ᠯᠢᠨᠰᠢ ᠰᠢᠶᠠᠨ ᠤ ᠰᠢᠨ ᠴᠧᠩ ᠽᠢ ᠪᠠᠯᠭᠠᠰᠤᠨ ᠤ ᠵᠢᠮᠢᠰ ᠢᠳᠡᠰᠢᠨ ᠨᠣᠭᠤᠭ᠎ᠠ ᠶᠢᠨ  ᠬᠠᠳᠠᠭᠠᠯᠠᠮᠵᠢ  ᠶᠢᠨ ᠠᠭᠠᠷ  ᠲᠣᠬᠢᠷᠠᠭᠤᠯᠬᠤ  ᠬᠦᠮᠦᠷᠭᠡ ᠶᠢᠨ ᠲᠥᠷᠥᠯ  ᠢ ᠯᠠᠪᠳᠠᠭᠤᠨ ᠪᠠᠲᠤᠲᠠᠶ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2020-08-13
ᠲᠤᠰ ᠲᠥᠷᠥᠯ ᠵᠦᠢᠯ 108 ᠮᠦ ᠭᠠᠵᠠᠷ ᠡᠵᠡᠯᠡᠵᠦ᠂ 5500 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ  ᠲᠦᠯᠦᠪᠡᠯᠡᠵᠦ  ᠂ ᠭᠤᠤᠯᠳᠠᠭᠤ 3 ᠲᠦᠮᠡᠨ ᠵᠢᠮᠢᠰ ᠢᠳᠡᠰᠢᠨ ᠨᠣᠭᠤᠭ᠎ᠠ  ᠬᠠᠳᠠᠭᠠᠯᠠᠬᠤ ᠠᠭᠠᠷ  ᠢ ᠲᠤᠬᠢᠷᠠᠭᠤᠯᠵᠦ  ᠵᠢᠮᠢᠰ ᠨᠤᠭᠤᠭ᠎ᠠ  ᠶᠢ ᠰᠢᠨ᠎ᠡ ᠰᠣᠷᠭᠤᠭ  ᠢᠶᠠᠷ ᠬᠠᠳᠠᠭᠠᠯᠠᠬᠤ ᠬᠥᠮᠥᠷᠭᠡ ᠨᠢᠭᠡ ᠶᠢ ᠪᠠᠶᠢᠭᠤᠯᠵᠤ᠂ 1750 ᠲᠡᠭᠰᠢ ᠳᠥᠷᠪᠡᠯᠵᠢᠨ ᠮᠧᠲᠷ ᠢ ᠠᠯᠪᠠᠯᠠᠬᠤ᠂ ᠡᠯᠧᠺᠲᠷᠣᠨ  ᠬᠤᠳᠠᠯᠳᠤᠭᠠᠨ ᠤ ᠡᠵᠡᠩᠨᠡᠨ ᠪᠣᠷᠣᠯᠠᠭᠤᠯᠬᠤ᠂ ᠲᠠᠷᠢᠶᠠᠯᠠᠩ ᠤᠨ   ᠡᠮᠵᠡᠭ  ᠢ ᠪᠠᠶᠢᠴᠠᠭᠠᠨ ᠬᠡᠮᠵᠢᠬᠦ ᠵᠢᠴᠢ ᠶᠠᠰᠤ ᠴᠢᠨᠠᠷ  ᠢ ᠪᠠᠶᠢᠴᠠᠭᠠᠬᠤ ᠶᠡᠷᠦᠩᠬᠡᠶᠢᠯᠡᠭᠰᠡᠨ  ᠦᠢᠯᠡᠴᠢᠯᠡᠭᠡᠨ  ᠤ ᠠᠰᠠᠷ  ᠲᠤ ᠬᠡᠷᠡᠭᠯᠡᠨ᠎ᠡ᠃ ᠣᠳᠣ ᠪᠣᠯᠲᠠᠯ᠎ᠠ᠂ ᠲᠥᠷᠥᠯ ᠵᠦᠢᠯ ᠨᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠨᠢᠭᠡᠨᠲᠡ ᠪᠡᠶᠡᠯᠡᠭᠦᠯᠵᠦ᠂ ᠠᠭᠠᠷ ᠲᠣᠬᠢᠷᠠᠭᠤᠯᠬᠤ ᠬᠥᠮᠥᠷᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠶᠠᠭ ᠬᠢᠵᠦ ᠪᠠᠢᠨ᠎ᠠ᠂ ᠵᠢᠱᠢᠯᠲᠡ ᠪᠠᠷ 9 ᠰᠠᠷ᠎ᠠ ᠶᠢᠨ ᠳᠤᠮᠳᠠᠴᠢ ᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠤᠨ᠎ᠠ᠃ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠮᠢᠰ ᠨᠣᠭᠤᠭ᠎ᠠ ᠶᠢᠨ ᠬᠠᠳᠠᠭᠠᠯᠠᠬᠤ ᠴᠢᠳᠠᠪᠤᠷᠢ 6000 ᠲᠣᠨ  ᠬᠦᠷᠴᠦ᠂ ᠪᠦᠬᠦ ᠰᠢᠶᠠᠨ ᠤ 2000 ᠭᠠᠷᠤᠶ ᠡᠷᠦᠬᠡ ᠶᠢᠨ 3 ᠲᠦᠮᠡ ᠭᠠᠷᠤᠶ ᠬᠥᠮᠦᠨ ᠢ ᠨᠥᠯᠥᠭᠡᠯᠡᠨ ᠳᠠᠶᠢᠴᠢᠯᠠᠵᠤ᠂ ᠤᠯᠠᠷᠢᠯ ᠤᠨ ᠪᠣᠷᠣᠯᠠᠭᠤᠯᠭ᠎ᠠ ᠪᠠᠷ ᠳᠠᠮᠵᠢᠨ ᠵᠢᠱᠢᠯᠲᠡ ᠪᠠᠷ ᠣᠷᠣᠯᠭ᠎ᠠ ᠶᠢ 1 ᠲᠠᠬᠢᠨ ᠠᠴᠠ ᠳᠡᠭᠡᠭᠰᠢ ᠨᠡᠮᠡᠭᠳᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号