠬᠢᠭᠡᠥᠨ ᠨᠡᠷ᠎ᠡ ᠮᠡᠳᠡᠬᠦᠯᠦᠨ | ᠰᠢᠯᠭᠠᠭᠤᠯᠬᠤ ᠳᠤ ᠲᠤᠰᠢᠶᠠᠬᠤ ᠭᠤᠶᠤᠴᠢᠯᠠᠯ ᠤᠨ ᠮᠠᠲ᠋ᠧᠷᠢᠶᠠᠯ ᠵᠢᠴᠢ ᠪᠤᠰᠤᠤᠨ ᠮᠡᠳᠡᠪᠡᠰᠦ ᠵᠤᠬᠢᠬᠤ ᠵᠦᠢᠯ ᠢ | ᠤᠷᠤᠭᠤᠯᠤᠨ ᠲᠤᠳᠤᠷᠬᠠᠢᠢᠯᠠᠬᠤ ᠭᠡᠷᠡᠭᠳᠡᠢ᠃ ᠡᠯᠰᠡᠨ ᠭᠡᠷᠡᠭᠯᠡᠬᠦ ᠪᠠᠶᠢᠭᠤᠯᠭ᠎ᠠ ᠨᠢ ᠠᠷᠭ᠎ᠠ ᠭᠡᠮᠵᠢᠶ᠎ᠡ ᠠᠪᠴᠤ ᠪᠠᠶᠢᠭᠠᠥᠨ | ᠠᠷᠠᠥᠨ ᠢᠷᠭᠡᠥᠨ ᠤᠨ ᠨᠡᠷ᠎ᠡ ᠮᠡᠳᠡᠬᠦᠯᠦᠨ ᠰᠢᠯᠭᠠᠬᠤ ᠳᠤ ᠲᠦᠬᠦᠮ ᠦᠵᠡᠬᠦᠯᠬᠦ ᠭᠡᠷᠡᠭᠳᠡᠢ᠃ ᠬᠤᠷᠢᠨ ᠲᠤᠯᠤᠳᠤᠭᠠᠷ | ᠵᠦᠢᠯ ᠠᠯᠪᠠᠳᠠᠨ ᠡᠯᠰᠡᠨ ᠭᠡᠷᠡᠭᠯᠡᠬᠦ ᠪᠠᠶᠢᠭᠤᠯᠭ᠎ᠠ ᠠᠴᠠ ᠮᠡᠳᠡᠬᠦᠯᠦᠨ ᠰᠢᠯᠭᠠᠭᠤᠯᠬᠤ ᠭᠢᠷᠢ ᠭᠡᠮ ᠤᠨ ᠨᠦᠬᠦᠴᠡᠯ ᠢ | ᠦᠨᠳᠦᠰᠦᠯᠡᠵᠦ ᠮᠡᠳᠡᠬᠦᠯᠦᠨ ᠰᠢᠯᠭᠠᠭᠤᠯᠤᠭᠰᠠᠥᠨ ᠤᠨ ᠭᠤᠶᠤᠴᠢᠯᠠᠯ ᠢ ᠬᠢᠨᠠᠨ ᠪᠠᠶᠢᠴᠠᠭᠠᠨ᠎ᠠ᠃ | ᠰᠢᠯᠭᠠᠭᠤᠯᠤᠭᠰᠠᠥᠨ ᠤᠨ ᠲᠤᠰᠢᠶᠠᠭᠰᠠᠨ ᠭᠤᠶᠤᠴᠢᠯᠠᠯ ᠨᠢ ᠵᠠᠪᠠᠯ ᠦᠨᠡᠨ ᠪᠤᠳᠠᠳᠠᠢ ᠵᠦᠪ ᠤᠨᠤᠪᠴᠢᠳᠠᠢ ᠪᠠᠶᠢᠬᠤ | ᠭᠡᠷᠡᠭᠳᠡᠢ᠃ ᠬᠤᠷᠢᠨ ᠨᠠᠢᠮᠠᠳᠤᠭᠠᠷ ᠵᠦᠢᠯ ᠠᠯᠪᠠᠳᠠᠨ ᠡᠯᠰᠡᠨ ᠭᠡᠷᠡᠭᠯᠡᠬᠦ ᠰᠢᠯᠭᠠᠯᠳᠠ ᠶᠢ ᠪᠢᠷ ᠢᠶᠠᠷ ᠰᠢᠯᠭᠠᠬᠤ ᠪᠠ | ᠨᠢᠭᠤᠷᠳᠠᠨ ᠰᠢᠯᠭᠠᠬᠤ ᠠᠷᠭ᠎ᠠ ᠪᠠᠷ ᠶᠠᠪᠤᠭᠳᠠᠭᠤᠯᠤᠨ᠎ᠠ᠂ ᠰᠢᠯᠭᠠᠯᠳᠠ ᠶᠢᠨ ᠠᠭᠤᠯᠭ᠎ᠠ ᠶᠢ ᠠᠯᠪᠠᠳᠠᠨ ᠤ | ᠪᠦᠷᠢᠯᠳᠦᠬᠦᠯᠪᠡᠰᠦ ᠵᠤᠬᠢᠬᠤ ᠦᠨᠳᠦᠰᠦᠨ ᠴᠢᠳᠠᠪᠤᠷᠢ ᠬᠢᠭᠡᠥᠨ ᠠᠳᠠᠯᠢ ᠪᠤᠰᠤ ᠲᠤᠰᠢᠶᠠᠯ ᠤᠨ ᠪᠠᠶᠢᠷᠢ ᠶᠢᠨ ᠲᠦᠷᠦᠯ | ᠬᠤᠪᠢᠶᠠᠷᠢ ᠶᠢ ᠨᠢ ᠦᠨᠳᠦᠰᠦᠯᠡᠨ ᠢᠯᠭᠠᠨ ᠪᠠᠶᠢᠷᠢᠯᠠᠭᠤᠯᠬᠤ ᠭᠡᠷᠡᠭᠳᠡᠢ᠃ ᠬᠤᠷᠢ ᠶᠢᠰᠦᠳᠦᠭᠡᠷ ᠵᠦᠢᠯ ᠡᠯᠰᠡᠬᠦ | ᠪᠠᠶᠢᠭᠤᠯᠭ᠎ᠠ ᠠᠴᠠ ᠰᠢᠯᠭᠠᠯᠳᠠ ᠶᠢᠨ ᠬᠢᠷᠢ ᠪᠦᠳᠦᠮᠵᠢ ᠶᠢ ᠦᠨᠳᠦᠰᠦᠯᠡᠵᠦ ᠪᠠᠶᠢᠭᠠᠥᠨ ᠰᠢᠯᠭᠠᠨ ᠪᠠᠶᠢᠴᠠᠭᠠᠬᠤ ᠳᠤ | ᠰᠤᠩᠭᠤᠭᠳᠠᠭᠰᠠᠤᠨ ᠢ ᠲᠤᠭᠳᠠᠭᠠᠨ᠂ ᠲᠡᠳᠡᠨᠡᠷ ᠤᠨ ᠨᠡᠷ᠎ᠡ ᠮᠡᠳᠡᠬᠦᠯᠦᠨ ᠰᠢᠯᠭᠠᠭᠤᠯᠬᠤ ᠬᠢᠷᠢ ᠭᠡᠮ ᠢ ᠨᠢ ᠲᠠᠪᠳᠠᠨ | ᠬᠢᠨᠠᠵᠤ᠂ ᠰᠢᠯᠭᠠᠨ ᠪᠠᠶᠢᠴᠠᠭᠠᠬᠤ ᠪᠠ ᠪᠡᠶ᠎ᠡ ᠮᠠᠬᠠᠪᠤᠤᠨ ᠤᠨ ᠪᠠᠶᠢᠴᠠᠭᠠᠯᠳᠠ ᠬᠢᠨ᠎ᠡ᠃ ᠪᠡᠶ᠎ᠡ ᠮᠠᠬᠠᠪᠤᠤᠨ ᠢ | ᠪᠠᠶᠢᠴᠠᠭᠠᠬᠤ ᠲᠦᠷᠦᠯ ᠵᠦᠢᠯ ᠪᠤᠯᠤᠨ ᠪᠠᠷᠢᠮᠵᠢᠶ᠎ᠠ ᠶᠢ ᠲᠤᠰᠢᠶᠠᠯ ᠤᠨ ᠪᠠᠶᠢᠷᠢ ᠶᠢᠨ ᠱᠠᠭᠠᠷᠳᠠᠯᠭ᠎ᠠ ᠶᠢ ᠦᠨᠳᠦᠰᠦᠯᠡᠵᠤ | ᠲᠤᠭᠳᠠᠭᠠᠨ᠎ᠠ᠃ ᠪᠤᠳᠠᠳᠠᠢ ᠠᠷᠭ᠎ᠠ ᠶᠢ ᠲᠦᠪ ᠤᠨ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ | ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ | ᠬᠠᠮᠳᠤᠷᠠᠨ ᠲᠤᠭᠳᠠᠭᠠᠨ᠎ᠠ᠃ ᠭᠤᠴᠢᠳᠤᠭᠠᠷ ᠵᠦᠢᠯ ᠡᠯᠰᠡᠨ ᠭᠡᠷᠡᠭᠯᠡᠬᠦ ᠪᠠᠶᠢᠭᠤᠯᠭ᠎ᠠ ᠠᠴᠠ ᠰᠢᠯᠭᠠᠯᠳᠠ ᠶᠢᠨ ᠬᠢᠷᠢ | ᠪᠦᠳᠦᠮᠵᠢ᠂ ᠰᠢᠯᠭᠠᠨ ᠪᠠᠶᠢᠴᠠᠭᠠᠭᠰᠠᠨ ᠪᠠᠶᠢᠳᠠᠯ ᠬᠢᠭᠡᠥᠨ ᠪᠡᠶ᠎ᠡ ᠮᠠᠬᠠᠪᠤᠤᠨ ᠪᠠᠶᠢᠴᠠᠭᠠᠭᠰᠠᠨ ᠦᠷ᠎ᠡ ᠳ᠋ᠥᠩ ᠢ | ᠦᠨᠳᠦᠰᠦᠯᠡᠵᠦ᠂ ᠵᠢᠱᠢᠨ ᠡᠯᠰᠡᠬᠦ ᠬᠦᠮᠦᠰ ᠤᠨ ᠨᠡᠷᠡᠰ ᠢ ᠭᠠᠷᠭᠠᠬᠤ ᠮᠦᠷᠳᠡᠭᠡᠨ ᠵᠠᠷᠯᠠᠨ ᠨᠡᠶᠢᠳᠡᠯᠡᠨ᠎ᠡ᠃ ᠵᠠᠷᠯᠠᠨ | ᠨᠡᠶᠢᠳᠡᠯᠡᠬᠦ ᠬᠤᠭᠤᠴᠠᠭ᠎ᠠ ᠲᠠᠭᠤᠰᠪᠠᠯ ᠲᠦᠪ ᠤᠨ ᠱᠠᠳᠤᠨ ᠤ ᠡᠯᠰᠡᠨ ᠭᠡᠷᠡᠭᠯᠡᠬᠦ ᠪᠠᠶᠢᠭᠤᠯᠭ᠎ᠠ ᠨᠢ ᠡᠯᠰᠡᠨ | ᠭᠡᠷᠡᠭᠯᠡᠬᠦ ᠪᠠᠷ ᠵᠢᠱᠢᠵᠦ ᠪᠠᠶᠢᠭ᠎ᠠ ᠬᠦᠮᠦᠰ ᠤᠨ ᠨᠡᠷᠡᠰ ᠢ ᠲᠦᠪ ᠤᠨ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠲᠤ ᠮᠡᠳᠡᠬᠦᠯᠵᠦ ᠲᠠᠩᠰᠠᠯᠠᠭᠤᠯᠤᠨ᠎ᠠ︔ ᠤᠷᠤᠨ ᠨᠤᠳᠤᠭ ᠤᠨ ᠡᠯ᠎ᠡ ᠱᠠᠳᠤᠨ ᠤ ᠡᠯᠰᠡᠨ ᠭᠡᠷᠡᠭᠯᠡᠬᠦ | ᠪᠠᠶᠢᠭᠤᠯᠭ᠎ᠠ ᠨᠢ ᠡᠯᠰᠡᠨ ᠭᠡᠷᠡᠭᠯᠡᠬᠦ ᠪᠠᠷ ᠵᠢᠱᠢᠵᠦ ᠪᠠᠶᠢᠭ᠎ᠠ ᠬᠦᠮᠦᠰ ᠤᠨ ᠨᠡᠷᠡᠰ ᠢ ᠮᠤᠵᠢ ᠶᠢᠨ ᠱᠠᠳᠤ ᠪᠤᠶᠤ | ᠲᠤᠭᠤᠷᠢᠭ ᠲᠠᠢ ᠬᠤᠳᠠ ᠶᠢᠨ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ | ᠵᠦᠪᠰᠢᠶᠡᠷᠡᠬᠦᠯᠦᠨ᠎ᠡ᠃ ᠭᠤᠴᠢᠨ ᠨᠢᠭᠡᠳᠦᠭᠡᠷ ᠵᠦᠢᠯ ᠤᠨᠴᠠ ᠲᠤᠰᠢᠶᠠᠯ ᠤᠨ ᠪᠠᠶᠢᠷᠢ ᠶᠢᠨ ᠠᠯᠪᠠᠳᠠᠨ ᠢ | ᠭᠡᠷᠡᠭᠯᠡᠬᠦ ᠳᠡᠭᠡᠨ ᠮᠤᠵᠢ ᠶᠢᠨ ᠱᠠᠳᠤᠨ ᠠᠴᠠ ᠲᠡᠭᠡᠭᠰᠢᠬᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠦᠨ ᠵᠢᠷᠤᠮ ᠢ ᠬᠢᠯᠪᠠᠷᠴᠢᠯᠠᠬᠤ ᠪᠤᠶᠤ ᠡᠰᠡᠬᠦᠯ᠎ᠡ ᠪᠤᠰᠤᠤᠨ ᠰᠢᠯᠭᠠᠨ ᠦᠨᠡᠯᠡᠬᠦ ᠠᠷᠭ᠎ᠠ ᠶᠢ ᠭᠡᠷᠡᠭᠯᠡᠵᠦ | ᠪᠤᠯᠤᠨ᠎ᠠ᠃ ᠭᠤᠴᠢᠨ ᠬᠤᠶᠠᠳᠤᠭᠠᠷ ᠵᠦᠢᠯ ᠰᠢᠨ᠎ᠡ ᠡᠯᠰᠡᠨ ᠭᠡᠷᠡᠭᠯᠡᠬᠦ ᠠᠯᠪᠠᠳᠠᠨ ᠤ ᠲᠤᠷᠰᠢᠨ ᠭᠡᠷᠡᠭᠯᠡᠬᠦ | ᠬᠤᠭᠤᠴᠠᠭ᠎ᠠ ᠨᠢ ᠨᠢᠭᠡ ᠵᠢᠯ ᠪᠤᠯᠤᠨ᠎ᠠ᠃ ᠲᠤᠷᠰᠢᠨ ᠭᠡᠷᠡᠭᠯᠡᠬᠦ ᠬᠤᠭᠤᠴᠠᠭ᠎ᠠ ᠨᠢ ᠲᠠᠭᠤᠰᠤᠭᠠᠥᠨ ᠬᠢᠷᠢ | ᠲᠡᠩᠴᠡᠭᠰᠡᠥᠨ ᠢ ᠲᠤᠰᠢᠶᠠᠯ ᠳᠤ ᠲᠤᠮᠢᠯᠠᠨ᠎ᠠ︔ ᠭᠢᠷᠢ ᠦᠯᠦ ᠲᠡᠩᠴᠡᠭᠰᠡᠥᠨ ᠢ ᠡᠯᠰᠡᠨ ᠭᠡᠷᠡᠭᠯᠡᠬᠦ ᠶᠢ ᠬᠦᠴᠦᠨ ᠦᠭᠡᠢ | ᠪᠤᠯᠭᠠᠨ᠎ᠠ᠃ ᠲᠠᠪᠤᠳᠤᠭᠠᠷ ᠪᠦᠯᠦᠭ ᠬᠢᠨᠠᠨ ᠰᠢᠯᠭᠠᠬᠤ ᠭᠤᠴᠢᠨ ᠭᠤᠷᠪᠠᠳᠤᠭᠠᠷ ᠵᠦᠢᠯ ᠠᠯᠪᠠᠳᠠᠨ ᠢ ᠬᠢᠨᠠᠨ | ᠰᠢᠯᠭᠠᠬᠤ ᠳᠠᠭᠠᠨ ᠬᠠᠮᠢᠶᠠᠷᠤᠯᠳᠠ ᠶᠢᠨ ᠡᠷᠭᠡ ᠮᠡᠳᠡᠯ ᠤᠨ ᠭᠡᠪᠴᠢᠶ᠎ᠡ ᠶᠤᠰᠤᠭᠠᠷ ᠠᠯᠪᠠᠳᠠᠨ ᠤ ᠤᠬᠠᠮᠰᠠᠷ᠂ ᠴᠢᠳᠠᠪᠤᠷᠢ᠂ | ᠴᠢᠷᠮᠠᠶᠢᠯᠭ᠎ᠠ᠂ ᠠᠮᠵᠢᠯᠳᠠ᠂ ᠠᠷᠢᠭᠤᠨ ᠴᠢᠬᠢᠴᠢ ᠶᠢ ᠪᠦᠬᠦ ᠲᠠᠯ᠎ᠠ ᠪᠠᠷ ᠬᠢᠨᠠᠨ ᠰᠢᠯᠭᠠᠵᠤ᠂ ᠠᠵᠢᠯ ᠤᠨ ᠪᠤᠳᠠᠳᠤ | ᠠᠮᠵᠢᠯᠳᠠ ᠶᠢ ᠭᠤᠤᠯᠳᠠᠯᠭ᠎ᠠ ᠲᠠᠢ ᠬᠢᠨᠠᠨ ᠰᠢᠯᠭᠠᠨ᠎ᠠ᠃ ᠭᠤᠴᠢᠨ ᠲᠦᠷᠪᠡᠳᠦᠭᠡᠷ ᠵᠦᠢᠯ ᠠᠯᠪᠠᠳᠠᠨ ᠤ ᠬᠢᠨᠠᠨ | ᠰᠢᠯᠭᠠᠯᠳᠠ ᠶᠢ ᠡᠩ ᠤᠨ ᠦᠶ᠎ᠡ ᠶᠢᠨ ᠬᠢᠨᠠᠨ ᠰᠢᠯᠭᠠᠯᠳᠠ ᠪᠠ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠯᠳᠠ | ᠬᠡᠵᠦ ᠬᠤᠪᠢᠶᠠᠨ᠎ᠠ᠃ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠯᠳᠠ ᠨᠢ ᠡᠩ ᠤᠨ ᠦᠶ᠎ᠡ ᠶᠢᠨ ᠬᠢᠨᠠᠨ | ᠰᠢᠯᠭᠠᠯᠳᠠ ᠪᠠᠷ ᠰᠠᠭᠤᠷᠢ ᠪᠤᠯᠭᠠᠨ᠎ᠠ᠃ ᠭᠤᠴᠢᠨ ᠲᠠᠪᠤᠳᠤᠭᠠᠷ ᠵᠦᠢᠯ ᠤᠳᠤᠷᠢᠥᠨᠬᠤ ᠪᠦᠷᠢᠯᠳᠦᠬᠦᠨ ᠪᠤᠰᠤ | ᠠᠯᠪᠠᠳᠠᠨ ᠤ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠯᠳᠠ ᠳᠤ ᠤᠨ ᠤ ᠬᠢᠨᠠᠨ ᠰᠢᠯᠭᠠᠯᠳᠠ ᠶᠢᠨ ᠠᠷᠭ᠎ᠠ ᠶᠢ | ᠭᠡᠷᠡᠭᠯᠡᠨ᠎ᠡ᠂ ᠤᠷᠢᠳᠠᠪᠠᠷ ᠬᠤᠪᠢ ᠬᠦᠮᠦᠨ ᠦᠪᠡᠷ ᠤᠨ ᠲᠤᠰᠢᠶᠠᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠ | ᠬᠠᠮᠢᠶ᠎ᠠ ᠪᠦᠬᠦᠢ ᠱᠠᠭᠠᠷᠳᠠᠯᠭ᠎ᠠ ᠪᠠᠷ ᠳ᠋ᠥᠩᠨᠡᠯᠳᠡ ᠬᠢᠵᠦ᠂ ᠭᠤᠤᠯᠯᠠᠨ ᠬᠠᠮᠢᠶᠠᠷᠬᠤ ᠤᠳᠤᠷᠢᠳᠤᠯᠭ᠎ᠠ ᠨᠢ ᠤᠯᠠᠨ | ᠲᠦᠮᠡᠨ ᠤ ᠰᠠᠨᠠᠯ ᠢ ᠰᠤᠨᠤᠰᠤᠭᠰᠠᠨ ᠰᠠᠭᠤᠷᠢ ᠲᠡᠭᠡᠷ᠎ᠡ᠂ ᠬᠢᠨᠠᠨ ᠰᠢᠯᠭᠠᠭᠰᠠᠨ ᠲᠡᠰ ᠲᠤᠭᠳᠠᠭᠠᠬᠤ ᠰᠠᠨᠠᠯ ᠲᠤᠷᠠᠥᠨᠴᠤ | ᠂ ᠲᠤᠰ ᠪᠠᠶᠢᠭᠤᠯᠭ᠎ᠠ ᠶᠢᠨ ᠬᠠᠷᠢᠭᠤᠴᠠᠯᠭᠠᠳᠠᠨ ᠪᠤᠶᠤ ᠡᠷᠭᠡ ᠤᠯᠭᠤᠭᠰᠠᠨ ᠬᠢᠨᠠᠨ ᠰᠢᠯᠭᠠᠬᠤ ᠺᠤᠮᠢᠰ ᠬᠢᠨᠠᠨ | ᠰᠢᠯᠭᠠᠭᠰᠠᠨ ᠲᠡᠰ ᠢ ᠲᠤᠭᠳᠠᠭᠠᠨ᠎ᠠ᠃ ᠤᠳᠤᠷᠢᠥᠨᠬᠤ ᠪᠦᠷᠢᠯᠳᠦᠬᠦᠨ ᠤ ᠲᠤᠭᠳᠠᠭᠰᠠᠨ ᠬᠤᠭᠤᠴᠠᠭ᠎ᠠ ᠲᠠᠢ ᠬᠢᠨᠠᠨ | ᠰᠢᠯᠭᠠᠯᠳᠠ ᠶᠢ ᠭᠤᠤᠯᠯᠠᠨ ᠬᠠᠮᠢᠶᠠᠷᠬᠤ ᠪᠠᠶᠢᠭᠤᠯᠭ᠎ᠠ ᠬᠤᠯᠪᠤᠭᠳᠠᠯ ᠪᠦᠬᠦᠢ ᠲᠤᠭᠳᠠᠭᠠᠯ ᠢᠶᠠᠷ ᠶᠠᠪᠤᠭᠳᠠᠭᠤᠯᠤᠨ᠎ᠠ᠃ | ᠭᠤᠴᠢᠨ ᠵᠢᠷᠭᠤᠳᠤᠭᠠᠷ ᠵᠦᠢᠯ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠯᠳᠠ ᠶᠢᠨ ᠦᠷ᠎ᠡ ᠳ᠋ᠥᠩ ᠢ ᠰᠢᠯᠢᠳᠡᠭ | ᠂ ᠲᠤᠰᠢᠶᠠᠯ ᠳᠠᠭᠠᠨ ᠲᠡᠩᠴᠡᠬᠦ᠂ ᠲᠤᠰᠢᠶᠠᠯ ᠳᠠᠭᠠᠨ ᠦᠨᠳᠦᠰᠦᠨ ᠳᠡᠭᠡᠨ ᠲᠡᠩᠴᠡᠬᠦ᠂ ᠲᠤᠰᠢᠶᠠᠯ ᠳᠠᠭᠠᠨ ᠦᠯᠦ | ᠲᠡᠩᠴᠡᠬᠦ ᠲᠦᠷᠪᠡᠨ ᠲᠡᠰ ᠬᠤᠪᠢᠶᠠᠨ᠎ᠠ᠃ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠭᠰᠠᠨ ᠦᠷ᠎ᠡ ᠳ᠋ᠥᠩ ᠢ | ᠠᠯᠪᠠᠳᠠᠨ ᠲᠤᠰ ᠬᠦᠮᠦᠨ ᠳᠤᠨᠢ ᠪᠢᠴᠢᠭ ᠢᠶᠠᠷ ᠮᠡᠳᠡᠭᠳᠡᠬᠦ ᠭᠡᠷᠡᠭᠳᠡᠢ᠃ ᠭᠤᠴᠢᠨ ᠲᠤᠯᠤᠳᠤᠭᠠᠷ ᠵᠦᠢᠯ ᠲᠤᠭᠳᠠᠭᠰᠠᠨ | ᠬᠤᠭᠤᠴᠠᠭ᠎ᠠ ᠲᠠᠢ ᠬᠢᠨᠠᠨ ᠰᠢᠯᠭᠠᠭᠰᠠᠠ ᠦᠷ᠎ᠡ ᠳ᠋ᠥᠩ ᠢᠶᠠᠷ ᠨᠢ ᠠᠯᠪᠠᠳᠠᠨ ᠤ ᠲᠤᠰᠢᠶᠠᠯ᠂ ᠲᠡᠰ᠂ ᠴᠠᠯᠢᠩ ᠳᠤ | ᠲᠤᠬᠢᠷᠠᠭᠤᠯᠤᠯᠳᠠ ᠬᠢᠬᠦ ᠵᠢᠴᠢ ᠠᠯᠪᠠᠳᠠᠨ ᠢ ᠱᠠᠩᠨᠠᠬᠤ᠂ ᠪᠤᠯᠪᠠᠰᠤᠷᠠᠭᠤᠯᠬᠤ᠂ ᠠᠵᠢᠯ ᠠᠴᠠ ᠨᠢ ᠵᠤᠭᠰᠤᠭᠠᠬᠤ ᠶᠢᠨ | ᠦᠨᠳᠦᠰᠦ ᠪᠠᠷᠢᠮᠳᠠ ᠪᠤᠯᠭᠠᠨ᠎ᠠ᠃ ᠵᠢᠷᠭᠤᠳᠤᠭᠠᠷ ᠪᠦᠯᠦᠭ ᠲᠤᠰᠢᠶᠠᠯ ᠲᠤᠮᠢᠯᠠᠬᠤ ᠪᠠᠭᠤᠯᠭᠠᠬᠤ ᠭᠤᠴᠢᠨ ᠨᠠᠢᠮᠠᠳᠤᠭᠠᠷ | ᠵᠦᠢᠯ ᠠᠯᠪᠠᠳᠠᠨ ᠤ ᠲᠤᠰᠢᠶᠠᠯ ᠳᠤ ᠰᠤᠩᠭᠤᠨ ᠲᠤᠮᠢᠯᠠᠬᠤ ᠲᠦᠷᠢᠮ ᠪᠤᠯᠤᠨ ᠲᠤᠮᠢᠯᠠᠯᠳᠠ ᠶᠢᠨ ᠲᠦᠷᠢᠮ ᠢ | ᠭᠡᠷᠡᠭᠵᠢᠬᠦᠯᠦᠨ᠎ᠡ᠃ ᠤᠳᠤᠷᠢᠥᠨᠬᠤ ᠪᠦᠷᠢᠯᠳᠦᠬᠦᠨ ᠤ ᠲᠤᠰᠢᠶᠠᠯ ᠳᠤ ᠤᠯᠤᠰ ᠤᠨ ᠲᠤᠭᠳᠠᠭᠠᠯ ᠶᠤᠰᠤᠭᠠᠷ | ᠬᠤᠭᠤᠴᠠᠭᠠᠳᠤ ᠲᠤᠮᠢᠯᠠᠬᠤ ᠲᠦᠷᠢᠮ ᠢ ᠭᠡᠷᠡᠭᠵᠢᠬᠦᠯᠦᠨ᠎ᠡ᠃ ᠭᠤᠴᠢ ᠶᠢᠰᠦᠳᠦᠭᠡᠷ ᠵᠦᠢᠯ ᠰᠤᠩᠭᠤᠨ ᠲᠤᠮᠢᠯᠠᠬᠤ | ᠲᠦᠷᠢᠮᠳᠤ ᠠᠯᠪᠠᠳᠠᠨ ᠰᠤᠩᠭᠤᠭᠤᠯᠢ ᠶᠢᠨ ᠦᠷ᠎ᠡ ᠳ᠋ᠥᠩ ᠬᠦᠴᠦᠨ ᠲᠠᠢ ᠪᠤᠯᠤᠮᠠᠭᠴᠠ ᠰᠤᠩᠭᠤᠭᠳᠠᠨ ᠭᠠᠷᠤᠭᠰᠠᠨ | ᠲᠤᠰᠢᠶᠠᠯ ᠢ ᠬᠠᠷᠢᠭᠤᠴᠠᠨ᠎ᠠ︔ ᠲᠤᠰᠢᠶᠠᠯ ᠤᠨ ᠬᠤᠭᠤᠴᠠᠭ᠎ᠠ ᠲᠠᠭᠤᠰᠤᠭᠠᠥᠨ ᠦᠷᠬᠦᠯᠵᠢᠯᠡᠨ ᠲᠤᠮᠢᠯᠠᠬᠤ ᠦᠭᠡᠢ᠂ | ᠡᠰᠡᠬᠦᠯ᠎ᠡ ᠲᠤᠰᠢᠶᠠᠯ ᠤᠨ ᠬᠤᠭᠤᠴᠠᠭᠠᠨ ᠳᠠᠭᠠᠨ ᠲᠤᠰᠢᠶᠠᠯ ᠠᠴᠠ ᠪᠠᠭᠤᠬᠤ᠂ ᠲᠤᠰᠢᠶᠠᠯ ᠠᠴᠠ ᠪᠠᠨ | ᠤᠭᠴᠠᠷᠠᠭᠤᠯᠤᠭᠳᠠᠬᠤ᠂ ᠲᠤᠰᠢᠶᠠᠯ ᠠᠴᠠ ᠬᠠᠰᠤᠭᠳᠠᠬᠤ ᠦᠶᠡᠰ ᠡᠭᠦᠷᠭᠡᠯᠡᠵᠦ ᠪᠠᠶᠢᠭ᠎ᠠ ᠲᠤᠰᠢᠶᠠᠯ ᠢ ᠨᠢ ᠲᠠᠷᠤᠢ ᠳᠤᠨᠢ | ᠡᠴᠦᠰᠯᠡᠬᠦᠯᠦᠨᠡ᠃ ᠲᠦᠴᠢᠳᠤᠭᠡᠷ ᠵᠦᠢᠯ ᠲᠤᠮᠢᠯᠠᠬᠤ ᠲᠦᠷᠢᠮᠳᠤ ᠠᠯᠪᠠᠳᠠᠨ ᠤ ᠲᠤᠷᠰᠢᠨ ᠭᠡᠷᠡᠭᠯᠡᠬᠦ ᠬᠤᠭᠤᠴᠠᠭ᠎ᠠ ᠨᠢ | ᠬᠦᠢᠴᠡᠭᠡᠥᠨ ᠬᠢᠨᠠᠨ ᠰᠢᠯᠭᠠᠬᠤ ᠳᠤ ᠬᠢᠷᠢ ᠲᠡᠩᠴᠡᠭᠰᠡᠨ᠂ ᠲᠤᠰᠢᠶᠠᠯ ᠨᠢ ᠬᠤᠪᠢᠷᠠᠯᠳᠠ ᠭᠠᠷᠬᠤ᠂ ᠲᠠᠬᠢᠨ ᠠᠯᠪᠠᠳᠠᠨ ᠤ | ᠲᠤᠰᠢᠶᠠᠯ ᠢ ᠬᠠᠷᠢᠭᠤᠴᠠᠬᠤ ᠦᠭᠡᠢ ᠪᠤᠯᠬᠤ ᠵᠢᠴᠢ ᠲᠤᠰᠢᠶᠠᠯ ᠳᠤ ᠲᠤᠮᠢᠯᠠᠬᠤ ᠪᠤᠶᠤ ᠪᠠᠭᠤᠯᠭᠠᠬᠤ ᠴᠢᠬᠤᠯᠨ ᠲᠠᠢ | ᠪᠤᠰᠤᠤᠨ ᠪᠠᠶᠢᠳᠠᠯ ᠳᠤ ᠲᠤᠬᠢᠶᠠᠯᠳᠤᠬᠤ ᠦᠶᠡᠰ ᠵᠠᠪᠠᠯ ᠬᠠᠮᠢᠶᠠᠷᠤᠯᠳᠠ ᠶᠢᠨ ᠡᠷᠭᠡ ᠮᠡᠳᠡᠯ ᠤᠨ ᠭᠡᠪᠴᠢᠶ᠎ᠡ ᠬᠢᠭᠡᠥᠨ | ᠲᠤᠭᠳᠠᠭᠰᠠᠨ ᠵᠢᠷᠤᠮ ᠶᠤᠰᠤᠭᠠᠷ ᠲᠡᠬᠦᠨ ᠢ ᠲᠤᠰᠢᠶᠠᠯ ᠳᠤ ᠲᠤᠮᠢᠯᠬᠠᠤ ᠪᠤᠶᠤ ᠲᠤᠰᠢᠶᠠᠯ ᠠᠴᠠ ᠪᠠᠭᠤᠯᠭᠠᠬᠤ ᠭᠡᠷᠡᠭᠳᠡᠢ | ᠃ ᠲᠦᠴᠢᠨ ᠨᠢᠭᠡᠳᠦᠭᠡᠷ ᠵᠦᠢᠯ ᠠᠯᠪᠠᠳᠠᠨ ᠢ ᠲᠤᠰᠢᠶᠠᠯ ᠳᠤ ᠲᠤᠮᠢᠯᠠᠬᠤ ᠳᠤ ᠡᠷᠭᠡᠪᠰᠢ ᠲᠤᠭᠳᠠᠭᠠᠭᠰᠠᠨ ᠤᠷᠤᠨ | ᠲᠤᠭᠠᠨ ᠤ ᠬᠢᠵᠠᠭᠠᠷᠯᠠᠯ ᠪᠠ ᠲᠤᠰᠢᠶᠠᠯ ᠤᠨ ᠲᠤᠭᠠᠨ ᠤ ᠲᠤᠳᠤᠷ᠎ᠠ ᠶᠠᠪᠤᠭᠳᠠᠭᠤᠯᠬᠤ ᠭᠡᠷᠡᠭᠳᠡᠢ ᠪᠦᠭᠡᠥᠨ ᠵᠤᠬᠢᠴᠠᠩᠭᠤᠢ | ᠲᠤᠰᠢᠶᠠᠯ ᠤᠨ ᠪᠠᠶᠢᠷᠢ ᠶᠢᠨ ᠬᠤᠭᠤᠰᠤᠨ ᠤᠷᠤ ᠪᠠᠶᠢᠬᠤ ᠭᠡᠷᠡᠭᠳᠡᠢ᠃ ᠲᠦᠴᠢᠨ ᠬᠤᠶᠠᠳᠤᠭᠠᠷ ᠵᠦᠢᠯ ᠠᠯᠪᠠᠳᠠᠨ | ᠠᠵᠢᠯ ᠤᠨ ᠭᠡᠷᠡᠭᠴᠡᠭᠡ ᠠᠴᠠ ᠪᠤᠯᠵᠤ ᠪᠠᠶᠢᠭᠤᠯᠭ᠎ᠠ ᠶᠢᠨ ᠭᠠᠳᠠᠨ᠎ᠠ ᠲᠤᠰᠢᠶᠠᠯ ᠬᠠᠪᠰᠤᠷᠭᠠᠨ ᠬᠠᠷᠢᠭᠤᠴᠠᠪᠠᠯ ᠡᠷᠭᠡᠪᠡᠰᠢ | ᠬᠠᠮᠢᠶ᠎ᠠ ᠪᠦᠬᠦᠢ ᠪᠠᠶᠢᠭᠤᠯᠭ᠎ᠠ ᠪᠠᠷ ᠵᠦᠪᠰᠢᠶᠡᠷᠡᠬᠦᠯᠬᠦ ᠭᠡᠷᠡᠭᠳᠡᠢ ᠪᠦᠭᠡᠥᠨ ᠲᠤᠰᠢᠶᠠᠯ ᠬᠠᠪᠰᠤᠷᠭᠠᠨ ᠬᠠᠷᠢᠭᠤᠴᠠᠭᠰᠠᠨ | ᠬᠦᠯᠦᠰᠦ ᠬᠠᠷᠠᠮᠵᠢ ᠠᠪᠴᠤ ᠪᠤᠯᠬᠤ ᠦᠭᠡᠢ᠃ ᠲᠤᠯᠤᠳᠤᠭᠠᠷ ᠪᠦᠯᠦᠭ ᠲᠤᠰᠢᠶᠠᠯ ᠲᠡᠪᠰᠢᠬᠦᠯᠬᠦ ᠪᠠ ᠪᠠᠭᠤᠷᠠᠭᠤᠯᠬᠤ | ᠲᠦᠴᠢᠨ ᠭᠤᠷᠪᠠᠳᠤᠭᠠᠷ ᠵᠦᠢᠯ ᠠᠯᠪᠠᠳᠠᠨ ᠲᠤᠰᠢᠶᠠᠯ ᠲᠡᠪᠰᠢᠬᠦ ᠳᠤ ᠵᠢᠱᠢᠨ ᠲᠤᠮᠢᠯᠠᠬᠤ ᠲᠤᠰᠢᠶᠠᠯ ᠤᠨ ᠱᠠᠭᠠᠷᠳᠠᠬᠤ | ᠦᠵᠡᠯ ᠰᠠᠨᠠᠭ᠎ᠠ ᠤᠯᠤᠰ ᠲᠦᠷᠦ ᠶᠢᠨ ᠭᠡᠪ ᠴᠢᠨᠠᠷ᠂ ᠠᠵᠢᠯ ᠤᠨ ᠴᠢᠳᠠᠪᠤᠷᠢ᠂ ᠰᠤᠶᠤᠯ ᠤᠨ ᠭᠢᠷᠢ ᠭᠡᠮᠵᠢᠶ᠎ᠡ ᠪᠠ | ᠲᠤᠰᠢᠶᠠᠯ ᠡᠭᠦᠷᠭᠡᠯᠡᠭᠰᠡᠨ ᠦᠡᠭᠭᠡᠷᠡᠯᠳᠡ ᠵᠡᠷᠭᠡ ᠲᠠᠯ᠎ᠠ ᠶᠢᠨ ᠨᠦᠬᠦᠴᠡᠯ ᠪᠠ ᠭᠢᠷᠢ ᠭᠡᠮ ᠢ ᠪᠦᠷᠢᠯᠳᠦᠬᠦᠯᠬᠦ ᠭᠡᠷᠡᠭᠳᠡᠢ᠃ | ᠠᠯᠪᠠᠳᠠᠨ ᠲᠤᠰᠢᠶᠠᠯ ᠲᠡᠪᠰᠢᠬᠦ ᠳᠤ ᠱᠠᠳᠤ ᠲᠠᠷᠠᠭᠠᠯᠠᠨ ᠲᠡᠪᠰᠢᠨ᠎ᠡ᠃ ᠤᠨᠴᠠᠭᠠᠢ ᠰᠢᠯᠢᠳᠡᠭ ᠪᠤᠶᠤ ᠠᠵᠢᠯ ᠤᠨ | ᠤᠨᠴᠠᠭᠠᠢ ᠭᠡᠷᠡᠭᠴᠡᠭᠡ ᠲᠠᠢ ᠪᠤᠯ ᠲᠤᠭᠳᠠᠭᠠᠯ ᠶᠤᠰᠤᠭᠠᠷ ᠲᠦᠷᠢᠮ ᠢ ᠲᠠᠪᠠᠭᠤᠯᠵᠤ ᠪᠤᠯᠬᠤ ᠪᠤᠶᠤ ᠨᠢᠭᠡ ᠲᠡᠰ | ᠠᠯᠤᠰᠯᠠᠨ ᠲᠤᠰᠢᠶᠠᠯ ᠳᠤ ᠲᠡᠪᠰᠢᠬᠦᠯᠵᠦ ᠪᠤᠯᠤᠨ᠎ᠠ᠃ ᠲᠦᠴᠢᠨ ᠲᠦᠷᠪᠡᠳᠦᠭᠡᠷ ᠵᠦᠢᠯ ᠠᠯᠪᠠᠳᠠᠨ ᠢ ᠤᠳᠤᠷᠢᠥᠨᠬᠤ | ᠲᠤᠰᠢᠶᠠᠯ ᠳᠤ ᠲᠡᠪᠰᠢᠬᠦᠯᠬᠦ ᠳᠤ ᠲᠤᠤᠷᠠᠬᠢ ᠵᠢᠷᠤᠮ ᠢᠶᠠᠷ ᠬᠢᠬᠦ ᠭᠡᠷᠡᠭᠳᠡᠢ᠄ ︵ᠨᠢᠭᠡ︶ ᠠᠷᠠᠥᠨᠴᠢᠯᠠᠯ ᠢᠶᠠᠷ | ᠲᠠᠨᠢᠯᠴᠠᠭᠤᠯᠵᠤ ᠬᠢᠨᠠᠨ ᠪᠠᠶᠢᠴᠠᠭᠠᠬᠤ ᠡᠳᠡᠭᠡᠥᠨ ᠢᠶᠠᠨ ᠲᠤᠭᠳᠠᠭᠠᠨ᠎ᠠ︔ ︵ᠬᠤᠶᠠᠷ︶ ᠬᠢᠨᠠᠨ ᠪᠠᠶᠢᠴᠠᠭᠠᠯᠳᠠ ᠶᠢ | ᠵᠤᠬᠢᠶᠠᠨ ᠪᠠᠶᠢᠭᠤᠯᠵᠤ᠂ ᠲᠤᠰᠢᠶᠠᠯ ᠳᠤ ᠲᠤᠮᠢᠯᠠᠬᠤ ᠰᠠᠨᠠᠯ ᠤᠨ ᠲᠦᠰᠦᠯ ᠢ ᠰᠤᠳᠤᠯᠤᠨ ᠲᠤᠷᠠᠥᠨᠴᠤ ᠭᠠᠷᠭᠠᠬᠤ ᠶᠢᠨ | ᠵᠡᠷᠭᠡᠪᠡᠷ ᠭᠡᠷᠡᠭᠴᠡᠭᠡ ᠪᠠᠨ ᠦᠨᠳᠦᠰᠦᠯᠡᠨ ᠵᠤᠬᠢᠬᠤ ᠬᠦᠷᠢᠶ᠎ᠡ ᠭᠡᠪᠴᠢᠶᠡᠨ ᠲᠤᠳᠤᠷ᠎ᠠ ᠪᠡᠯᠡᠥᠨᠭᠡᠨ ᠶᠠᠷᠢᠯᠴᠠᠭᠤᠯᠤᠨ᠎ᠠ︔ | ︵ᠭᠤᠷᠪᠠ︶ ᠬᠠᠮᠢᠶᠠᠷᠤᠯᠳᠠ ᠶᠢᠨ ᠡᠷᠭᠡ ᠮᠡᠳᠡᠯ ᠤᠨ ᠭᠡᠪᠴᠢᠶ᠋ᠨᠨ ᠲᠤᠳᠤᠷ᠎ᠠ ᠶᠠᠷᠢᠯᠴᠠᠨ ᠲᠤᠭᠳᠠᠭᠠᠨ᠎ᠠ︔ ︵ᠲᠦᠷᠪᠡ | ︶ ᠲᠤᠭᠳᠠᠭᠠᠯ ᠶᠤᠰᠤᠭᠠᠷ ᠲᠤᠰᠢᠶᠠᠯ ᠳᠤ ᠲᠤᠮᠢᠯᠠᠬᠤ ᠭᠠᠷ ᠬᠦᠢᠴᠡᠥᠨᠭᠡᠯ ᠬᠢᠨ᠎ᠡ᠃ ᠠᠯᠪᠠᠳᠠᠨ ᠤᠳᠤᠷᠢᠳᠤᠯᠭ᠎ᠠ ᠶᠢᠨ | ᠪᠤᠰᠤ ᠲᠤᠰᠢᠶᠠᠯ ᠳᠤ ᠲᠡᠪᠰᠢᠬᠦ ᠳᠤ ᠮᠦᠨ ᠲᠡᠭᠡᠷ᠎ᠡ ᠲᠤᠭᠳᠠᠭᠠᠭᠰᠠᠨ ᠵᠢᠷᠤᠮ ᠢᠶᠠᠷ ᠯᠠᠪᠯᠠᠯᠳᠠ ᠪᠤᠯᠭᠠᠬᠤ ᠭᠡᠷᠡᠭᠳᠡᠢ᠃ | ᠲᠦᠴᠢᠨ ᠲᠠᠪᠤᠳᠤᠭᠠᠷ ᠵᠦᠢᠯ ᠪᠠᠶᠢᠭᠤᠯᠭ᠎ᠠ ᠶᠢᠨ ᠲᠤᠳᠤᠭᠠᠳᠤ ᠳᠤ ᠲᠤᠬᠢᠷᠠᠭᠤᠯᠤᠭᠰᠠᠨ ᠪᠠᠶᠢᠭᠤᠯᠤᠮᠵᠢ ᠶᠢᠨ ᠲᠢᠩᠭᠢᠮ | ᠲᠤᠪᠴᠢᠶ᠎ᠠ ᠶᠢᠨ ᠵᠢᠩᠭᠢᠨᠢ ᠲᠤᠰᠢᠶᠠᠯ ᠠᠴᠠ ᠲᠤᠷᠤᠭᠰᠢᠬᠢ ᠤᠳᠤᠷᠢᠳᠤᠯᠭ᠎ᠠ ᠶᠢᠨ ᠲᠤᠰᠢᠶᠠᠯ ᠬᠤᠭᠤᠰᠤᠨ ᠤᠷᠤ | ᠭᠠᠷᠪᠠᠯ ᠲᠤᠰ ᠪᠠᠶᠢᠭᠤᠯᠭ᠎ᠠ ᠪᠤᠶᠤ ᠲᠤᠰ ᠰᠢᠰᠲ᠋ᠧᠮ ᠤᠨ ᠲᠤᠳᠤᠭᠠᠳᠤ ᠳᠠᠭᠠᠨ ᠠᠵᠢᠯ ᠤᠨ ᠪᠠᠶᠢᠷᠢ ᠳᠤ | ᠦᠷᠢᠰᠦᠯᠳᠦᠨ ᠭᠠᠷᠬᠤ ᠠᠷᠭ᠎ᠠ ᠪᠠᠷ ᠲᠤᠰᠢᠶᠠᠯ ᠳᠤ ᠲᠤᠮᠢᠯᠠᠬᠤ ᠰᠤᠩᠭᠤᠭᠳᠠᠬᠤ ᠬᠦᠮᠦᠨ ᠢ ᠲᠤᠭᠳᠠᠭᠠᠵᠤ ᠪᠤᠯᠤᠨ᠎ᠠ᠃ | ᠲᠢᠩᠭᠢᠮ ᠲᠤᠪᠴᠢᠶ᠎ᠠ ᠶᠢᠨ ᠵᠢᠩᠭᠢᠨᠢ ᠲᠤᠰᠢᠶᠠᠯ ᠠᠴᠠ ᠲᠤᠷᠤᠭᠰᠢᠬᠢ ᠤᠳᠤᠷᠢᠳᠤᠯᠭ᠎ᠠ ᠶᠢᠨ ᠲᠤᠰᠢᠶᠠᠯ ᠪᠤᠶᠤ | ᠡᠰᠡᠬᠦᠯ᠎ᠡ ᠲᠡᠳ᠋ ᠪᠠᠶᠢᠴᠠᠭᠠᠨ ᠰᠤᠳᠤᠯᠤᠭᠴᠢ ᠠᠴᠠ ᠲᠡᠭᠡᠭᠰᠢᠬᠢ ᠵᠢᠴᠢ ᠪᠤᠰᠤᠤᠨ ᠠᠳᠠᠯᠢᠪᠳᠤᠷ ᠲᠤᠰᠢᠶᠠᠯ ᠤᠨ ᠲᠡᠰ | ᠲᠠᠪᠬᠤᠷᠭ᠎ᠠ ᠶᠢᠨ ᠤᠳᠤᠷᠢᠳᠤᠯᠭ᠎ᠠ ᠶᠢᠨ ᠪᠤᠰᠤ ᠲᠤᠰᠢᠶᠠᠯ ᠳᠤ ᠬᠤᠭᠤᠰᠤᠨ ᠤᠷᠤ ᠭᠠᠷᠪᠠᠯ ᠨᠡᠶᠢᠭᠡᠮ ᠳᠤ | ᠬᠠᠨᠳᠤᠭᠤᠯᠵᠤ ᠢᠯᠨ ᠪᠠᠷ ᠰᠢᠯᠢᠨ ᠰᠤᠩᠭᠤᠵᠤ ᠲᠤᠰᠢᠶᠠᠯ ᠲᠤ ᠲᠤᠮᠢᠯᠠᠬᠤ ᠰᠤᠩᠭᠤᠭᠳᠠᠬᠤ ᠬᠦᠮᠦᠨ ᠢ ᠲᠤᠭᠳᠠᠭᠠᠵᠤ | ᠪᠤᠯᠤᠨ᠎ᠠ᠃ ᠠᠩᠬ᠎ᠠ ᠲᠤᠮᠢᠯᠠᠬᠤ ᠰᠢᠬᠦᠭᠴᠢ ᠪᠤᠯᠤᠨ ᠠᠩᠬ᠎ᠠ ᠲᠤᠮᠢᠯᠠᠬᠤ ᠪᠠᠶᠢᠴᠠᠭᠠᠭᠴᠢ ᠶᠢᠨ ᠲᠤᠰᠢᠶᠠᠯ ᠳᠤ | ᠲᠤᠮᠢᠯᠠᠬᠤ ᠰᠤᠩᠭᠤᠭᠳᠠᠬᠤ ᠬᠦᠮᠦᠨ ᠢ ᠲᠤᠭᠳᠠᠭᠠᠬᠤ ᠳᠤ ᠨᠡᠶᠢᠭᠡᠮ ᠳᠤ ᠬᠠᠨᠳᠤᠭᠤᠯᠵᠤ᠂ ᠤᠯᠤᠰ ᠤᠨ ᠨᠢᠭᠡᠳᠦᠯᠳᠡᠢ | ᠬᠠᠥᠯᠢ ᠴᠠᠭᠠᠵᠠ ᠶᠢᠨ ᠰᠢᠯᠭᠠᠯᠳᠠ ᠪᠠᠷ ᠲᠠᠮᠵᠢᠨ ᠭᠢᠷᠢ ᠭᠡᠮ ᠤᠯᠤᠭᠰᠠᠨ ᠬᠦᠮᠦᠨ ᠤ ᠲᠤᠳᠤᠷ᠎ᠠ ᠠᠴᠠ ᠢᠯᠨ ᠪᠠᠷ | ᠰᠢᠯᠢᠨ ᠲᠡᠪᠰᠢᠬᠦᠯᠵᠦ ᠪᠤᠯᠤᠨ᠎ᠠ᠃ ᠲᠦᠴᠢᠨ ᠵᠢᠷᠭᠤᠳᠤᠭᠠᠷ ᠵᠦᠢᠯ ᠠᠯᠪᠠᠳᠠᠨ ᠢ ᠤᠳᠤᠷᠢᠳᠤᠯᠭ᠎ᠠ ᠶᠢᠨ ᠲᠤᠰᠢᠶᠠᠯ ᠳᠤ | ᠲᠡᠪᠰᠢᠬᠦᠯᠬᠦ ᠳᠤ ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠤᠰᠢᠶᠠᠯ ᠳᠤ ᠲᠤᠮᠢᠯᠠᠬᠤ ᠠᠴᠠ ᠡᠮᠦᠨ᠎ᠡ ᠵᠠᠷᠯᠠᠨ | ᠨᠡᠶᠢᠳᠡᠯᠡᠬᠦ ᠲᠦᠷᠢᠮ ᠪᠠ ᠲᠤᠰᠢᠶᠠᠯ ᠳᠤ ᠲᠤᠮᠢᠯᠠᠬᠤ ᠳᠤ ᠲᠤᠷᠰᠢᠨ ᠭᠡᠷᠡᠭᠯᠡᠬᠦ ᠬᠤᠭᠤᠴᠠᠭᠠᠳᠤ ᠲᠦᠷᠢᠮ ᠢ | ᠭᠡᠷᠡᠭᠵᠢᠬᠦᠯᠦᠨ᠎ᠡ᠃ ᠲᠦᠴᠢᠨ ᠲᠤᠯᠤᠳᠤᠭᠠᠷ ᠵᠦᠢᠯ ᠠᠯᠪᠠᠳᠠᠨ ᠨᠢ ᠲᠤᠭᠳᠠᠭᠰᠠᠨ ᠬᠤᠭᠤᠴᠠᠭᠠᠨ ᠤ ᠬᠢᠨᠠᠨ | ᠰᠢᠯᠭᠠᠯᠳᠠ ᠳᠤ ᠲᠤᠰᠢᠶᠠᠯ ᠳᠠᠭᠠᠨ ᠦᠯᠦ ᠲᠤᠬᠢᠷᠠᠨ᠎ᠠ ᠭᠡᠵᠦ ᠲᠤᠭᠳᠠᠭᠠᠭᠳᠠᠭᠰᠠᠨ ᠪᠠᠶᠢᠪᠠᠯ ᠲᠤᠭᠳᠠᠭᠰᠠᠨ ᠵᠢᠷᠤᠮ | ᠶᠤᠰᠤᠭᠠᠷ ᠨᠢᠭᠡ ᠲᠤᠰᠢᠶᠠᠯ ᠤᠨ ᠲᠡᠰ ᠲᠠᠪᠬᠤᠷᠭ᠎ᠠ ᠪᠠᠭᠤᠷᠠᠭᠤᠯᠤᠨ ᠲᠤᠰᠢᠶᠠᠯ ᠬᠠᠷᠢᠭᠤᠴᠠᠭᠤᠯᠤᠨ᠎ᠠ᠃ ᠨᠠᠢᠮᠠᠳᠤᠭᠠᠷ | ᠪᠦᠯᠦᠭ ᠱᠠᠩᠨᠠᠬᠤ ᠲᠦᠴᠢᠨ ᠨᠠᠢᠮᠠᠳᠤᠭᠠᠷ ᠵᠦᠢᠯ ᠠᠵᠢᠯ ᠳᠠᠭᠠᠨ ᠲᠤᠪᠤᠶᠢᠮ᠎ᠠ ᠢᠯᠡᠷᠡᠯ ᠲᠠᠢ᠂ ᠢᠯᠡᠥᠨᠳᠡ ᠠᠮᠵᠢᠯᠳᠠ | ᠪᠦᠳᠦᠮᠵᠢ ᠪᠠ ᠬᠤᠪᠢ ᠨᠡᠮᠡᠷᠢ ᠭᠠᠷᠭᠠᠭᠰᠠᠨ ᠪᠤᠶᠤ ᠡᠰᠡᠬᠦᠯ᠎ᠡ ᠪᠤᠰᠤᠤᠨ ᠲᠤᠪᠤᠶᠢᠮ᠎ᠠ ᠦᠢᠯᠨ ᠠᠵᠢᠯᠯᠠᠭ᠎ᠠ ᠲᠠᠢ | ᠠᠯᠪᠠᠳᠠᠨ ᠪᠤᠶᠤ ᠠᠯᠪᠠᠳᠠᠨ ᠤ ᠬᠠᠮᠳᠤ ᠨᠡᠶᠢᠳᠡ ᠶᠢ ᠱᠠᠩᠨᠠᠨ᠎ᠠ᠃ ᠱᠠᠩᠨᠠᠬᠤ ᠳᠠᠭᠠᠨ ᠤᠶᠤᠨ ᠤ ᠱᠠᠩᠨᠠᠯ ᠪᠠ | ᠪᠤᠳᠠᠰ ᠤᠨ ᠱᠠᠩᠨᠠᠯ ᠢ ᠬᠠᠷᠢᠯᠴᠠᠨ ᠤᠶᠠᠯᠳᠤᠭᠤᠯᠵᠤ ᠤᠶᠤᠨ ᠤ ᠱᠠᠩᠨᠠᠯ ᠢᠶᠠᠷ ᠭᠤᠤᠯ ᠪᠤᠯᠭᠠᠬᠤ ᠵᠠᠷᠴᠢᠮ ᠢ | ᠪᠠᠷᠢᠮᠳᠠᠯᠠᠨ᠎ᠠ᠃ ᠠᠯᠪᠠᠳᠠᠨ ᠤ ᠬᠠᠮᠳᠤ ᠨᠡᠶᠢᠳᠡ ᠶᠢ ᠱᠠᠩᠨᠠᠬᠤ ᠨᠢ ᠤᠷᠤᠨ ᠲᠤᠭ᠎ᠠ ᠶᠢᠨ ᠲᠠᠷᠠᠭᠠᠯᠠᠯ ᠢᠶᠠᠷ | ᠪᠠᠶᠢᠷᠢᠯᠠᠭᠤᠯᠤᠭᠰᠠᠨ ᠪᠠᠶᠢᠭᠤᠯᠤᠮᠵᠢ ᠡᠰᠡᠬᠦᠯ᠎ᠡ ᠲᠤᠰᠬᠠᠢ ᠡᠭᠦᠷᠭᠡ ᠶᠢ ᠪᠡᠶᠡᠯᠡᠬᠦᠯᠬᠦ ᠪᠠᠷ ᠪᠦᠷᠢᠯᠳᠦᠭᠰᠡᠨ ᠠᠵᠢᠯ ᠤᠨ | ᠬᠠᠮᠳᠤ ᠨᠡᠶᠢᠳᠡ ᠳᠤ ᠲᠤᠬᠢᠷᠠᠨ᠎ᠠ᠃ ᠲᠦᠴᠢ ᠶᠢᠰᠦᠳᠦᠭᠡᠷ ᠵᠦᠢᠯ ᠠᠯᠪᠠᠳᠠᠨ ᠪᠤᠶᠤ ᠠᠯᠪᠠᠳᠠᠨ ᠤ ᠬᠠᠮᠳᠤ ᠨᠡᠶᠢᠳᠡ ᠳᠤ | ᠲᠤᠤᠷ᠎ᠠ ᠲᠤᠷᠠᠳᠤᠭᠰᠠᠨ ᠢᠯᠡᠷᠡᠯ ᠤᠨ ᠨᠢᠭᠡ ᠨᠢ ᠪᠠᠶᠢᠪᠠᠯ ᠱᠠᠩᠨᠠᠬᠤ ᠭᠡᠷᠡᠭᠳᠡᠢ᠄ ︵ᠨᠢᠭᠡ︶ ᠡᠭᠦᠷᠭᠡ ᠲᠤᠰᠢᠶᠠᠯ ᠳᠠᠭᠠᠨ | ᠰᠢᠳᠤᠷᠭᠤ ᠪᠠᠶᠢᠵᠤ᠂ ᠢᠳᠡᠪᠬᠢᠳᠡᠢ ᠠᠵᠢᠯᠯᠠᠨ᠂ ᠢᠯᠡᠥᠨᠳᠡ ᠠᠮᠵᠢᠯᠳᠠ ᠪᠦᠳᠦᠭᠡᠯ ᠭᠠᠷᠭᠠᠭᠰᠠᠨ︔ ︵ᠬᠤᠶᠠᠷ︶ | ᠰᠠᠬᠢᠯᠭ᠎ᠠ ᠪᠠᠳᠤ ᠶᠢ ᠰᠠᠬᠢᠵᠤ᠂ ᠠᠷᠢᠭᠤᠨ ᠴᠢᠬᠡᠴᠢ ᠪᠠᠷ ᠤᠯᠨᠨ ᠤ ᠲᠦᠯᠦᠭᠡ ᠵᠢᠥᠨᠬᠦᠵᠦ᠂ ᠦᠨᠡᠨ ᠴᠢᠬᠡᠴᠢ ᠤᠪᠤᠷ | ᠰᠤᠷᠳᠠᠯ ᠲᠠᠢ ᠪᠠᠶᠢᠵᠤ᠂ ᠲᠦᠪ ᠭᠤᠤᠯᠴᠢ ᠪᠠᠷ ᠠᠵᠢᠯᠯᠠᠨ᠂ ᠵᠢᠱᠢᠶᠡᠴᠢ ᠦᠢᠯᠡᠳᠦᠯ ᠨᠢ ᠲᠤᠪᠤᠶᠢᠮ᠎ᠠ ᠪᠠᠶᠢᠬᠤ︔ ︵ | ᠭᠤᠷᠪᠠ︶ ᠠᠵᠢᠯ ᠲᠡᠭᠡᠷ᠎ᠡ ᠪᠠᠨ ᠡᠭᠦᠳᠦᠯᠳᠡ ᠪᠦᠳᠦᠭᠡᠯᠳᠡ ᠲᠠᠢ ᠪᠤᠶᠤ ᠵᠦᠢ ᠵᠤᠬᠢᠰᠳᠠᠢ ᠰᠠᠨᠠᠭᠤᠯᠭ᠎ᠠ ᠲᠤᠷᠠᠥᠨᠴᠤ | ᠢᠯᠡᠥᠨᠳᠡ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠯᠭᠤᠭᠰᠠᠨ︔ ︵ᠲᠦᠷᠪᠡ︶ | ᠦᠨᠳᠦᠰᠦᠳᠡᠨ ᠤ ᠪᠦᠯᠬᠦᠮᠳᠡᠯ ᠢ ᠴᠢᠩᠭᠠᠥᠨᠬᠠᠨ᠂ ᠨᠡᠶᠢᠭᠡᠮ ᠤᠨ ᠲᠤᠭᠳᠠᠭᠤᠨ ᠢ ᠬᠠᠮᠠᠭᠠᠯᠠᠬᠤ ᠶᠢᠨ ᠲᠦᠯᠦᠭᠡ | ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ︔ ︵ᠲᠠᠪᠤ︶ ᠨᠡᠶᠢᠳᠡ ᠶᠢᠨ ᠡᠳ᠋ ᠬᠦᠷᠦᠩᠭᠡ ᠶᠢ ᠬᠠᠶᠢᠷᠠᠯᠠᠨ᠂ | ᠤᠯᠤᠰ ᠤᠨ ᠡᠳ᠋ ᠮᠦᠡᠭᠭᠦ ᠶᠢ ᠠᠷᠪᠢᠯᠠᠨ ᠭᠠᠮᠨᠠᠭᠠᠥᠨ ᠲᠤᠪᠤᠶᠢᠮ᠎ᠠ ᠠᠮᠵᠢᠯᠳᠠ ᠪᠦᠳᠦᠭᠡᠯ ᠭᠠᠷᠭᠠᠭᠰᠠᠨ︔ ︵ | ᠵᠢᠷᠭᠤᠭ᠎ᠠ︶ ᠠᠳᠡᠯ ᠢ ᠰᠡᠷᠭᠡᠶᠢᠯᠡᠭᠰᠡᠨ ᠪᠤᠶᠤ ᠠᠳᠡᠯ ᠠᠴᠠ ᠠᠪᠤᠷᠠᠭᠰᠠᠨ ᠭᠠᠪᠢᠶ᠎ᠠ ᠪᠠᠶᠢᠭᠤᠯᠤᠭᠠᠥᠨ ᠤᠯᠤᠰ ᠪᠤᠯᠤᠨ | ᠠᠷᠠᠥᠨ ᠲᠦᠮᠡᠨ ᠤ ᠠᠰᠢᠭ ᠲᠤᠰᠠ ᠶᠢ ᠬᠤᠬᠢᠷᠠᠯ ᠠᠴᠠ ᠵᠠᠶᠢᠯᠠᠭᠤᠯᠤᠭᠰᠠᠨ ᠪᠤᠶᠤ ᠬᠤᠬᠢᠷᠠᠯ ᠢ ᠨᠢ ᠪᠠᠭᠠᠰᠬᠠᠭᠰᠠᠨ︔ | ︵ᠲᠤᠯᠤᠭ᠎ᠠ︶ ᠠᠶᠤᠯ ᠠᠴᠠ ᠠᠪᠤᠷᠠᠨ᠂ ᠭᠠᠮᠰᠢᠭ ᠠᠴᠠ ᠠᠪᠤᠷᠠᠬᠤ ᠵᠡᠷᠭᠡ ᠤᠨᠴᠠᠭᠠᠢ ᠪᠠᠶᠢᠳᠠᠯ ᠲᠤᠤᠷ᠎ᠠ ᠠᠮᠢ | ᠪᠡᠶ᠎ᠡ ᠪᠠᠨ ᠬᠠᠶᠢᠬᠤᠷᠤᠯ ᠦᠭᠡᠢ ᠲᠡᠮᠡᠴᠡᠵᠦ ᠬᠤᠪᠢ ᠨᠡᠮᠡᠷᠢ ᠦᠵᠡᠬᠦᠯᠦᠭᠰᠡᠨ︔ ︵ᠨᠠᠢᠮᠨ︶ ᠬᠠᠥᠯᠢ ᠰᠠᠬᠢᠯᠭ᠎ᠠ ᠶᠢ | ᠵᠦᠷᠢᠴᠡᠭᠰᠡᠨ ᠠᠵᠢᠯᠯᠠᠭ᠎ᠠ ᠲᠠᠢ ᠲᠡᠮᠡᠴᠡᠯ ᠶᠠᠪᠤᠭᠤᠯᠵᠤ ᠭᠠᠪᠢᠶ᠎ᠠ ᠵᠢᠥᠨᠭᠦᠯ ᠭᠠᠷᠭᠠᠭᠰᠠᠨ︔ ︵ᠶᠢᠰᠦ︶ | ᠭᠠᠳᠠᠭᠠᠳᠤ ᠶᠢᠨ ᠬᠢᠨ ᠲᠠᠢ ᠬᠠᠷᠢᠯᠴᠠᠬᠤ ᠲᠤᠮᠳᠠ ᠤᠯᠤᠰ ᠤᠷᠤᠨ ᠳᠠᠭᠠᠨ ᠢᠷᠠᠭᠤ ᠠᠯᠳᠠᠷ ᠠᠰᠢᠭ ᠲᠤᠰᠠ | ᠤᠯᠭᠤᠵᠤ ᠦᠭᠬᠦᠭᠰᠡᠨ︔ ︵ᠠᠷᠪᠠ︶ ᠤᠨᠳᠤᠤ ᠲᠤᠪᠤᠶᠢᠮ᠎ᠠ ᠭᠠᠪᠢᠶ᠎ᠠ ᠵᠢᠥᠨᠭᠦᠯ ᠭᠠᠷᠭᠠᠭᠰᠠᠨ᠃ ᠲᠠᠪᠢᠳᠤᠭᠠᠷ ᠵᠦᠢᠯ | ᠱᠠᠩᠨᠠᠯ ᠢ ᠰᠠᠶᠢᠰᠢᠶᠠᠬᠤ᠂ ᠭᠤᠷᠪᠠᠳᠤᠭᠠᠷ ᠲᠡᠰ ᠤᠨ ᠭᠠᠪᠢᠶ᠎ᠠ ᠲᠡᠮᠳᠡᠭᠯᠡᠬᠦ᠂ ᠬᠤᠶᠠᠳᠤᠭᠠᠷ ᠲᠡᠰ ᠤᠨ ᠭᠠᠪᠢᠶ᠎ᠠ | ᠲᠡᠮᠳᠡᠭᠯᠡᠬᠦ᠂ ᠨᠢᠭᠡᠳᠦᠭᠡᠷ ᠲᠡᠰ ᠤᠨ ᠭᠠᠪᠢᠶ᠎ᠠ ᠲᠡᠮᠳᠡᠭᠯᠡᠬᠦ᠂ ᠢᠷᠠᠭᠤ ᠠᠯᠳᠠᠷ ᠤᠨ ᠴᠤᠯᠨ ᠤᠯᠭᠤᠬᠤ ᠭᠡᠵᠦ | ᠬᠤᠪᠢᠶᠠᠨ᠎ᠠ᠃ ᠱᠠᠩᠨᠠᠯ ᠬᠦᠷᠳᠡᠭᠰᠡᠨ ᠠᠯᠪᠠᠳᠠᠨ ᠪᠠ ᠠᠯᠪᠠᠳᠠᠨ ᠤ ᠬᠠᠮᠳᠤ ᠨᠡᠶᠢᠳᠡ ᠶᠢ ᠬᠦᠬᠢᠬᠦᠯᠦᠨ | ᠰᠠᠶᠢᠰᠢᠶᠠᠬᠤ ᠶᠢᠨ ᠬᠠᠮᠳᠤ ᠨᠢᠭᠡ ᠤᠳᠠᠭᠠᠨ ᠤ ᠴᠢᠨᠠᠷ ᠲᠠᠢ ᠱᠠᠩᠨᠠᠯ ᠤᠨ ᠮᠦᠡᠭᠭᠦ ᠦᠭᠬᠦ ᠪᠤᠶᠤ ᠪᠤᠰᠤᠤᠨ ᠤᠯᠭᠤᠮᠵᠢ | ᠬᠦᠷᠳᠡᠭᠡᠨ᠎ᠡ᠃ ᠲᠠᠪᠢᠨ ᠨᠢᠭᠡᠳᠦᠭᠡᠷ ᠵᠦᠢᠯ ᠠᠯᠪᠠᠳᠠᠨ ᠪᠤᠶᠤ ᠠᠯᠪᠠᠳᠠᠨ ᠤ ᠬᠠᠮᠳᠤ ᠨᠡᠶᠢᠳᠡ ᠶᠢ ᠱᠠᠩᠨᠠᠬᠤ ᠳᠤ | ᠲᠤᠭᠳᠠᠭᠰᠠᠨ ᠡᠷᠭᠡ ᠮᠡᠳᠡᠯ ᠤᠨ ᠭᠡᠪᠴᠢᠶ᠎ᠡ ᠪᠠ ᠵᠢᠷᠤᠮ ᠶᠤᠰᠤᠭᠠᠷ ᠲᠤᠭᠳᠠᠭᠠᠯ ᠭᠠᠷᠭᠠᠬᠤ ᠪᠤᠶᠤ ᠬᠢᠨᠠᠨ | ᠵᠦᠪᠰᠢᠶᠡᠷᠡᠬᠦᠯᠦᠨ᠎ᠡ᠃ ᠲᠠᠪᠢᠨ ᠬᠤᠶᠠᠳᠤᠭᠠᠷ ᠵᠦᠢᠯ ᠠᠯᠪᠠᠳᠠᠨ ᠪᠤᠶᠤ ᠠᠯᠪᠠᠳᠠᠨ ᠤ ᠬᠠᠮᠳᠤ ᠨᠡᠶᠢᠳᠡ ᠲᠤᠤᠷᠠᠬᠢ | ᠪᠠᠶᠢᠳᠠᠯ ᠤᠨ ᠨᠢᠭᠡ ᠨᠢ ᠪᠠᠶᠢᠪᠠᠯ ᠱᠠᠩᠨᠠᠯ ᠢ ᠨᠢ ᠬᠦᠴᠦᠨ ᠦᠭᠡᠢ ᠪᠤᠯᠭᠠᠨ᠎ᠠ᠄ ︵ᠨᠢᠭᠡ︶ ᠤᠷᠤ ᠦᠭᠡᠢ ᠭᠠᠵᠠᠷ | ᠤᠪᠤᠭ᠎ᠠ ᠪᠤᠰᠬᠠᠵᠤ᠂ ᠱᠠᠩᠨᠠᠯ ᠬᠦᠬᠢᠬᠦᠯᠦᠯ ᠢ ᠮᠡᠭᠡᠯᠡᠨ ᠠᠪᠤᠭᠰᠠᠨ︔ ︵ᠬᠤᠶᠠᠷ︶ ᠱᠠᠩᠨᠠᠯ ᠬᠦᠬᠢᠬᠦᠯᠦᠯ ᠢ | ᠭᠤᠶᠤᠴᠢᠯᠠᠨ ᠮᠡᠳᠡᠬᠦᠯᠬᠦ ᠳᠡᠭᠡᠨ ᠬᠦᠨᠳᠦ ᠨᠤᠴᠢᠳᠠᠢ ᠠᠯᠳᠠᠭ᠎ᠠ ᠪᠤᠷᠤᠭᠤ ᠪᠠᠨ ᠨᠢᠭᠤᠨ ᠲᠠᠯᠳᠠᠯᠠᠭᠰᠠᠨ ᠪᠤᠶᠤ | ᠲᠤᠭᠳᠠᠭᠰᠠᠨ ᠵᠢᠷᠤᠮ ᠢ ᠬᠦᠨᠳᠦ ᠨᠤᠴᠢᠳᠠᠢ ᠵᠦᠷᠢᠴᠡᠭᠰᠡᠨ︔ ︵ᠭᠤᠷᠪᠠ︶ ᠬᠠᠥᠯᠢ ᠲᠦᠷᠢᠮ ᠬᠠᠥᠯᠢ | ᠲᠤᠭᠳᠠᠭᠠᠯ ᠳᠤ ᠲᠤᠭᠳᠠᠭᠠᠭᠰᠠᠨ ᠵᠠᠪᠠᠯ ᠱᠠᠩᠨᠠᠯ ᠢ ᠨᠢ ᠬᠦᠴᠦᠨ ᠦᠭᠡᠢ ᠪᠤᠯᠭᠠᠬᠤ ᠪᠤᠰᠤᠤᠨ ᠪᠠᠶᠢᠳᠠᠯ ᠲᠠᠢ ᠪᠠᠶᠢᠬᠤ᠃ | | ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | | |